ᠬᠦᠬᠡᠬᠤᠳᠠ ᠲᠡᠭᠡᠷ᠎ᠡ ᠬᠠᠭᠠᠰ ᠵᠢᠯ ᠳᠤ 1313 ᠡᠷᠡᠬᠦᠦ ᠶᠢᠨ ᠬᠡᠷᠡᠭ ᠤᠨ ᠶᠠᠯ᠎ᠠ ᠶᠢᠨ ᠰᠡᠵᠢᠭᠳᠡᠨ ᠢ ᠪᠠᠷᠢᠪᠴᠢᠯᠠᠵᠠᠢ
ᠨᠡᠶᠢᠲᠡᠯᠡᠭᠰᠡᠨ ᠴᠠᠭ᠄
2018-07-12
      ᠰᠤᠷᠪᠤᠯᠵᠢᠯᠠᠬᠴᠢ ᠬᠦᠬᠡᠬᠤᠳᠠ ᠶᠢᠨ ᠲᠤᠳᠤᠭᠠᠳᠤ ᠶᠢ ᠬᠠᠮᠠᠭᠠᠯᠠᠬᠤ ᠲᠤᠪᠴᠢᠶ᠎ᠠ ᠶᠢᠨ ᠤᠢᠢᠷ᠎ᠠ ᠳᠤ ᠬᠤᠷᠠᠯᠳᠤᠬᠰᠠᠨ ᠨᠠᠮ ᠪᠠᠶᠢᠭᠤᠯᠤᠬᠳᠠᠬᠰᠠᠨ 97 ᠵᠢᠯ ᠤᠨ ᠤᠢ ᠪᠤᠯᠤᠨ ︽ᠰᠢᠯᠢᠳᠡᠭ ᠨᠠᠮ ᠤᠨ ᠶᠠᠪᠤᠳᠠᠯ ᠤᠨ ᠠᠵᠢᠯᠳᠠᠨ᠂ ᠰᠢᠯᠢᠳᠡᠭ ᠡᠪ ᠬᠠᠮᠳᠤ ᠨᠠᠮ ᠤᠨ ᠬᠡᠰᠢᠬᠦᠨ ᠪᠤᠯᠤᠨ ᠲᠡᠷᠢᠬᠦᠨ ᠤ ᠦᠨᠳᠦᠰᠦᠨ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ︾ ᠶᠢ ᠰᠠᠶᠢᠰᠢᠶᠠᠨ ᠬᠦᠬᠢᠬᠦᠯᠬᠦ ᠶᠡᠭᠡ ᠬᠤᠷᠠᠯ ᠠᠴᠠ ᠤᠢᠢᠯᠠᠭᠠᠬᠰᠠᠨ ᠢᠶᠠᠷ᠂ ᠡᠨᠡ ᠵᠢᠯ ᠠᠴᠠ ᠨᠠᠭᠠᠰᠢ᠂ ᠬᠦᠬᠡᠬᠤᠳᠠ ᠶᠢᠨ ᠲᠤᠳᠤᠭᠠᠳᠤ ᠶᠢ ᠬᠠᠮᠠᠭᠠᠯᠠᠬᠤ ᠲᠤᠪᠴᠢᠶ᠎ᠠ ᠬᠡᠷᠡᠭ ᠢ ᠢᠯᠡᠷᠡᠬᠦᠯᠬᠦ ᠨᠤᠷᠮ᠎ᠠ ᠲᠡᠭᠡᠭᠰᠢᠯᠡᠭᠰᠡᠨ ᠤᠬᠢ ᠰᠠᠶᠢᠨ ᠪᠠᠶᠢᠳᠠᠯ ᠢ ᠪᠠᠳᠤᠯᠠᠵᠤ᠂ ᠤᠷᠤᠨ ᠤ ᠲᠦᠪ ᠬᠤᠳᠠ ᠶᠢᠨ ᠠᠮᠤᠷ ᠲᠦᠪᠰᠢᠨ ᠪᠤᠯᠤᠨ ᠨᠡᠶᠢᠬᠡᠮ ᠤᠨ ᠠᠮᠤᠷ ᠲᠤᠬᠳᠠᠭᠤᠨ ᠢ ᠬᠠᠮᠠᠭᠠᠯᠠᠬᠤ ᠳᠤ ᠲᠤᠪᠤᠶᠢᠮ᠎ᠠ ᠬᠤᠪᠢ ᠨᠡᠮᠡᠷᠢ ᠦᠵᠡᠬᠦᠯᠵᠡᠢ᠃      ᠡᠨᠡ ᠵᠢᠯ ᠤᠨ ᠲᠡᠭᠡᠷ᠎ᠡ ᠬᠠᠭᠠᠰ ᠵᠢᠯ ᠳᠤ᠂ ᠤᠷᠤᠨ ᠤ ᠲᠦᠪ ᠬᠤᠳᠠ ᠳᠤ ᠨᠡᠶᠢᠳᠡ 3696 ᠡᠷᠡᠬᠦᠦ ᠶᠢᠨ ᠬᠡᠷᠡᠭ ᠡᠬᠦᠰᠴᠦ᠂ ᠨᠢᠳᠤᠨᠤᠨ ᠵᠢᠯ ᠤᠨ ᠠᠳᠠᠯᠢ ᠬᠤᠭᠤᠴᠠᠭᠠᠨ ᠤ ᠬᠢ ᠠᠴᠠ 19.12% ᠲᠤᠷᠤᠬᠰᠢᠯᠠᠵᠠᠢ᠃ ᠡᠬᠦᠨ ᠳᠤ ᠲᠤᠨᠤᠵᠤ ᠲᠡᠭᠡᠷᠡᠮᠳᠡᠭᠰᠨᠨ ᠬᠡᠷᠡᠭ 9.3% ᠲᠤᠷᠤᠬᠰᠢᠯᠠᠵᠤ᠂ ᠪᠤᠯᠢᠶᠠᠬᠰᠠᠨ ᠬᠡᠷᠡᠭ 70% ᠲᠤᠷᠤᠬᠰᠢᠯᠠᠵᠤ᠂ ᠬᠤᠯᠠᠭᠠᠢᠢᠯᠠᠬᠰᠠᠨ ᠬᠡᠷᠡᠭ 28.1% ᠲᠤᠷᠤᠬᠰᠢᠯᠠᠵᠤ᠂ ᠮᠡᠭᠡᠯᠡᠭᠰᠡᠨ ᠬᠡᠷᠡᠭ 5.2% ᠲᠤᠷᠤᠬᠰᠢᠯᠠᠵᠠᠢ᠃ ᠲᠤᠳᠤᠭᠠᠳᠤ ᠶᠢ ᠬᠠᠮᠠᠭᠠᠯᠠᠬᠤ ᠰᠠᠯᠠᠭ᠎ᠠ ᠮᠦᠴᠢᠷ ᠤᠨ ᠬᠢᠨ 910 ᠬᠡᠷᠡᠭ ᠢ ᠢᠯᠡᠷᠡᠬᠦᠯᠦᠨ᠂ ᠬᠡᠷᠡᠭ ᠢ ᠢᠯᠡᠷᠡᠬᠦᠯᠦᠭᠰᠡᠨ ᠨᠤᠷᠮ᠎ᠠ 4.58% ᠲᠡᠭᠡᠭᠰᠢᠯᠡᠵᠡᠢ᠃ ᠡᠷᠡᠬᠦᠦ ᠶᠢᠨ ᠬᠡᠷᠡᠭ ᠤᠨ ᠶᠠᠯ᠎ᠠ ᠶᠢᠨ ᠰᠡᠵᠢᠭᠳᠡᠨ ᠢ 1313 ᠪᠠᠷᠢᠪᠴᠢᠯᠠᠵᠤ᠂ ᠨᠢᠳᠤᠨᠤᠨ ᠵᠢᠯ ᠤᠨ ᠠᠳᠠᠯᠢ ᠬᠤᠭᠤᠴᠠᠭᠠᠨ ᠤ ᠬᠢ ᠠᠴᠠ 20.13% ᠲᠡᠭᠡᠭᠰᠢᠯᠡᠵᠦ᠂ 6 ᠰᠠᠷ᠎ᠠ ᠶᠢᠨ 30 ᠤ ᠡᠳᠦᠷ ᠪᠤᠯᠳᠠᠯ᠎ᠠ᠂ ᠪᠦᠬᠦ ᠬᠤᠳᠠ ᠳᠤ ᠨᠢᠬᠡᠨᠳᠡ 172 ᠡᠳᠦᠷ ︽ᠪᠤᠯᠢᠶᠠᠵᠤ ᠲᠤᠨᠤᠬᠰᠠᠨ︾ ᠬᠡᠷᠡᠭ ᠡᠬᠦᠰᠦᠭᠰᠡᠨ ᠦᠬᠡᠢ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号