ᠮᠠᠨ ᠤ ᠬᠤᠲᠠ ᠨᠢᠭᠡᠳᠦᠭᠡᠷ ᠹᠷᠣᠨᠲ ᠳᠡᠭᠡᠷ᠎ᠡ ᠠᠵᠢᠯᠯᠠᠵᠤ ᠪᠠᠶᠢᠭ᠎ᠠ ᠪᠠᠭᠰᠢ ᠨᠠᠷ ᠲᠤ 300 ᠢᠵᠢ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠲᠣᠬᠢᠷᠠᠭᠤᠯᠪᠠ
ᠨᠡᠶᠢᠲᠡᠯᠡᠭᠰᠡᠨ ᠴᠠᠭ᠄
2018-07-13
      ᠰᠤᠷᠪᠤᠯᠵᠢᠯᠠᠭᠴᠢ ᠲᠦᠷᠦᠭᠦᠬᠡᠨ ᠬᠤᠲᠠ ᠶᠢᠨ ᠣᠷᠣᠨ ᠰᠠᠭᠤᠴᠠ ᠶᠢᠨ ᠪᠠᠲᠤᠯᠠᠭ᠎ᠠ ᠪᠠ ᠭᠡᠷ ᠪᠠᠶᠢᠰᠢᠩ ᠤᠨ ᠬᠠᠮᠢᠶᠠᠷᠤᠯᠲᠠ ᠶᠢᠨ ᠲᠣᠪᠴᠢᠶ᠎ᠠ ᠠᠴᠠ ᠣᠶᠢᠯᠭᠠᠭᠰᠠᠨ  ᠢᠶᠠᠷ  ᠂ ᠮᠠᠨ ᠤ ᠬᠤᠲᠠ ᠶᠢᠨ ᠠᠯᠪᠠᠨ ᠵᠢᠷᠤᠮ ᠤᠨ ᠰᠤᠷᠭᠠᠨ ᠬᠥᠮᠥᠵᠢᠯ ᠤᠨ ᠰᠤᠷᠭᠠᠭᠤᠯᠢ ᠶᠢᠨ ᠨᠢᠭᠡᠳᠦᠭᠡᠷ ᠹᠷᠣᠨᠲ ᠳᠡᠭᠡᠷ᠎ᠡ ᠠᠵᠢᠯᠯᠠᠵᠤ ᠪᠠᠶᠢᠭ᠎ᠠ ᠪᠠᠭᠰᠢ ᠨᠠᠷ ᠤᠨ ᠣᠷᠣᠨ ᠰᠠᠭᠤᠴᠠ ᠶᠢᠨ ᠬᠦᠴᠢᠷᠳᠡᠯ ᠲᠠᠢ ᠠᠰᠠᠭᠤᠳᠠᠯ ᠢ ᠲᠣᠬᠢᠷᠠᠮᠵᠢᠲᠠᠢ ᠰᠢᠢᠳᠪᠦᠷᠢᠯᠡᠵᠦ  ᠂ ᠳᠤᠮᠳᠠᠳᠤ ᠪᠠᠭ᠎ᠠ ᠰᠤᠷᠭᠠᠭᠤᠯᠢ  ᠶᠢᠨ ᠪᠠᠭᠰᠢ ᠶᠢᠨ ᠡᠩᠨᠡᠭᠡ ᠶᠢ ᠲᠣᠭᠲᠠᠭᠤᠨ ᠪᠠᠶᠢᠯᠭᠠᠵᠤ᠂ ᠪᠠᠭᠰᠢ ᠶᠢᠨ ᠪᠦᠬᠦ ᠰᠡᠳᠬᠢᠯ ᠢᠶᠠᠨ ᠬᠢᠴᠢᠶᠡᠯ ᠬᠥᠮᠥᠵᠢᠯ ᠳᠡᠭᠡᠷ᠎ᠡ ᠲᠥᠪᠯᠡᠷᠡᠭᠦᠯᠬᠦ ᠶᠢᠨ ᠲᠥᠯᠥᠭᠡ ᠮᠠᠨ ᠤ ᠬᠤᠲᠠ ᠳᠠᠯᠠᠢ ᠳᠠᠭᠠᠤ ᠣᠷᠣᠨ ᠪᠣᠯᠣᠨ ᠠᠨᠾᠦ᠋ᠢ ᠮᠤᠵᠢ ᠶᠢᠨ ᠪᠠᠭᠰᠢ ᠶᠢᠨ ᠣᠷᠣᠨ ᠰᠠᠭᠤᠴᠠ ᠶᠢ ᠪᠠᠲᠤᠯᠠᠭ᠎ᠠ ᠶᠢᠨ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠤ ᠣᠷᠣᠭᠤᠯᠤᠭᠰᠠᠨ ᠲᠡᠷᠢᠭᠦᠨ ᠤ ᠠᠷᠭ᠎ᠠ ᠪᠠᠷ ᠯᠠᠪᠯᠠᠯᠲᠠ ᠪᠣᠯᠭᠠᠵᠤ᠂ ᠡᠨᠡ ᠵᠢᠯ  ᠳᠤ ᠬᠤᠲᠠ ᠶᠢᠨ ᠳᠥᠷᠪᠡᠨ ᠲᠣᠭᠤᠷᠢᠭ ᠤᠨ ᠠᠯᠪᠠᠨ ᠵᠢᠷᠤᠮ ᠤᠨ ᠰᠤᠷᠭᠠᠨ ᠬᠥᠮᠥᠵᠢᠯ ᠤᠨ ᠱᠠᠲᠤᠨ ᠤ ᠰᠤᠷᠭᠠᠭᠤᠯᠢ ᠶᠢᠨ ᠨᠢᠭᠡᠳᠦᠭᠡᠷ ᠹᠷᠣᠨᠲ ᠳᠡᠭᠡᠷ᠎ᠡ ᠠᠵᠢᠯᠯᠠᠵᠤ ᠪᠠᠶᠢᠭ᠎ᠠ ᠪᠠᠭᠰᠢ ᠨᠠᠷ ᠲᠤ 300 ᠢᠵᠢ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠲᠣᠬᠢᠷᠠᠭᠤᠯᠤᠭᠰᠠᠨ ᠮᠥᠷᠲᠡᠭᠡᠨ ᠣᠷᠴᠢᠮ ᠤᠨ ᠡᠳᠦᠷ ᠨᠢᠭᠡᠨᠲᠡ ᠡᠯ᠎ᠡ ᠲᠣᠭᠤᠷᠢᠭ ᠤᠨ ᠰᠤᠷᠭᠠᠨ ᠬᠥᠮᠥᠵᠢᠯ ᠤᠨ ᠰᠢᠰᠲ᠋ᠧᠮ ᠤᠨ ᠬᠢᠨ ᠳᠤ ᠬᠤᠪᠢᠶᠠᠵᠤ ᠥᠭᠭᠦᠭᠰᠡᠨ ᠪᠠᠶᠢᠨ᠎ᠠ᠃      ᠮᠠᠨ ᠤ ᠬᠤᠲᠠ ᠭᠤᠶᠤᠴᠢᠯᠠᠬᠤ ᠨᠥᠬᠦᠴᠡᠯ ᠳᠤ ᠨᠡᠶᠢᠴᠡᠭᠰᠡᠨ ᠨᠢᠭᠡᠳᠦᠭᠡᠷ ᠹᠷᠣᠨᠲ ᠳᠡᠭᠡᠷ᠎ᠡ ᠠᠵᠢᠯᠯᠠᠵᠤ ᠪᠠᠶᠢᠭ᠎ᠠ ᠪᠠᠭᠰᠢ ᠨᠠᠷ ᠲᠤ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠣᠯᠭᠤᠬᠤ ᠠᠷᠭ᠎ᠠ ᠬᠡᠮᠵᠢᠶ᠎ᠡ ᠨᠢ ᠰᠤᠷᠭᠠᠨ ᠬᠥᠮᠥᠵᠢᠯ ᠤᠨ ᠰᠢᠰᠲ᠋ᠧᠮ ᠴᠢᠳᠠᠪᠤᠷᠢᠲᠠᠨ ᠤ ᠠᠩᠬᠠᠷᠤᠯ ᠢ ᠲᠠᠲᠠᠬᠤ ᠳᠤ ᠬᠦᠴᠦᠨ ᠪᠦᠬᠦᠢ ᠪᠠᠲᠤᠯᠠᠭ᠎ᠠ ᠬᠠᠩᠭᠠᠭᠰᠠᠨ ᠤ ᠬᠠᠮᠲᠤ ᠮᠠᠨ ᠤ ᠬᠤᠲᠠ ᠶᠢᠨ ᠣᠷᠣᠨ ᠰᠠᠭᠤᠴᠠ ᠶᠢᠨ ᠪᠠᠲᠤᠯᠠᠭ᠎ᠠ ᠶᠢᠨ ᠬᠢᠷᠢ ᠲᠦᠪᠰᠢᠨ ᠢ ᠶᠡᠬᠡᠪᠡᠷ ᠳᠡᠭᠡᠭᠰᠢᠯᠡᠭᠦᠯᠵᠦ᠂ ᠡᠨᠡ ᠲᠥᠷᠥᠯ ᠤᠨ ᠠᠷᠠᠳ ᠤᠨ ᠠᠮᠢᠳᠤᠷᠠᠯ ᠤᠨ ᠢᠨᠵᠧᠨᠧᠷᠢᠩ ᠢ ᠰᠢᠨ᠎ᠡ ᠲᠦᠪᠰᠢᠨ ᠳᠤ ᠬᠦᠷᠭᠡᠨ ᠠᠬᠢᠭᠤᠯᠤᠭᠰᠠᠨ ᠪᠠᠶᠢᠨ᠎ᠠ  ᠃  ︵ᠬᠥᠬᠡᠬᠤᠲᠠ ᠶᠢᠨ ᠡᠳᠦᠷ ᠤᠨ ᠰᠣᠨᠢᠨ᠂ ᠰᠤᠷᠪᠤᠯᠵᠢᠯᠠᠭᠴᠢ  ᠶᠦᠨ ᠶᠠᠨ ᠹᠠᠩ︶
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号