ᠦᠴᠦᠸᠠᠨ ᠰᠢᠶᠠᠨ ᠤ ᠤᠯᠠᠭᠠᠨᠮᠥ᠋ᠴᠢᠷ ᠶᠠᠨ ᠠᠨ ᠳᠤ ᠬᠦᠷᠴᠤ《 ᠳᠠᠯᠠᠨ ᠬᠠᠷ᠎ᠠ ᠶᠢᠨ ᠥᠭᠢᠳ ᠬᠦᠪᠡᠭᠦᠳ》ᠭᠡᠬᠦ ᠲᠣᠭᠯᠠᠯᠲᠠ ᠭᠠᠷᠭᠠᠪᠠ
ᠨᠡᠶᠢᠲᠡᠯᠡᠭᠰᠡᠨ ᠴᠠᠭ᠄
2018-07-13
     ᠳᠠᠯᠠᠨ ᠬᠠᠷ᠎ᠠ ᠠᠭᠤᠯᠠ ᠶᠢᠨ ᠶᠠᠫᠣᠨ ᠢ ᠡᠰᠡᠷᠭᠦᠴᠡᠬᠦ ᠫᠠᠷᠲ᠋ᠢᠽᠠᠨ ᠰᠠᠭᠤᠷᠢᠨ ᠭᠠᠵᠠᠷ ᠪᠠᠶᠢᠭᠤᠯᠤᠭᠳᠠᠭᠰᠠᠨ 80 ᠵᠢᠯ ᠤᠨ ᠣᠢ ᠶᠢᠨ ᠲᠠᠰᠢᠷᠠᠮ ᠢᠶᠠᠷ᠂ ᠶᠠᠨ ᠠᠨ ᠬᠤᠲᠠ ᠶᠢᠨ ᠰᠣᠶᠤᠯ ᠷᠠᠳᠢᠣ᠋ ᠰᠣᠨᠢᠨ ᠮᠡᠳᠡᠭᠡ ᠬᠡᠪᠯᠡᠯ ᠤᠨ ᠲᠣᠪᠴᠢᠶ᠎ᠠ ᠶᠢᠨ ᠤᠷᠢᠯᠭ᠎ᠠ ᠪᠠᠷ᠂ ᠦᠴᠦᠸᠠᠨ ᠰᠢᠶᠠᠨ ᠤ ᠤᠯᠠᠭᠠᠨᠮᠥ᠋ᠴᠢᠷ ᠤᠨ ᠬᠢᠨ ᠶᠠᠨ ᠠᠨ ᠳᠤ ᠬᠦᠷᠴᠤ ᠦᠪᠡᠷᠲᠡᠭᠡᠨ ᠵᠣᠬᠢᠶᠠᠨ ᠪᠦᠲᠦᠭᠡᠭᠰᠡᠨ ᠲᠣᠮᠤ ᠬᠡᠯᠪᠡᠷᠢ ᠶᠢᠨ ᠫᠠᠱᠠᠨ ᠠᠶᠠᠰ ᠤᠨ ᠤᠤᠭᠠᠯ ᠪᠥᠲᠦᠭᠡᠯ ᠬᠤᠪᠢᠰᠬᠠᠯ ᠤᠨ ᠲᠡᠤᠬᠡᠲᠤ ᠵᠦᠴᠦᠭᠡ《 ᠳᠠᠯᠠᠨ ᠬᠠᠷ᠎ᠠ ᠶᠢᠨ ᠥᠭᠢᠳ ᠬᠦᠪᠡᠭᠦᠳ》ᠭᠡᠬᠦ ᠲᠣᠭᠯᠠᠯᠲᠠ ᠭᠠᠷᠭᠠᠪᠠ᠃      ᠳᠠᠯᠠᠨ ᠬᠠᠷ᠎ᠠ ᠠᠭᠤᠯᠠ ᠶᠢᠨ ᠶᠠᠫᠣᠨ ᠢ ᠡᠰᠡᠷᠭᠦᠴᠡᠬᠦ ᠫᠠᠷᠲ᠋ᠢᠽᠠᠨ ᠰᠠᠭᠤᠷᠢᠨ ᠭᠠᠵᠠᠷ ᠪᠣᠯ ᠪᠦᠬᠦ ᠣᠯᠣᠰ ᠤᠨ19 ᠶᠠᠫᠤᠨ ᠢ ᠡᠰᠡᠷᠭᠦᠴᠡᠬᠦ ᠬᠤᠪᠢᠰᠬᠠᠯ ᠤᠨ ᠰᠠᠭᠤᠷᠢᠨ ᠤ ᠨᠢᠭᠡ ᠮᠦᠨ᠂ ᠭᠤᠣᠯ ᠪᠣᠯᠬᠤ ᠣᠷᠣᠨ ᠪᠦᠰᠡ ᠪᠠ ᠭᠤᠣᠯᠳᠠᠯᠭᠠᠲᠤ ᠣᠷᠤᠨ ᠨᠢ ᠦᠴᠦᠸᠠᠨ ᠰᠢᠶᠠᠨ ᠪᠣᠯᠤᠨ᠎ᠠ᠃ 1938 ᠣᠨ ᠤ 5 ᠳ᠋ᠤᠭᠠᠷ ᠰᠠᠷ᠎ᠠ ᠳᠤ ᠮᠠᠥ ᠽᠧ ᠳ᠋ᠦᠩ ᠲᠡᠷᠢᠭᠦᠯᠡᠭᠴᠢ ᠶᠠᠨ ᠠᠨ ᠠᠴᠠ ᠨᠠᠶᠢᠮᠠᠳᠤᠭᠠᠷ ᠵᠠᠮ ᠤᠨ ᠴᠡᠷᠢᠭ ᠤᠨ 120  ᠳ᠋ᠤᠭᠠᠷ ᠳ᠋ᠢᠸᠢᠽᠢ ᠳᠤ ᠳ᠋ᠢᠶᠠᠨᠪᠤᠤ ᠢᠯᠡᠭᠡᠵᠤ᠂ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠲᠠᠯᠠᠨ ᠬᠠᠷ᠎ᠠ ᠠᠭᠤᠯᠠ ᠳᠤ ᠬᠦᠷᠴᠤ ᠶᠠᠫᠤᠨ ᠢ ᠡᠰᠡᠷᠭᠦᠴᠡᠬᠦ ᠰᠠᠭᠤᠷᠢᠨ ᠭᠠᠵᠠᠷ ᠨᠡᠭᠡᠭᠡᠬᠦ ᠶᠢ ᠵᠠᠷᠯᠢᠭᠳᠠᠪᠠ᠃ ᠲᠤᠰ ᠵᠢᠯ ᠤᠨ 9 ᠰᠠᠷ᠎ᠠ ᠳᠤ᠂ ᠦᠴᠦᠸᠠᠨ ᠰᠢᠶᠠᠨ ᠳᠤ ᠳᠠᠯᠠᠨ ᠬᠠᠷ᠎ᠠ ᠠᠭᠤᠯᠠ ᠶᠢᠨ ᠶᠠᠫᠣᠨ ᠢ ᠡᠰᠡᠷᠭᠦᠴᠡᠬᠦ ᠫᠠᠷᠲ᠋ᠢᠽᠠᠨ ᠰᠠᠭᠤᠷᠢᠨ ᠭᠠᠵᠠᠷ ᠪᠠᠶᠢᠭᠤᠯᠪᠠ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号