ᠦᠴᠦᠸᠠᠨ ᠰᠢᠶᠠᠨ ᠤ ᠣᠢ ᠰᠢᠭᠤᠢ ᠶᠢᠨ ᠲᠣᠪᠴᠢᠶ᠎ᠠ ᠶᠢᠨ ᠪᠠᠶᠢᠭᠤᠯᠭ᠎ᠠ ᠶᠢᠨ ᠨᠠᠮ ᠤᠨ ᠡᠭᠦᠷ ᠨᠠᠮ ‍ᠤᠨ‌‍ᠲ᠋ᠤᠭᠤᠶᠢᠯᠠᠩ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2018-07-13
     6 ᠳ᠋ᠤᠭᠠᠷ ᠰᠠᠷ᠎ᠠ ᠶᠢᠨ 26 ᠤ ᠡᠳᠤᠷ᠂ ᠣᠢ ᠰᠢᠭᠤᠢ ᠶᠢᠨ ᠲᠣᠪᠴᠢᠶ᠎ᠠ ᠶᠢᠨ ᠪᠠᠶᠢᠭᠤᠯᠭ᠎ᠠ ᠶᠢᠨ ᠨᠠᠮ ᠤᠨ ᠡᠭᠦᠷ ᠨᠢᠭᠡᠳᠤᠭᠡᠷ ᠨᠠᠮ ᠤᠨ ᠳᠤᠭᠤᠶᠢᠯᠠᠩ ᠤᠨ ᠬᠤᠷᠠᠯ ᠬᠤᠷᠠᠯᠳᠤᠭᠤᠯᠵᠤ᠂ ᠪᠦᠬᠦ ᠨᠠᠮ ᠤᠨ ᠭᠡᠰᠢᠭᠦᠳ ᠬᠤᠷᠠᠯ ᠳᠤ ᠣᠷᠤᠯᠴᠠᠪᠠ᠃ ᠬᠤᠷᠠᠯ ᠠᠴᠠ ᠡᠩ ᠲᠡᠷᠢᠭᠦᠨ ᠳᠤ ᠪᠦᠬᠦ ᠰᠢᠶᠠᠨ ᠤ ᠲᠤᠰᠬᠤᠨ ᠳᠤ ᠰᠠᠭᠤᠭ᠎ᠠ ᠠᠵᠢᠯᠯᠠᠬᠤ ᠳᠤᠭᠤᠶᠢᠯᠠᠩ ᠤᠨ ᠪᠣᠯᠪᠠᠰᠤᠷᠠᠯ ᠤᠨ ᠬᠤᠷᠠᠯ ᠤᠨ ᠲᠠᠶᠢᠯᠤᠮᠵᠢ ᠶᠢ ᠳᠠᠮᠵᠢᠭᠤᠯᠤᠨ ᠰᠤᠷᠤᠯᠴᠠᠪᠠ᠂ ᠲᠠᠶᠢᠯᠤᠮᠵᠢ ᠨᠢ ᠰᠢ  ᠶᠢᠨ ᠫᠢᠩ ᠶᠡᠷᠦᠩᠬᠡᠢ ᠱᠦᠵᠢ ᠶᠢᠨ《 ᠨᠢᠭᠡ ᠬᠤᠶᠠᠷ ᠭᠤᠷᠪᠠ ᠳᠥᠷᠪᠡ ᠲᠠᠪᠤ ᠵᠢᠷᠭᠤᠭ᠎ᠠ ᠳᠣᠯᠤᠭ᠎ᠠ》ᠤᠨᠢᠨ ᠳᠡᠭᠡᠷ᠎ᠡ ᠨᠢ ᠶᠠᠳᠠᠭᠤ ᠶᠢ ᠲᠡᠳᠬᠦᠬᠦ ᠣᠨᠤᠪᠴᠢᠲᠠᠢ ᠪᠠᠷ ᠶᠠᠳᠠᠭᠤ ᠠᠴᠠ ᠠᠩᠭᠢᠵᠢᠷᠠᠭᠤᠯᠬᠤ ᠦᠨᠳᠦᠰᠦᠨ ᠪᠠᠶᠢᠯᠳᠤᠬᠤ ᠪᠣᠳᠤᠯᠭ᠎ᠠ ᠪᠠ ᠮᠠᠨ ᠤ ᠰᠢᠶᠠᠨ ᠤ ᠪᠤᠳᠠᠲᠠᠢ ᠶᠠᠳᠠᠭᠤ ᠶᠢ ᠲᠡᠳᠬᠦᠬᠦ ᠲᠦᠷᠤ ᠶᠢᠨ ᠪᠣᠳᠤᠯᠭ᠎ᠠ ᠳᠤ ᠰᠢᠰᠲ᠋ᠧᠮ ᠲᠠᠢ ᠲᠣᠭᠠᠴᠢᠯᠲᠠ ᠬᠢᠵᠤ᠂ ᠦᠷᠭᠡᠨ ᠣᠯᠠᠨ ᠨᠠᠮ ᠤᠨ ᠭᠡᠰᠢᠭᠦᠳ ᠤᠨ ᠣᠨᠤᠪᠴᠢᠲᠠᠢ ᠪᠠᠷ ᠶᠠᠳᠠᠭᠤ ᠠᠴᠠ ᠠᠩᠭᠢᠵᠢᠷᠠᠭᠤᠯᠬᠤ᠂ ᠤᠨᠢᠨ ᠳᠡᠭᠡᠷ᠎ᠡ ᠨᠢ ᠶᠠᠳᠠᠭᠤ ᠶᠢ ᠲᠡᠳᠬᠦᠬᠦ ᠬᠤᠯᠪᠤᠭᠳᠠᠯ ᠪᠦᠬᠦᠢ ᠲᠥᠷᠦ ᠶᠢᠨ ᠪᠣᠳᠤᠯᠭ᠎ᠠ ᠳᠤ ᠣᠯᠠᠮ ᠨᠢᠭᠡ ᠠᠯᠬᠤᠮ ᠤᠨ ᠣᠶᠢᠯᠠᠭᠠᠯᠲᠠ ᠲᠠᠢ ᠪᠤᠯᠭᠠᠵᠤ᠂ ᠮᠠᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠳᠣᠮᠳᠠ ᠲᠣᠬᠢᠶᠠᠯᠳᠤᠭᠰᠠᠨ ᠠᠰᠠᠭᠤᠳᠠᠯ ᠪᠠ ᠬᠦᠴᠢᠷᠳᠡᠯ ᠢ ᠰᠢᠢᠳᠪᠦᠷᠢᠯᠡᠬᠦ ᠳᠤ ᠴᠢᠭᠯᠡᠯ ᠢ ᠵᠢᠭᠠᠪᠠ᠃      ᠳᠠᠷᠠᠭ᠎ᠠ ᠳᠤᠨᠢ᠂ ᠳᠣᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 97 ᠵᠢᠯ ᠤᠨ ᠣᠢ ᠶᠢ ᠪᠠᠶᠠᠷᠯᠠᠨ ᠪᠡᠯᠭᠡᠯᠡᠬᠦ ᠶᠢᠨ ᠲᠥᠯᠦᠭᠡ᠂ ᠪᠠᠶᠢᠭᠤᠯᠭ᠎ᠠ ᠶᠢᠨ ᠨᠠᠮ ᠤᠨ ᠡᠭᠦᠷ ᠤᠨ ᠱᠠᠭᠠᠷᠳᠠᠯᠭ᠎ᠠ ᠪᠠᠷ᠂ ᠨᠠᠮ ᠤᠨ ᠳᠤᠭᠤᠶᠢᠯᠠᠩ《 ᠨᠠᠮ ᠤᠨ ᠲᠤᠭ ᠲᠤ ᠦᠩᠭᠡ ᠨᠡᠮᠡᠷᠢᠯᠡᠨ᠂ ᠠᠵᠢᠯ ᠤᠨ ᠪᠠᠶᠢᠷᠢ ᠳᠤ ᠪᠠᠨ ᠬᠤᠪᠢ ᠨᠡᠮᠡᠷᠢᠯᠡᠶ᠎ᠡ》ᠭᠡᠬᠦ ᠰᠡᠳᠤᠪᠲᠤ  ᠨᠠᠮ ᠤᠨ ᠡᠳᠦᠷᠯᠢᠭ ᠤᠨ ᠠᠵᠢᠯᠯᠠᠭ᠎ᠠ ᠦᠷᠨᠢᠭᠦᠯᠪᠡ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号