ᠦᠴᠦᠸᠠᠨ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ ᠲᠡᠭᠡᠷ᠎ᠡ ᠬᠠᠭᠠᠰ ᠵᠢᠯ 1500 ᠲᠥᠮᠡᠨ ᠲᠥᠭᠦᠷᠢᠭ ᠤᠨ ᠪᠡᠯᠡ ᠭᠠᠷᠭᠠᠵᠤ ᠡᠯᠧᠺᠲᠷᠤᠨ ᠬᠤᠳᠠᠯᠳᠤᠭᠠᠨ ᠤ ᠬᠦᠳᠡᠭᠡ ᠲᠤᠰᠬᠤᠨ ᠳᠤ ᠣᠷᠤᠬᠤ ᠵᠢᠱᠢᠶ᠎ᠡ ᠦᠵᠡᠭᠦᠯᠬᠦ ᠠᠵᠢᠯ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2018-07-16
     6 ᠳ᠋ᠤᠭᠠᠷ ᠰᠠᠷ᠎ᠠ ᠶᠢᠨ ᠡᠴᠦᠰ ᠪᠤᠯᠲᠠᠯ᠎ᠠ᠂ ᠦᠴᠦᠸᠠᠨ ᠰᠢᠶᠠᠨ ᠤ ᠡᠳ᠋ ᠤᠨ ᠵᠠᠰᠠᠭ ᠠᠴᠠ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠬᠦᠳᠡᠭᠡ ᠲᠤᠰᠬᠤᠨ ᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠨᠥᠬᠦᠪᠦᠷᠢ ᠪᠡᠯᠡ ᠮᠥᠩᠭᠦ ᠨᠡᠶᠢᠲᠡ 1500 ᠲᠥᠮᠡᠨ ᠲᠥᠭᠦᠷᠢᠭ ᠪᠠᠭᠤᠯᠭᠠᠪᠠ᠃ ᠲᠤᠰ ᠲᠥᠷᠦᠯ ᠵᠦᠢᠯ ᠤᠨ ᠪᠡᠯᠡ ᠮᠥᠩᠭᠦ ᠶᠢ ᠭᠤᠤᠯᠳᠠᠭᠤ ᠰᠢᠶᠠᠨ ᠤ ᠳᠡᠰ ᠤᠨ ᠡᠯᠧᠺᠲᠷᠣᠨ ᠬᠤᠳᠠᠯᠳᠤᠭᠠᠨ ᠤ ᠣᠯᠠᠨ ᠨᠡᠶᠢᠲᠡ ᠶᠢᠨ ᠦᠢᠯᠡᠴᠢᠯᠡᠭᠡ ᠶᠢᠨ ᠲᠥᠪ ᠢ ᠦᠭᠡᠷᠡᠴᠢᠯᠡᠨ ᠰᠠᠶᠢᠵᠢᠷᠠᠭᠤᠯᠬᠤ ᠵᠢᠴᠢ ᠡᠵᠡᠩᠨᠡᠬᠦ᠂ ᠲᠠᠷᠢᠶᠠᠯᠠᠩ ᠤᠨ ᠪᠥᠲᠦᠭᠡᠭᠳᠡᠬᠦᠨ ᠢ ᠰᠦᠯᠵᠢᠶᠡᠨ ᠳᠡᠭᠡᠷ᠎ᠡ ᠬᠤᠳᠠᠯᠳᠤᠭᠠᠯᠠᠬᠤ᠂ ᠶᠠᠰᠣ ᠴᠢᠨᠠᠷ ᠤᠨ ᠮᠦᠷᠳᠡᠯᠲᠡ ᠬᠢᠬᠦ᠂ ᠨᠡᠷᠡᠲᠤ ᠲᠡᠮᠳᠡᠭᠲᠤ ᠶᠢ ᠪᠣᠶᠢᠵᠢᠭᠤᠯᠬᠤ᠂ ᠰᠢᠶᠠᠨ ᠰᠢᠶᠠᠩ ᠲᠤᠰᠬᠤᠨ ᠤ ᠭᠤᠷᠪᠠᠨ ᠱᠠᠲᠤᠨ ᠤ ᠪᠠᠷᠠᠭᠠᠨ ᠤ  ᠭᠦᠢᠯᠭᠡᠭᠡᠨ ᠤ ᠪᠦᠷᠢᠨ ᠲᠦᠬᠦᠷ ᠰᠢᠰᠲ᠋ᠧᠮ ᠢ ᠪᠠᠶᠢᠭᠤᠯᠬᠤ᠂ ᠬᠦᠳᠡᠭᠡ ᠲᠤᠰᠬᠤᠨ ᠤ ᠡᠯᠧᠺᠲᠷᠤᠨ ᠬᠤᠳᠠᠯᠳᠤᠭᠠᠨ ᠤ ᠴᠢᠳᠠᠪᠤᠷᠢᠲᠠᠨ ᠢ ᠬᠦᠮᠦᠵᠢᠭᠦᠯᠬᠦ᠂ ᠬᠦᠳᠡᠭᠡ ᠲᠤᠰᠬᠤᠨ ᠤ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠴᠢᠭ᠋ ᠢ ᠪᠠᠶᠢᠭᠤᠯᠬᠤ ᠵᠡᠷᠭᠡ ᠲᠠᠯ᠎ᠠ ᠶᠢᠨ ᠪᠠᠶᠢᠭᠤᠯᠤᠯᠲᠠ ᠳᠤ ᠬᠡᠷᠡᠭᠯᠡᠨ᠎ᠡ᠃      ᠡᠳ᠋ ᠤᠨ ᠵᠠᠰᠠᠭ ᠤᠨ ᠪᠡᠯᠡ ᠮᠥᠩᠭᠦ ᠶᠢᠨ ᠣᠷᠤᠭᠤᠯᠤᠯᠲᠠ ᠪᠠᠷ ᠳᠠᠮᠵᠢᠨ᠂ ᠨᠡᠶᠢᠭᠡᠮ ᠤᠨ ᠬᠥᠷᠦᠩᠭᠡ ᠶᠢᠨ ᠬᠦᠳᠡᠭᠡ ᠲᠤᠰᠬᠤᠨ ᠤ ᠡᠯᠧᠺᠲᠷᠣᠨ ᠬᠤᠳᠠᠯᠳᠤᠭᠠᠨ ᠤ ᠠᠵᠢᠯ ᠳᠤ ᠣᠷᠤᠬᠤ ᠶᠢ ᠳᠠᠶᠢᠴᠢᠯᠠᠵᠤ᠂ ᠦᠴᠦᠸᠠᠨ ᠰᠢᠶᠠᠨ  ᠤ ᠬᠦᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠣᠯᠭ᠎ᠠ ᠶᠢᠨ ᠲᠥᠯᠦᠪᠯᠡᠯᠭᠡ ᠶᠢᠨ ᠬᠡᠷᠡᠭᠵᠢᠭᠦᠯᠦᠯᠲᠡ ᠶᠢ ᠪᠦᠬᠦ ᠲᠠᠯ᠎ᠠ ᠪᠠᠷ ᠠᠬᠢᠭᠤᠯᠬᠤ ᠶᠢᠨ ᠬᠠᠮᠲᠤ ᠦᠴᠦᠸᠠᠨ ᠰᠢᠶᠠᠨ ᠤ ᠠᠵᠤ ᠦᠢᠯᠡᠰ ᠢᠶᠠᠷ ᠶᠠᠳᠠᠭᠤ ᠶᠢ ᠲᠡᠳᠬᠦᠬᠦ᠂ ᠡᠯᠧᠺᠲᠷᠣᠨ ᠬᠤᠳᠠᠯᠳᠤᠭ᠎ᠠ ᠪᠠᠷ ᠶᠠᠳᠠᠭᠤ ᠶᠢ ᠲᠡᠳᠬᠦᠬᠦ᠂ ᠣᠨᠢᠨ ᠳᠡᠭᠡᠷ᠎ᠡ ᠨᠢ ᠶᠠᠳᠠᠭᠤ ᠶᠢ ᠲᠡᠳᠬᠦᠬᠦ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠤᠨ ᠭᠦᠨᠵᠡᠭᠡᠢ ᠦᠷᠨᠢᠯᠲᠡ ᠶᠢ ᠬᠦᠴᠦᠯᠡᠨ ᠠᠬᠢᠭᠤᠯᠤᠨ᠎ᠠ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号