ᠮᠠᠨ ᠤ ᠬᠤᠲᠠ ᠰᠦᠯᠵᠢᠶᠡᠨ ᠳᠡᠭᠡᠷ᠎ᠡ ᠲᠥᠯᠥᠪᠦᠷᠢ ᠦᠭᠡᠢ ᠪᠠᠷ ᠨᠣᠬᠠᠢ ᠲᠡᠵᠢᠭᠡᠬᠦ ᠦᠨᠡᠮᠯᠡᠬᠦ ᠵᠥᠪᠰᠢᠶᠡᠷᠡᠭᠦᠯᠵᠦ ᠪᠣᠯᠬᠤ ᠪᠣᠯᠪᠠ
ᠨᠡᠶᠢᠲᠡᠯᠡᠭᠰᠡᠨ ᠴᠠᠭ᠄
2018-07-11
      ᠥᠴᠥᠭᠡᠳᠦᠷ  ᠂ ᠰᠤᠷᠪᠤᠯᠵᠢᠯᠠᠭᠴᠢ ᠬᠤᠲᠠ  ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠠᠮᠤᠷ  ᠢ ᠬᠠᠮᠠᠭᠠᠯᠠᠬᠤ ᠰᠠᠯᠪᠤᠷᠢ ᠠᠩᠭᠢ ᠠᠴᠠ ᠣᠶᠢᠯᠭᠠᠭᠰᠠᠨ  ᠢᠶᠠᠷ᠂  ﹇ᠪᠠᠭᠤᠯᠭᠠᠬᠤ ᠬᠠᠮᠢᠶᠠᠷᠬᠤ ᠦᠢᠯᠡᠴᠢᠯᠡᠬᠦ﹈ ᠥᠭᠡᠷᠡᠴᠢᠯᠡᠯᠲᠡ ᠶᠢ ᠤᠯᠠᠮ ᠨᠢᠭᠡ ᠠᠯᠬᠤᠮ ᠠᠬᠢᠭᠤᠯᠬᠤ ᠶᠢᠨ ᠲᠥᠯᠥᠭᠡ ᠡᠨᠡ ᠵᠢᠯ ᠤᠨ 5ᠳ᠋ᠤᠭᠠᠷ ᠰᠠᠷ᠎ᠠ ᠠᠴᠠ ᠨᠠᠰᠢ᠂ ᠬᠤᠪᠢ ᠬᠥᠮᠥᠨ ᠪᠣᠯᠣᠨ ᠪᠠᠶᠢᠭᠤᠯᠭ᠎ᠠ ᠨᠢᠭᠡᠴᠡ ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠠᠷᠠᠳ  ᠤᠨ ᠠᠮᠢᠳᠤᠷᠠᠯ ᠤᠨ ᠶᠡᠷᠦᠩᠬᠡᠢ ᠦᠢᠯᠡᠴᠢᠯᠡᠭᠡᠨ ᠤ ᠰᠢᠰᠲ᠋ᠧᠮ ᠢᠶᠠᠷ ᠨᠣᠬᠠᠢ ᠲᠡᠵᠢᠭᠡᠬᠦ ᠶᠢ ᠳᠠᠩᠰᠠᠯᠠᠭᠤᠯᠵᠤ ᠪᠣᠯᠬᠤ ᠪᠣᠯᠪᠠ  ᠃      ᠪᠣᠳᠠᠲᠠᠢ ᠪᠡᠶᠡᠯᠡᠭᠦᠯᠬᠦ ᠠᠯᠬᠤᠮ ᠳᠠᠷᠠᠭ᠎ᠠ ᠨᠢ  ᠄ ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠠᠷᠠᠳ  ᠤᠨ ᠠᠮᠢᠳᠤᠷᠠᠯ ᠤᠨ ᠶᠡᠷᠦᠩᠬᠡᠢ ᠦᠢᠯᠡᠴᠢᠯᠡᠭᠡᠨ ᠤ ᠰᠢᠰᠲ᠋ᠧᠮ ᠳᠡᠭᠡᠷ᠎ᠡ ᠦᠨᠡᠨ ᠨᠡᠷ᠎ᠡ ᠪᠠᠷ ᠢᠶᠠᠨ ᠳᠠᠩᠰᠠᠯᠠᠭᠤᠯᠵᠤ ᠨᠡᠪᠲᠡᠷᠡᠭᠰᠡᠨ ᠤ ᠳᠠᠷᠠᠭ᠎ᠠ ᠠᠵᠢᠯ ᠭᠦᠢᠴᠡᠳᠬᠡᠬᠦ ᠲᠥᠪ - ᠠᠮᠤᠷ ᠢ ᠬᠠᠮᠠᠭᠠᠯᠠᠬᠤ ᠶᠢᠨ ᠲᠤᠬᠠᠶᠢᠯᠠᠭᠰᠠᠨ ᠠᠵᠢᠯ - ᠬᠤᠪᠢ ᠬᠥᠮᠥᠨ ᠨᠣᠬᠠᠢ ᠲᠡᠵᠢᠭᠡᠬᠦ ᠶᠢ ᠳᠠᠩᠰᠠᠯᠠᠬᠤ - ᠰᠦᠯᠵᠢᠶᠡᠨ ᠳᠡᠭᠡᠷ᠎ᠡ ᠭᠦᠢᠴᠡᠳᠬᠡᠬᠦ ᠲᠡᠰ ᠳᠠᠷᠠᠭ᠎ᠠ ᠪᠠᠷ ᠱᠠᠭᠠᠷᠳᠠᠯᠭ᠎ᠠ ᠶᠣᠰᠣᠭᠠᠷ ᠡᠵᠡᠨ ᠪᠣᠯᠣᠨ ᠨᠣᠬᠠᠢ  ᠶᠢᠨ ᠮᠡᠳᠡᠭᠡ ᠵᠠᠩᠭᠢ ᠶᠢ ᠲᠠᠭᠯᠠᠵᠤ  ᠂ ᠳᠠᠷᠬᠠᠯᠠᠭ᠎ᠠ ᠶᠢᠨ ᠭᠡᠷᠡᠴᠢ  ᠶᠢᠨ ᠵᠢᠷᠤᠭ  ᠂ ᠪᠡᠶ᠎ᠡ ᠶᠢᠨ ᠦᠨᠡᠮᠯᠡᠬᠦ ᠶᠢᠨ ᠵᠢᠷᠤᠭ ᠪᠣᠯᠣᠨ ᠨᠣᠬᠠᠢ ᠶᠢᠨ ᠢᠶᠠᠨ ᠵᠢᠷᠤᠭ ᠢ ᠠᠴᠢᠵᠤ  ᠂ ᠡᠷᠡᠮᠡᠯᠵᠡᠯ  ᠢᠶᠠᠨ ᠲᠤᠰᠢᠶᠠᠨ᠎ᠠ᠃ ᠡᠷᠡᠮᠡᠯᠵᠡᠯ ᠵᠶ᠋ᠡᠨ‌‍ᠲ᠋ᠤᠰᠢᠶᠠᠭᠰᠠᠨ ᠤ ᠳᠠᠷᠠᠭ᠎ᠠ ᠬᠡᠵᠢᠶ᠎ᠡ ᠴᠤ ᠭᠡᠰᠡᠨ ᠰᠦᠯᠵᠢᠶᠡᠨ ᠳᠡᠭᠡᠷ᠎ᠡ ᠭᠠᠷᠴᠤ ᠭᠦᠢᠴᠡᠳᠬᠡᠯ ᠤᠨ ᠠᠬᠢᠴᠠ ᠶᠢ ᠦᠵᠡᠵᠦ ᠪᠣᠯᠣᠨ᠎ᠠ᠂ ᠭᠤᠶᠤᠴᠢᠯᠠᠯ ᠢ ᠵᠥᠪᠰᠢᠶᠡᠷᠡᠭᠰᠡᠨ ᠬᠤᠶᠢᠨ᠎ᠠ ᠦᠨᠡᠮᠯᠡᠬᠦ ᠶᠢᠨ ᠮᠡᠳᠡᠭᠡ ᠵᠠᠩᠭᠢ ᠦᠵᠡᠭᠳᠡᠨ᠎ᠡ  ᠃ ᠭᠦᠢᠴᠡᠳᠬᠡᠬᠦ ᠬᠤᠭᠤᠴᠠᠭ᠎ᠠ 3 ᠠᠵᠢᠯ  ᠤᠨ ᠡᠳᠦᠷ  ᠂ ᠲᠥᠯᠥᠪᠦᠷᠢ ᠠᠪᠬᠤ ᠦᠭᠡᠢ  ᠃  ︵ᠰᠤᠷᠪᠤᠯᠵᠢᠯᠠᠭᠴᠢ  ᠯᠢᠦ ᠵᠢᠶᠦ᠋ᠨ︶
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号