ᠬᠥᠬᠡᠬᠤᠲᠠ ᠶᠢᠨ ᠬᠤᠳᠠ ᠬᠥᠳᠡᠭᠡ ᠶᠢᠨ ᠪᠥᠳᠥᠭᠡᠨ ᠪᠠᠶᠢᠭᠤᠯᠤᠯᠲᠠ ᠪᠡᠯᠡ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ ᠨᠢ ᠬᠤᠸᠠ ᠲᠦᠩ ᠰᠲ᠋ᠣᠺ ᠤᠨ ᠡᠷᠬᠡ ᠶᠢ ᠬᠤᠳᠠᠯᠳᠤᠨ ᠠᠪᠬᠤ ᠭᠡᠷ᠎ᠡ ᠶᠢ ᠠᠮᠵᠢᠯᠲᠠ ᠲᠠᠢ ᠪᠠᠷ ᠲᠣᠭᠲᠠᠪᠠ
ᠨᠡᠶᠢᠲᠡᠯᠡᠭᠰᠡᠨ ᠴᠠᠭ᠄
2018-07-12
     ᠬᠥᠬᠡᠬᠤᠲᠠ ᠶᠢᠨ ᠬᠤᠳᠠ ᠬᠥᠳᠡᠭᠡ ᠶᠢᠨ ᠪᠥᠳᠥᠭᠡᠨ ᠪᠠᠶᠢᠭᠤᠯᠤᠯᠲᠠ ᠪᠡᠯᠡ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ ᠨᠢ ᠱᠠᠨᠳᠦ᠋ᠩ ᠮᠤᠵᠢ ᠶᠢᠨ ᠵᠠᠰᠠᠮᠠᠯ ᠵᠡᠮ ᠤᠨ ᠪᠦᠳᠦᠭᠡᠠ ᠪᠠᠶᠢᠭᠤᠯᠤᠯᠲᠠ ᠶᠢᠨ ︵ᠪᠦᠯᠦᠭᠯᠡᠯ︶ ᠬᠢᠵᠠᠭᠠᠷᠲᠤ ᠺᠣᠮᠫᠠᠨᠢ ᠯᠤᠭ᠎ᠠ ᠭᠡᠷ᠎ᠡ ᠲᠣᠭᠲᠠᠵᠤ᠂ ᠱᠠᠨᠳᠦ᠋ᠩ ᠮᠤᠵᠢ ᠶᠢᠨ ᠵᠠᠰᠠᠮᠠᠯ ᠵᠡᠮ ᠤᠨ ᠪᠦᠳᠦᠭᠡᠠ ᠪᠠᠶᠢᠭᠤᠯᠤᠯᠲᠠ ᠶᠢᠨ ︵ᠪᠦᠯᠦᠭᠯᠡᠯ︶ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠠᠷᠢᠶᠠᠨ ᠳᠤ ᠪᠠᠶᠢᠭ᠎ᠠ ᠬᠤᠸᠠ ᠲᠦᠩ ᠺᠣᠮᠫᠠᠨᠢ ᠶᠢᠨ ᠰᠲ᠋ᠣᠺ ᠤᠨ ᠡᠷᠬᠡ ᠢ ᠬᠤᠳᠠᠯᠳᠤᠨ ᠠᠪᠴᠤ᠂ ᠬᠠᠳᠤᠨ ᠭᠤᠣᠯ ᠳᠠᠭᠠᠤ ᠵᠠᠰᠠᠮᠠᠯ ᠵᠡᠮ ᠤᠨ ᠪᠦᠳᠦᠭᠡᠠ ᠪᠠᠶᠢᠭᠤᠯᠤᠯᠲᠠ ᠪᠣᠯᠣᠨ ᠵᠢᠭᠤᠯᠴᠢᠯᠠᠯ ᠤᠨ ᠨᠡᠭᠡᠭᠡᠨ ᠬᠥᠭᠵᠢᠭᠦᠯᠦᠯᠲᠡ ᠳᠤ ᠪᠠᠲᠤ ᠪᠠᠬᠢ ᠰᠠᠭᠤᠷᠢ ᠲᠠᠯᠪᠢᠪᠠ᠃      ᠬᠤᠸᠠ ᠲᠦᠩ ᠺᠣᠮᠫᠠᠨᠢ ᠨᠢ 2002 ᠣᠨ ᠤ 11 ᠳ᠋ᠦ᠋ᠭᠡᠷ ᠰᠠᠷ᠎ᠠ ᠶᠢᠨ 25 ᠤ ᠡᠳᠦᠷ ᠲᠤ ᠪᠠᠶᠢᠭᠤᠯᠤᠭᠳᠠᠵᠤ᠂ ᠱᠠᠨᠳᠦ᠋ᠩ ᠮᠤᠵᠢ ᠶᠢᠨ ᠵᠠᠰᠠᠮᠠᠯ ᠵᠡᠮ ᠤᠨ ᠪᠦᠳᠦᠭᠡᠠ ᠪᠠᠶᠢᠭᠤᠯᠤᠯᠲᠠ ᠶᠢᠨ ︵ᠪᠦᠯᠦᠭᠯᠡᠯ︶ ᠬᠢᠵᠠᠭᠠᠷᠲᠤ ᠺᠣᠮᠫᠠᠨᠢ ᠠᠴᠠ ᠪᠦᠬᠦ ᠲᠤᠭ᠎ᠠ ᠪᠠᠷ ᠪᠡᠯᠡ ᠭᠠᠷᠭᠠᠪᠠ᠃ ᠬᠤᠸᠠ ᠲᠦᠩ ᠺᠣᠮᠫᠠᠨᠢ ᠠᠴᠠ ᠡᠵᠡᠩᠨᠡᠯᠲᠡ ᠬᠠᠮᠢᠶᠠᠷᠤᠯᠲᠠ ᠶᠢ ᠨᠢ ᠬᠠᠷᠢᠭᠤᠴᠠᠵᠤ ᠪᠠᠶᠢᠭ᠎ᠠ ᠴᠢᠩ ᠱᠦᠢ ᠾᠧ ᠰᠢᠶᠠᠨ ᠤ ᠯᠠᠮᠠ ᠶᠢᠨ ᠳᠤᠬᠤᠢ ᠠᠴᠠ ᠰᠢᠶᠠ ᠴᠧᠩ ᠸᠠᠨ ᠬᠦᠷᠬᠦ ᠬᠠᠳᠤᠨ ᠭᠤᠣᠯ ᠳᠠᠭᠠᠤ ᠬᠤᠶᠠᠳᠤᠭᠠᠷ ᠳᠡᠰ ᠤᠨ ᠵᠠᠰᠠᠮᠠᠯ ᠵᠠᠮ ᠪᠣᠯ ᠤᠯᠤᠰ ᠤᠨ ᠵᠠᠮ 109 ᠱᠤᠭᠤᠮ ᠪᠣᠯᠣᠨ ᠮᠤᠵᠢ ᠶᠢᠨ ᠵᠠᠮ ᠤᠨ 103 ᠱᠤᠭᠤᠮ ᠤᠨ ᠬᠤᠭᠤᠷᠣᠨᠳᠣᠬᠢ ᠵᠠᠯᠭᠠᠯᠲᠠ ᠱᠤᠭᠤᠮ ᠮᠥᠨ᠂ ᠲᠡᠷᠡ  ᠨᠢ ᠬᠥᠬᠡᠬᠤᠲᠠ ᠶᠢᠨ ᠵᠠᠰᠠᠮᠠᠯ ᠵᠠᠮ ᠤᠨ ᠲᠣᠣᠷ ᠤᠨ ᠪᠠᠶᠢᠷᠢᠯᠠᠭᠤᠯᠤᠯᠲᠠ ᠶᠢᠨ ᠲᠥᠯᠥᠪᠵᠢᠭᠦᠯᠭᠡ ᠳᠣᠲᠣᠷᠠᠬᠢ ᠴᠢᠬᠤᠯᠠ ᠪᠦᠷᠢᠯᠳᠦᠬᠦᠨ ᠬᠡᠰᠡᠭ ᠮᠥᠨ᠃ ᠲᠤᠰ ᠵᠠᠰᠠᠮᠠᠯ ᠵᠡᠮ ᠢ ᠬᠤᠸᠠ ᠲᠦᠩ ᠺᠣᠮᠫᠠᠨᠢ ᠠᠴᠠ BOT ᠬᠡᠯᠪᠡᠷᠢ ᠶᠢᠨ ᠪᠡᠯᠡ ᠲᠣᠬᠢᠷᠠᠭᠤᠯᠭ᠎ᠠ ᠪᠠᠷ ᠪᠠᠶᠢᠭᠤᠯᠵᠤ᠂ ᠪᠡᠯᠡ ᠲᠣᠬᠢᠷᠠᠭᠤᠯᠬᠤ ᠭᠤᠣᠯ ᠴᠣᠭᠴᠠ ᠨᠢ ᠱᠠᠨᠳᠦ᠋ᠩ ᠮᠤᠵᠢ ᠶᠢᠨ ᠵᠠᠰᠠᠮᠠᠯ ᠵᠡᠮ ᠤᠨ ᠪᠦᠳᠦᠭᠡᠠ ᠪᠠᠶᠢᠭᠤᠯᠤᠯᠲᠠ ᠶᠢᠨ ︵ᠪᠦᠯᠦᠭᠯᠡᠯ︶ ᠬᠢᠵᠠᠭᠠᠷᠲᠤ ᠺᠣᠮᠫᠠᠨᠢ ᠪᠠᠶᠢᠵᠤ᠂ ᠵᠠᠮ ᠱᠤᠭᠤᠮ ᠤᠨ ᠪᠦᠬᠦ ᠣᠷᠳᠣ ᠨᠢ 41.8 ᠺᠢᠯᠣᠮᠧᠲᠷ᠂ ᠬᠤᠶᠢᠨ᠎ᠠ ᠠᠴᠠ ᠡᠮᠦᠨ᠎ᠡ ᠵᠦᠭ ᠬᠠᠲᠤᠨ ᠭᠤᠣᠯ ᠤᠨ ᠵᠡᠭᠦᠨ ᠡᠷᠭᠢ ᠳᠠᠭᠠᠤ ᠴᠢᠭᠯᠡᠯ ᠲᠠᠢ᠃      ᠬᠥᠬᠡᠬᠤᠲᠠ ᠶᠢᠨ ᠬᠤᠳᠠ ᠬᠥᠳᠡᠭᠡ ᠶᠢᠨ ᠪᠥᠳᠥᠭᠡᠨ ᠪᠠᠶᠢᠭᠤᠯᠤᠯᠲᠠ ᠪᠡᠯᠡ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ ᠨᠢ 2015 ᠣᠨ ᠤ 07 ᠳ᠋ᠤᠭᠠᠷ ᠰᠠᠷ᠎ᠠ ᠶᠢᠨ 28 ᠤ ᠡᠳᠦᠷ ᠲᠤ ᠪᠠᠶᠢᠭᠤᠯᠤᠭᠳᠠᠵᠤ᠂ ᠹᠧᠩ ᠵᠢᠶᠠ ᠲᠠ ᠠᠴᠠ ᠯᠣᠣ ᠨᠢᠦ ᠸᠠᠨ ᠬᠦᠷᠬᠦ ᠵᠠᠰᠠᠮᠠᠯ ᠵᠡᠮ ᠤᠨ ᠪᠦᠳᠦᠭᠡᠠ ᠪᠠᠶᠢᠭᠤᠯᠤᠯᠲᠠ ᠶᠢᠨ ᠭᠤᠣᠯ ᠴᠣᠭᠴᠠ ᠮᠥᠨ᠃ ᠯᠠᠮᠠ ᠶᠢᠨ ᠳᠤᠬᠤᠢ ᠠᠴᠠ ᠰᠢᠶᠠ ᠴᠧᠩ ᠸᠠᠨ ᠬᠦᠷᠬᠦ ᠬᠠᠳᠤᠨ ᠭᠤᠣᠯ ᠳᠠᠭᠠᠤ ᠵᠠᠰᠠᠮᠠᠯ ᠵᠠᠮ ᠶᠢ ᠡᠭᠡᠭᠦᠯᠦᠨ ᠬᠤᠳᠠᠯᠳᠤᠨ ᠠᠪᠴᠤ ᠥᠭᠡᠷᠡᠴᠢᠯᠡᠨ ᠲᠡᠰ ᠳᠡᠪᠰᠢᠭᠦᠯᠦᠭᠰᠡᠨ ᠤ ᠳᠠᠷᠠᠭ᠎ᠠ᠂ ᠲᠤᠰ ᠺᠣᠮᠫᠠᠨᠢ ᠶᠢᠨ ᠬᠠᠮᠢᠶᠠᠷᠤᠯᠲᠠ ᠡᠵᠡᠩᠨᠡᠯᠲᠡ ᠳᠤ ᠨᠢᠭᠡᠳᠦᠯᠲᠡᠶ ᠣᠷᠣᠭᠤᠯᠵᠤ᠂ ᠺᠣᠮᠫᠠᠨᠢ ᠶᠢᠨ ᠪᠣᠳᠠᠲᠤ ᠬᠦᠴᠦᠨ ᠢ ᠤᠯᠠᠮ ᠨᠡᠮᠡᠭᠳᠡᠭᠦᠯᠬᠦ ᠪᠣᠯᠤᠨ᠎ᠠ᠃      ᠬᠠᠳᠤᠨ ᠭᠤᠣᠯ ᠳᠠᠭᠠᠤ ᠵᠠᠰᠠᠮᠠᠯ ᠵᠠᠮ ᠤᠨ ᠣᠷᠣᠨ ᠪᠦᠰᠡ ᠳᠤ ᠨᠡᠯᠢᠶᠡᠳ ᠡᠯᠪᠡᠭ ᠳᠡᠯᠪᠡᠭ ᠵᠢᠭᠤᠯᠴᠢᠯᠠᠯ ᠤᠨ ᠡᠬᠢ ᠪᠠᠶᠠᠯᠢᠭ ᠲᠠᠢ ᠪᠠᠶᠢᠳᠠᠭ᠂ ᠲᠤᠰ ᠵᠠᠰᠠᠮᠠᠯ ᠵᠠᠮ ᠢ ᠡᠭᠡᠭᠦᠯᠦᠨ ᠬᠤᠳᠠᠯᠳᠤᠨ ᠠᠪᠴᠤ ᠥᠭᠡᠷᠡᠴᠢᠯᠡᠵᠦ ᠳᠡᠰ ᠳᠡᠪᠰᠢᠭᠦᠯᠬᠦ ᠨᠢ ᠬᠠᠳᠤᠨ ᠭᠤᠣᠯ ᠳᠠᠭᠠᠤ ᠵᠢᠭᠤᠯᠴᠢᠯᠠᠯ ᠳᠤ ᠰᠠᠭᠠᠳ ᠦᠭᠡᠢ ᠨᠡᠪᠲᠡᠷᠡᠬᠦ᠂ ᠳᠦᠭᠦᠮ ᠲᠦᠳᠠ ᠵᠠᠮ ᠬᠠᠷᠢᠯᠴᠠᠭ᠎ᠠ ᠶᠢ ᠬᠠᠩᠭᠠᠵᠤ᠂ ᠯᠣᠣ ᠨᠢᠦ ᠸᠠᠨ ᠤ ᠦᠵᠡᠮᠵᠢᠲᠦ ᠣᠷᠣᠨ ᠪᠣᠯᠣᠨ ᠬᠠᠲᠤᠨ ᠭᠤᠣᠯ ᠳᠠᠭᠠᠤ ᠬᠢ ᠬᠠᠷ᠎ᠠ ᠤᠰᠤ ᠨᠠᠭᠤᠷ ᠤᠨ ᠦᠵᠡᠮᠵᠢᠲᠦ ᠣᠷᠣᠨ᠂ ᠱᠧᠨ ᠴᠢᠤᠸᠠᠨ ᠦᠵᠡᠮᠵᠢᠲᠦ ᠣᠷᠣᠨ ᠤ ᠬᠠᠮᠲᠤ ᠶᠢᠨ ᠬᠥᠭᠵᠢᠯᠲᠡ ᠶᠢ ᠤᠯᠠᠮ ᠨᠢᠭᠡ ᠠᠯᠬᠤᠮ ᠠᠬᠢᠭᠤᠯᠵᠤ᠂ ᠬᠥᠬᠡᠬᠤᠲᠠ ᠶᠢᠨ ᠬᠠᠳᠤᠨ ᠭᠤᠣᠯ ᠳᠠᠭᠠᠤ ᠬᠢ ᠴᠢᠬᠤᠯᠠ ᠵᠢᠭᠤᠯᠴᠢᠯᠠᠯ ᠤᠨ ᠵᠠᠮ ᠱᠤᠭᠤᠮ ᠢ ᠴᠣᠭᠴᠠᠯᠠᠬᠤ ᠪᠣᠯᠣᠨ᠎ᠠ᠃  
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号