ᠮᠠᠨ ᠤ ᠤᠷᠤᠨ ᠳᠤᠮᠳᠠᠳᠤ ᠪᠠᠭ᠎ᠠ ᠰᠤᠷᠭᠠᠭᠤᠯᠢ ᠬᠡᠤᠬᠡᠳ ᠤᠨ ᠴᠡᠴᠡᠷᠯᠢᠭ ᠤᠨ ᠠᠮᠤᠷ ᠳᠦᠪᠰᠢᠨ ᠠᠶᠤᠯ ᠳᠦᠭᠰᠢᠬᠦᠷᠢ ᠶᠢ ᠰᠡᠷᠬᠡᠶᠢᠯᠡᠨ ᠡᠵᠡᠮᠳᠡᠬᠦ ᠰᠢᠰᠲ᠋ᠧᠮ ᠢᠶᠠᠨ ᠤᠯᠠᠮ ᠴᠢᠩᠭᠠᠳᠬᠠᠵᠦ ᠪᠠᠶᠢᠨ᠎ᠠ
ᠨᠡᠶᠢᠲᠡᠯᠡᠭᠰᠡᠨ ᠴᠠᠭ᠄
2018-07-12
     7 ᠰᠠᠷ᠎ᠠ ᠶᠢᠨ 11 ᠤ ᠡᠳᠤᠷ᠂ ᠰᠤᠷᠪᠤᠯᠵᠢᠯᠠᠬᠴᠢ ᠦᠪᠠᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠰᠤᠨᠢᠨ ᠮᠡᠳᠡᠭᠡ ᠨᠠᠶᠢᠳᠡᠯᠡᠬᠦ ᠠᠯᠪᠠᠨ ᠭᠡᠷ ᠠᠴᠠ ᠤᠶᠢᠯᠠᠭᠠᠬᠰᠠᠨ ᠢᠶᠠᠷ᠂ ᠦᠪᠡᠷᠳᠡᠬᠡᠨ ᠵᠠᠰᠠᠬᠤ ᠤᠷᠤᠨ ᠤ ᠵᠠᠰᠠᠬ ᠤᠨ ᠤᠷᠳᠤᠨ ᠤ ᠠᠯᠪᠠᠨ ᠳᠢᠩᠬᠢᠮ ᠠᠴᠠ ᠳᠦᠷᠦ ᠶᠢᠨ ᠶᠠᠪᠤᠳᠠᠯ ᠤᠨ ᠬᠤᠷᠢᠶᠠᠨ ᠤ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠢ ᠦᠨᠳᠦᠰᠦᠯᠡᠨ᠂ ᠮᠠᠨ ᠤ ᠤᠷᠤᠨ ᠳᠤᠮᠳᠠᠳᠤ ᠪᠠᠭ᠎ᠠ ᠰᠤᠷᠭᠠᠭᠤᠯᠢ ᠬᠡᠤᠬᠡᠳ ᠤᠨ ᠴᠡᠴᠡᠷᠯᠢᠭ ᠤᠨ ᠠᠮᠤᠷ ᠳᠦᠪᠰᠢᠨ ᠠᠶᠤᠯ ᠳᠦᠭᠰᠢᠬᠦᠷᠢ ᠶᠢ ᠰᠡᠷᠬᠡᠶᠢᠯᠡᠨ ᠡᠵᠡᠮᠳᠡᠬᠦ ᠰᠢᠰᠲ᠋ᠧᠮ ᠢᠶᠠᠨ ᠤᠯᠠᠮ ᠴᠢᠩᠭᠠᠳᠬᠠᠵᠦ ᠪᠠᠶᠢᠨ᠎ᠠ᠃
     ᠳᠦᠷᠦ ᠶᠢᠨ ᠶᠠᠪᠤᠳᠠᠯ ᠤᠨ ᠬᠤᠷᠢᠶᠠᠨ ᠤ ︽ᠳᠤᠮᠳᠠᠳᠤ ᠪᠠᠭ᠎ᠠ ᠰᠤᠷᠭᠠᠭᠤᠯᠢ ᠬᠡᠤᠬᠡᠳ ᠤᠨ ᠴᠡᠴᠡᠷᠯᠢᠭ ᠤᠨ ᠠᠮᠤᠷ ᠳᠦᠪᠰᠢᠨ ᠠᠶᠤᠯ ᠳᠦᠭᠰᠢᠬᠦᠷᠢ ᠶᠢ ᠰᠡᠷᠬᠡᠶᠢᠯᠡᠨ ᠡᠵᠡᠮᠳᠡᠬᠦ ᠰᠢᠰᠲ᠋ᠧᠮ ᠤᠨ ᠪᠦᠳᠦᠬᠡᠨ ᠪᠠᠶᠢᠭᠤᠯᠤᠯᠳᠠ ᠶᠢ ᠴᠢᠩᠭᠠᠳᠬᠠᠬᠤ ᠳᠤᠬᠠᠢ ᠬᠡᠷᠡᠭᠵᠢᠬᠦᠯᠬᠦ ᠰᠠᠨᠠᠯ︾ ︵ᠲᠤᠷᠤᠭᠰᠢ ︽ᠬᠡᠷᠡᠭᠵᠢᠬᠦᠯᠬᠦ ᠰᠠᠨᠠᠯ︾ ᠬᠡᠵᠦ ᠲᠦᠬᠦᠮᠴᠢᠯᠠᠨ᠎ᠠ︶ ᠨᠡᠶᠢᠳᠡᠯᠡᠭᠳᠡᠭᠰᠡᠨ ᠤ ᠳᠠᠷᠠᠭ᠎ᠠ᠂ ᠦᠪᠡᠷᠳᠡᠬᠡᠨ ᠵᠠᠰᠠᠬᠤ ᠤᠷᠤᠨ ᠤ ᠵᠠᠰᠠᠬ ᠤᠨ ᠤᠷᠳᠤᠨ ᠠᠴᠠ ᠳᠡᠬᠡᠳᠦ ᠬᠡᠮᠵᠢᠶ᠎ᠠ ᠪᠠᠷ ᠴᠢᠬᠤᠯᠠᠴᠢᠯᠠᠨ ᠦᠵᠡᠵᠦ᠂ ᠦᠪᠡᠷᠳᠡᠬᠡᠨ ᠵᠠᠰᠠᠬᠤ ᠤᠷᠤᠨ ᠤ ᠰᠤᠷᠭᠠᠨ ᠬᠦᠮᠦᠵᠢᠯ ᠤᠨ ᠳᠢᠩᠬᠢᠮ ᠠᠴᠠ ᠰᠤᠳᠤᠯᠤᠨ ᠪᠠᠶᠢᠴᠠᠭᠠᠬᠤ ᠳᠤᠭᠤᠢᠢᠯᠠᠩ ᠵᠤᠬᠢᠶᠠᠨ ᠪᠠᠶᠢᠭᠤᠯᠵᠦ᠂ ᠠᠶᠢᠮᠠᠬ ᠬᠤᠳᠠ ᠶᠢᠨ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠢᠶᠠᠷ ᠬᠦᠷᠴᠤ ᠪᠠᠶᠢᠴᠠᠭᠠᠨ ᠰᠤᠳᠤᠯᠬᠤ ᠠᠵᠢᠯ ᠦᠷᠨᠢᠬᠦᠯᠵᠦ᠂ ︽ᠬᠡᠷᠡᠭᠵᠢᠬᠦᠯᠬᠦ ᠰᠠᠨᠠᠯ︾ ᠢ ᠳᠤᠬᠳᠠᠭᠠᠬᠤ ᠠᠵᠢᠯ ᠢ ᠪᠠᠶᠢᠷᠢᠯᠠᠭᠤᠯᠵᠡᠢ᠃      ᠬᠤᠷᠠᠯ ᠠᠴᠠ᠂ ︽ᠬᠡᠷᠡᠭᠵᠢᠬᠦᠯᠬᠦ ᠰᠠᠨᠠᠯ︾ ᠤᠨ ᠲᠤᠬᠠᠢ ᠨᠠᠷᠢᠨ ᠲᠠᠶᠢᠯᠪᠤᠷᠢᠯᠠᠯᠳᠠ ᠬᠢᠵᠦ᠂ ᠬᠠᠮᠢᠶ᠎ᠠ ᠪᠦᠬᠦᠢ ᠳᠦᠷᠦ ᠶᠢᠨ ᠪᠤᠳᠤᠯᠭ᠎ᠠ ᠶᠢᠨ ᠰᠢᠰᠲ᠋ᠧᠮ ᠪᠤᠯᠤᠨ ᠠᠮᠤᠷ ᠢ ᠬᠠᠮᠠᠭᠠᠯᠠᠬᠤ ᠰᠡᠷᠬᠡᠶᠢᠯᠡᠯᠳᠡ ᠶᠢᠨ ᠰᠢᠰᠲ᠋ᠧᠮ ᠢ ᠴᠢᠨᠠᠬᠰᠢᠳᠠ ᠪᠠᠶᠢᠭᠤᠯᠤᠨ ᠲᠡᠬᠦᠯᠳᠡᠷᠵᠢᠬᠦᠯᠬᠦ︔ ᠰᠤᠷᠭᠠᠭᠤᠯᠢ ᠶᠢᠨ ᠠᠮᠤᠷ ᠳᠦᠪᠰᠢᠨ ᠤ ᠬᠠᠮᠢᠶᠠᠷᠤᠯᠳᠠ ᠶᠢᠨ ᠭᠤᠤᠯ ᠴᠤᠬᠴᠠ ᠶᠢᠨ ᠬᠠᠷᠢᠭᠤᠴᠠᠯᠭ᠎ᠠ ᠪᠤᠯᠤᠨ ᠬᠢᠨᠠᠯᠳᠠ ᠬᠠᠮᠢᠶᠠᠷᠤᠯᠳᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠬᠦᠴᠦᠯᠡᠨ ᠠᠬᠢᠭᠤᠯᠬᠤ︔ ᠰᠡᠷᠬᠡᠶᠢᠯᠡᠯᠳᠡ ᠶᠢᠨ ᠰᠢᠰᠲ᠋ᠧᠮ ᠤᠨ ᠪᠦᠳᠦᠬᠡᠨ ᠪᠠᠶᠢᠭᠤᠯᠤᠯᠳᠠ ᠶᠢ ᠬᠦᠴᠦᠯᠡᠨ ᠠᠬᠢᠭᠤᠯᠬᠤ︔ ᠬᠠᠮᠢᠶᠠᠷᠤᠯᠳᠠ ᠶᠢᠨ ᠳᠤᠬᠳᠠᠴᠠ ᠬᠦᠢᠴᠡᠳ ᠪᠦᠷᠢᠨᠰᠢᠵᠦ ᠳᠡᠬᠦᠯᠳᠡᠷᠵᠢᠬᠡᠳᠦᠢ ᠪᠠᠶᠢᠭ᠎ᠠ ᠠᠰᠠᠭᠤᠳᠠᠯ ᠢ ᠬᠦᠴᠦᠯᠡᠨ ᠰᠢᠢᠳᠪᠤᠷᠢᠯᠡᠵᠦ᠂ ᠵᠤᠬᠢᠴᠠᠭᠤᠯᠵᠦ ᠬᠠᠮᠳᠤᠷᠠᠨ ᠬᠦᠳᠡᠯᠦᠯᠴᠡᠬᠦ ᠳᠤᠬᠳᠠᠴᠠ ᠰᠢᠯᠤᠭᠤᠨ ᠪᠤᠰᠤ ᠪᠠᠶᠢᠭ᠎ᠠ ᠵᠡᠷᠬᠡ ᠠᠰᠠᠭᠤᠳᠠᠯ ᠤᠳ ᠢ ᠬᠦᠴᠦᠯᠡᠨ ᠰᠢᠢᠳᠪᠤᠷᠢᠯᠡᠬᠦ ᠶᠢᠨ ᠳᠤᠰᠠᠳᠠ ᠬᠦᠮᠦᠨ ᠢᠶᠠᠷ ᠦᠨᠳᠦᠰᠦ ᠪᠤᠯᠭᠠᠬᠤ᠂ ᠪᠦᠬᠦ ᠳᠠᠯ᠎ᠠ ᠪᠠᠷ ᠰᠡᠷᠬᠡᠶᠢᠯᠡᠬᠦ︔ ᠬᠠᠤᠯᠢ ᠶᠤᠰᠤᠭᠠᠷ ᠵᠠᠰᠠᠬᠤ᠂ ᠡᠬᠦᠷᠬᠡ ᠬᠠᠷᠢᠭᠤᠴᠠᠯᠭ᠎ᠠ ᠳᠤᠳᠤᠷᠬᠠᠢ ᠠᠶᠤᠯ ᠳᠦᠭᠰᠢᠬᠦᠷᠢ ᠶᠢᠨ ᠰᠡᠷᠬᠡᠶᠢᠯᠡᠯᠳᠡ᠂ ᠬᠠᠮᠢᠶᠠᠷᠤᠯᠳᠠ ᠡᠵᠡᠮᠳᠡᠯ ᠬᠢᠬᠡᠳ ᠰᠢᠢᠳᠪᠤᠷᠢᠯᠡᠯᠳᠡ ᠶᠢᠨ ᠰᠢᠰᠲ᠋ᠧᠮ ᠢ ᠪᠠᠶᠢᠭᠤᠯᠬᠤ︔ ᠰᠤᠷᠭᠠᠭᠤᠯᠢ ᠶᠢᠨ ᠠᠮᠤᠷ ᠳᠦᠪᠰᠢᠨ ᠠᠶᠤᠯ ᠳᠦᠭᠰᠢᠬᠦᠷᠢ ᠶᠢ ᠰᠡᠷᠬᠡᠶᠢᠯᠡᠬᠦ ᠰᠢᠰᠲ᠋ᠧᠮ ᠢ ᠪᠠᠶᠢᠭᠤᠯᠬᠤ ᠪᠠ ᠰᠤᠷᠭᠠᠭᠤᠯᠢ ᠶᠢᠨ ᠠᠮᠤᠷ ᠳᠦᠪᠰᠢᠨ ᠠᠶᠤᠯ ᠳᠦᠭᠰᠢᠬᠦᠷᠢ ᠶᠢᠨ ᠬᠠᠮᠢᠶᠠᠷᠤᠯᠳᠠ ᠡᠵᠡᠮᠳᠡᠯ ᠤᠨ ᠳᠤᠬᠳᠠᠴᠠ ᠶᠢ ᠪᠦᠷᠢᠨᠰᠢᠬᠦᠯᠬᠦ︔ ᠰᠤᠷᠭᠠᠭᠤᠯᠢ ᠶᠢᠨ ᠠᠮᠤᠷ ᠳᠦᠪᠰᠢᠨ ᠤ ᠬᠡᠷᠡᠭ ᠠᠳᠠᠯ ᠢ ᠰᠢᠢᠳᠪᠤᠷᠢᠯᠡᠬᠦ ᠪᠡ ᠠᠶᠤᠯ ᠳᠦᠭᠰᠢᠬᠦᠷᠢ ᠶᠢ ᠰᠢᠢᠳᠪᠤᠷᠢᠯᠡᠬᠦ ᠳᠤᠬᠳᠠᠴᠠ ᠶᠢ ᠳᠡᠬᠦᠯᠳᠡᠷᠵᠢᠬᠦᠯᠬᠦ︔ ᠤᠳᠤᠷᠢᠳᠤᠯᠭ᠎ᠠ ᠠᠴᠠ ᠬᠠᠷᠢᠭᠤᠴᠠᠬᠤ ᠪᠡ ᠪᠠᠳᠤᠯᠠᠬᠤ ᠳᠤᠬᠳᠠᠴᠠ ᠶᠢ ᠪᠠᠶᠢᠭᠤᠯᠤᠨ ᠳᠡᠬᠦᠯᠳᠡᠷᠵᠢᠬᠦᠯᠬᠦ︔ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠶᠢ ᠴᠢᠩᠭᠠᠳᠬᠠᠵᠦ᠂ ᠦᠨᠳᠦᠰᠦᠨ ᠪᠠᠳᠤᠯᠠᠪᠤᠷᠢ ᠶᠢ ᠴᠢᠩᠭᠠᠳᠬᠠᠵᠦ᠂ ᠱᠠᠯᠠᠪᠳᠠᠭᠤᠯᠤᠨ ᠵᠢᠯᠤᠭᠤᠳᠬᠤ ᠪᠠ ᠬᠢᠨᠡᠨ ᠰᠢᠯᠭᠠᠬᠤ ᠳᠤᠬᠳᠠᠴᠠ ᠶᠢ ᠪᠦᠷᠢᠨᠰᠢᠬᠦᠯᠬᠦ ᠬᠡᠷᠡᠭᠳᠠᠢ ᠬᠡᠵᠦ ᠳᠤᠷᠠᠳᠤᠨ ᠭᠠᠷᠭᠠᠵᠠᠢ᠃
    ᠬᠤᠷᠠᠯ ᠠᠴᠠ᠂ ᠲᠠᠷᠠᠭ᠎ᠠ ᠪᠠᠷ ᠰᠤᠷᠭᠠᠭᠤᠯᠢ ᠶᠢᠨ ᠠᠮᠤᠷ ᠳᠦᠪᠰᠢᠨ ᠤ ᠬᠡᠷᠡᠭ ᠠᠳᠠᠯ ᠢ ᠠᠷᠭᠠᠴᠠᠬᠤ ᠳᠤᠬᠳᠠᠴᠠ ᠶᠢ ᠤᠯᠠᠮ ᠨᠢᠭᠡ ᠠᠯᠬᠤᠮ ᠪᠦᠷᠢᠨᠰᠢᠬᠦᠯᠵᠦ᠂ ᠰᠤᠷᠭᠠᠭᠤᠯᠢ ᠶᠢᠨ ᠠᠮᠤᠷ ᠳᠦᠪᠰᠢᠨ ᠤ ᠬᠡᠷᠡᠭ ᠠᠳᠡᠯ ᠳᠤ ᠬᠠᠷᠢᠭᠤᠴᠠᠯᠭ᠎ᠠ ᠨᠡᠬᠡᠮᠵᠢᠯᠡᠬᠦ ᠪᠡ ᠰᠢᠢᠳᠪᠤᠷᠢᠯᠡᠯᠳᠡ ᠬᠢᠬᠦ ᠳᠤᠬᠳᠠᠴᠠ ᠶᠢ ᠤᠯᠠᠮ ᠨᠢᠭᠡ ᠠᠯᠬᠤᠮ ᠪᠦᠷᠢᠨᠰᠢᠬᠦᠯᠵᠦ᠂ ᠤᠯᠠᠨ ᠡᠰᠢᠴᠢᠯᠡᠭᠰᠡᠨ ᠬᠡᠷᠡᠭ ᠠᠳᠡᠯ ᠤᠨ ᠠᠶᠤᠯ ᠳᠦᠭᠰᠢᠬᠦᠷᠢ ᠶᠢ ᠬᠤᠪᠢᠳᠠᠨ ᠡᠬᠦᠷᠬᠡᠯᠡᠬᠦ ᠳᠤᠬᠳᠠᠴᠠ ᠶᠢ ᠪᠠᠶᠢᠭᠤᠯᠤᠨ᠎ᠠ︔ ᠰᠤᠷᠭᠠᠭᠤᠯᠢ ᠶᠢᠨ ᠬᠠᠤᠯᠢ ᠶᠤᠰᠤ ᠪᠠᠷ ᠠᠮᠤᠷ ᠳᠦᠪᠰᠢᠨ ᠤ ᠬᠡᠷᠡᠭ ᠠᠳᠡᠯ ᠢ ᠰᠢᠢᠳᠪᠤᠷᠢᠯᠡᠬᠦ ᠳᠤ ᠳᠡᠮᠵᠢᠯᠬᠡ ᠦᠵᠡᠬᠦᠯᠬᠦ ᠰᠢᠰᠲ᠋ᠧᠮ ᠢ ᠢᠳᠡᠪᠬᠢᠳᠡᠢ ᠴᠤᠬᠴᠠᠯᠠᠨ ᠪᠠᠶᠢᠭᠤᠯᠵᠦ᠂ ᠠᠮᠤᠷ ᠳᠦᠪᠰᠢᠨ ᠤ ᠬᠠᠮᠢᠶᠠᠷᠤᠯᠳᠠ ᠶᠢᠨ ᠭᠤᠤᠯ ᠴᠤᠬᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠦ᠂ ᠳᠤᠰᠬᠠᠢ ᠪᠡ ᠠᠵᠢᠯ ᠬᠠᠪᠰᠤᠷᠭᠠᠬᠤ ᠶᠢ ᠤᠶᠠᠯᠳᠤᠭᠤᠯᠤᠬᠰᠠᠨ ᠰᠤᠷᠭᠠᠭᠤᠯᠢ ᠶᠢᠨ ᠠᠮᠤᠷ ᠢ ᠬᠠᠮᠠᠭᠠᠯᠠᠬᠤ ᠡᠩᠨᠡᠭᠡ ᠶᠢ ᠪᠠᠶᠢᠭᠤᠯᠤᠨ᠎ᠠ︔ ᠠᠮᠤᠷ ᠳᠦᠪᠰᠢᠨ ᠰᠤᠷᠭᠠᠭᠤᠯᠢ ᠶᠢᠨ ᠬᠦᠷᠢᠶᠡᠨ ᠤ ᠤᠷᠴᠢᠨ ᠳᠤᠭᠤᠷᠢᠨ ᠢ ᠬᠦᠴᠦᠯᠡᠨ ᠪᠠᠶᠢᠭᠤᠯᠵᠦ᠂ ᠴᠠᠬᠳᠠᠭ᠎ᠠ ᠶᠢᠨ ᠳᠠᠯ᠎ᠠ ᠪᠡ ᠰᠤᠷᠭᠠᠭᠤᠯᠢ ᠬᠠᠮᠳᠤᠷᠠᠯᠴᠠᠬᠤ ᠳᠤᠬᠳᠠᠴᠠ ᠶᠢ ᠴᠢᠨᠠᠬᠰᠢᠳᠠ ᠪᠦᠷᠢᠨᠰᠢᠬᠦᠯᠵᠦ᠂ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠡᠳᠦᠷ ᠳᠤᠳᠤᠮ ᠤᠨ ᠬᠠᠮᠢᠶᠠᠷᠤᠯᠳᠠ ᠶᠢᠨ ᠡᠬᠦᠷᠬᠡ ᠬᠠᠷᠢᠭᠤᠴᠠᠯᠭ᠎ᠠ ᠶᠢᠨ ᠰᠢᠰᠲ᠋ᠧᠮ ᠢ ᠪᠦᠷᠢᠨᠰᠢᠬᠦᠯᠵᠦ᠂ ᠰᠤᠷᠤᠬᠴᠢ ᠶᠢ ᠳᠠᠷᠤᠯᠠᠨ ᠳᠤᠷᠤᠮᠵᠢᠯᠠᠬᠤ ᠪᠠ ᠬᠦᠴᠦᠷᠬᠡᠭᠯᠡᠨ ᠵᠤᠳᠤᠬᠤ ᠦᠢᠯᠡ ᠠᠵᠢᠯᠯᠠᠭ᠎ᠠ ᠶᠢ ᠰᠡᠷᠬᠡᠶᠢᠯᠡᠨ ᠡᠵᠡᠮᠳᠡᠬᠦ ᠪᠦᠳᠦᠮᠵᠢᠳᠡᠢ ᠳᠤᠬᠳᠠᠴᠠ ᠶᠢ ᠪᠠᠶᠢᠭᠤᠯᠤᠨ᠎ᠠ︔ ᠰᠤᠷᠭᠠᠭᠤᠯᠢ ᠪᠤᠯᠤᠨ ᠰᠤᠷᠤᠬᠴᠢ ᠶᠢᠨ ᠠᠮᠤᠷ ᠳᠦᠪᠰᠢᠨ ᠯᠦᠭᠡ ᠬᠤᠯᠪᠤᠬᠳᠠᠬᠰᠠᠨ ᠬᠠᠤᠯᠢ ᠠᠴᠠ ᠵᠦᠷᠢᠴᠡᠭᠰᠡᠨ ᠶᠠᠯᠠᠳᠤ ᠠᠵᠢᠯᠯᠠᠭ᠎ᠠ ᠳᠤ ᠴᠢᠩᠭ᠎ᠠ ᠴᠤᠬᠢᠯᠳᠠ ᠦᠭᠴᠦ᠂ ᠦᠷᠬᠡᠨ ᠳᠡᠯᠬᠡᠷ ᠤᠷᠤᠯᠴᠠᠭ᠎ᠠ ᠲᠠᠢ ᠰᠤᠷᠤᠬᠴᠢ ᠶᠢᠨ ᠠᠮᠤᠷ ᠳᠦᠪᠰᠢᠨ ᠤ ᠬᠠᠮᠠᠭᠠᠯᠠᠯᠳᠠ ᠶᠢᠨ ᠳᠤᠤᠷ ᠢ ᠪᠦᠷᠢᠯᠳᠦᠬᠦᠯᠵᠦ᠂ ᠨᠠᠩ ᠰᠠᠶᠢᠨ ᠰᠤᠷᠭᠠᠨ ᠬᠦᠮᠤᠵᠢᠯ ᠤᠨ ᠤᠷᠴᠢᠨ ᠲᠤᠭᠤᠷᠢᠨ ᠪᠠ ᠰᠤᠷᠤᠭᠴᠢ ᠶᠢᠨ ᠠᠮᠤᠷ ᠲᠦᠪᠰᠢᠨ ᠡᠷᠡᠬᠦᠯ ᠰᠠᠷᠠᠭᠤᠯ ᠦᠰᠦᠨ ᠪᠤᠶᠢᠵᠢᠬᠤ ᠤᠷᠴᠢᠨ ᠢ ᠪᠤᠢ ᠪᠤᠯᠬᠭᠠᠬᠤ ᠳᠤ ᠢᠳᠡᠪᠬᠢᠯᠠᠨ ᠴᠢᠷᠮᠠᠶᠢᠨ᠎ᠠ ᠬᠡᠵᠠᠢ
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号