ᠬᠦᠬᠡᠬᠤᠲᠠ ᠶᠢᠨ ᠵᠠᠰᠠᠭ ᠤᠨ ᠶᠠᠪᠣᠳᠠᠯ ᠤᠨ ᠶᠡᠭᠡ ᠲᠢᠩᠬᠢᠮ ᠤᠨ ᠳᠣᠲᠣᠭᠠᠲᠣ ᠶᠢ ᠬᠠᠮᠠᠭᠠᠯᠠᠬᠤ  ᠦᠢᠯᠡᠴᠢᠯᠡᠭᠡᠨ ᠤᠨ ᠴᠤᠩᠬᠤᠪᠴᠢ ᠪᠦᠬᠦ ᠣᠯᠣᠰ ᠤᠨ  ᠠᠰᠳᠠᠭᠠᠨ ᠭᠠᠵᠠᠷ ᠤᠨ ᠪᠠᠶ᠎ᠠ ᠶᠢᠨ ᠦᠨᠡᠮᠯᠡᠯ ᠤᠨ ᠲᠣᠬᠠᠶᠢᠯᠠᠭᠰᠠᠨ ᠠᠵᠢᠯ ᠢ ᠨᠡᠭᠡᠭᠡᠪᠡ
ᠨᠡᠶᠢᠲᠡᠯᠡᠭᠰᠡᠨ ᠴᠠᠭ᠄
2018-07-16
ᠪᠡᠶ᠎ᠡ ᠶᠢᠨ ᠦᠨᠡᠮᠯᠡᠯ ᠠᠪᠬᠤ ᠳᠤ ᠶᠡᠮᠡᠷ ᠴᠦ ᠮᠠᠲ᠋ᠧᠷᠢᠶᠠᠯ ᠠᠪᠬᠤ ᠴᠢᠬᠤᠯᠠ ᠦᠭᠡᠢ        7 ᠰᠠᠷ᠎ᠠ ᠶᠢᠨ1 ᠳᠤ᠂ ᠪᠦᠬᠦ ᠣᠯᠣᠰ ᠤᠨ ᠰᠠᠭᠤᠭᠠᠯᠢ ᠠᠷᠠᠳ ᠤᠨ ᠡᠷᠦᠬᠡ ᠠᠮᠠ ᠶᠢᠨ ᠪᠣᠰᠣ ᠭᠠᠵᠠᠷ  ᠤᠨ ᠪᠡᠶ᠎ᠡ ᠵᠢᠨ‌ᠦᠨᠡᠮᠯᠡᠯ ᠤᠨ ᠠᠪᠬᠤ ᠲᠣᠬᠠᠶᠢᠯᠠᠭᠰᠠᠨ ᠠᠵᠢᠯ ᠤᠨ ᠬᠦᠬᠡᠬᠤᠲᠠ ᠶᠢᠨ ᠵᠠᠰᠠᠭ ᠤᠨ ᠶᠠᠪᠣᠳᠠᠯ ᠤᠨ ᠦᠢᠯᠡᠴᠢᠯᠡᠭᠡᠨ ᠤ ᠲᠢᠩᠬᠢᠮ ‍ᠤᠨ‌‍ᠲ᠋ᠣᠲᠣᠭᠠᠳᠣ ᠶᠢ ᠬᠠᠮᠠᠭᠠᠯᠠᠬᠤ ᠦᠢᠯᠡᠴᠢᠯᠡᠭᠡᠨ ᠤᠨ ᠴᠤᠩᠬᠤᠪᠴᠢ ᠵᠢᠩᠬᠢᠨᠢ ᠪᠠᠷ ᠨᠡᠭᠡᠭᠡᠵᠦ᠂ 12   ᠤ  ᠦᠳᠡ ᠶᠢᠨ ᠬᠤᠶᠢᠨ᠎ᠠ ᠪᠣᠯᠲᠠᠯ᠎ᠠ ᠵᠠᠰᠠᠭ ᠤᠨ ᠶᠠᠪᠣᠳᠠᠯ ᠤᠨ ᠶᠡᠭᠡ ᠲᠢᠩᠬᠢᠮ ᠤᠨ ᠳᠣᠲᠣᠭᠠᠲᠣ   ᠶᠢ ᠬᠠᠮᠠᠭᠠᠯᠠᠬᠤ ᠦᠢᠯᠡᠴᠢᠯᠡᠭᠡᠨ ᠤ ᠴᠢ ᠨᠡᠶᠢᠲᠡ 57 ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢ ᠬᠦᠯᠢᠶᠡᠨ ᠰᠢᠢᠳᠪᠦᠷᠢᠯᠡᠵᠦ᠂ ᠡᠭᠦᠨ ᠳᠤ  ᠪᠦᠬᠦ  ᠣᠯᠣᠰ   ᠤᠨ ᠠᠰᠲᠠᠭᠠᠨ ᠭᠠᠵᠠᠷ ᠤᠨ ᠪᠡᠶ᠎ᠡ ᠶᠢᠨ ᠦᠨᠡᠮᠯᠡᠯ 26᠂ ᠥᠪᠦᠷ ᠮᠣᠩᠭᠤᠯ ᠤᠨ ᠥᠪᠡᠷᠲᠡᠭᠡᠨ ᠵᠠᠰᠠᠬᠤ  ᠣᠷᠣᠨ   ᠤ  ᠪᠡᠶ᠎ᠡ   ᠶᠢᠨ ᠦᠨᠡᠮᠯᠡᠯ  31 ᠪᠤᠢ᠃              ᠣᠶᠢᠯᠭᠠᠭᠰᠠᠨ ᠢᠶᠠᠷ᠂ ᠪᠦᠬᠦ ᠣᠯᠣᠰ ᠤᠨ ᠬᠡᠪᠴᠢᠶᠡᠨ ᠳᠤ ᠰᠠᠭᠤᠭᠠᠯᠢ  ᠠᠷᠠᠳ   ᠤᠨ  ᠪᠡᠶ᠎ᠡ   ᠶᠢᠨ ᠦᠨᠡᠮᠯᠡᠯ  ᠶᠢᠨ ᠬᠤᠭᠤᠴᠠᠭ᠎ᠠ ᠨᠢ ᠲᠣᠯᠵᠣ ᠦᠨᠡᠮᠯᠡᠯ  ᠰᠣᠯᠢᠬᠤ᠂ ᠬᠡᠬᠡᠭᠰᠡᠨ ᠢᠶᠠᠨ ᠨᠥᠬᠦᠬᠦ᠂ ᠡᠪᠳᠡᠷᠡᠭᠰᠡᠨ ᠢ  ᠨᠥᠬᠦᠬᠦ ᠶᠢ ᠴᠥᠮ  ᠰᠢᠢᠳᠪᠦᠷᠢᠯᠡᠵᠦ ᠪᠣᠯᠣᠨ᠎ᠠ︔ ᠶᠠᠮᠠᠷᠴᠤ ᠮᠠᠲ᠋ᠧᠷᠢᠶᠠᠯ ᠬᠠᠩᠭᠠᠬᠤ ᠴᠢᠬᠤᠯᠠ ᠦᠭᠡᠢ᠂ ᠲᠣᠰ ᠬᠥᠮᠦᠨ ᠰᠢᠢᠳᠪᠦᠷᠢᠯᠡᠵᠦ᠂ ᠲᠣᠰ ᠬᠥᠮᠦᠨ ᠥᠪᠡᠷᠲᠡᠭᠡᠨ‌ᠠᠪᠣᠨ᠎ᠠ︔ ᠲᠥᠯᠦᠪᠦᠷᠢ ᠬᠤᠷᠢᠶᠠᠬᠤ ᠪᠠᠷᠢᠮᠵᠢᠶ᠎ᠠ ᠪᠣᠯ᠂ ᠬᠤᠭᠤᠴᠠᠭ᠎ᠠ  ᠨᠢ ᠲᠣᠯᠣᠭᠠᠳ ᠦᠨᠡᠮᠯᠡᠯ ᠰᠣᠯᠢᠬᠤ ᠳᠤ20 ᠲᠥᠭᠦᠷᠢᠭ᠂ ᠭᠡᠭᠡᠰᠡᠨ ︵ᠪᠣᠶᠣ ᠡᠪᠳᠡᠷᠡᠭᠰᠡᠨ︶ ᠢ ᠨᠥᠬᠦᠨ ᠠᠪᠬᠤ ᠳᠤ 40 ᠲᠥᠭᠦᠷᠢᠭ︔ ᠬᠦᠯᠢᠶᠡᠨ ᠠᠪᠣᠭᠰᠠᠨ ᠡᠳᠦᠷ ᠠᠴᠠ60 ᠡᠳᠦᠷ ‍ᠤᠨ‌‍ᠲ᠋ᠣᠲᠣᠷ᠎ᠠ᠂ ᠦᠨᠡᠮᠯᠡᠯ ᠦᠢᠯᠡᠳᠪᠦᠷᠢᠯᠡᠵᠦ ᠳᠠᠭᠤᠰᠣᠭᠰᠠᠨ ᠤ ᠳᠠᠷᠠᠭ᠎ᠠ ᠦᠨᠡᠮᠯᠡᠯ ᠠᠪᠬᠤ ᠬᠥᠮᠦᠨ ᠤ ᠵᠠᠰᠠᠭ ᠤᠨ ᠶᠠᠪᠣᠳᠠᠯ  ‍ᠤᠨ‌‍ᠲ᠋ᠢᠩᠬᠢᠮ ᠳᠤ ᠢᠷᠡᠵᠦ ᠬᠡᠷᠡᠴᠢ  ᠪᠠᠨ ᠠᠪᠬᠤ ᠶᠢ ᠠᠷᠠᠳ ᠤᠨ ᠴᠠᠭᠳᠠᠭ᠎ᠠ ᠣᠳᠠᠰᠣ ᠪᠠᠷ ᠮᠡᠳᠡᠭᠳᠡᠨ᠎ᠡ᠃               ᠨᠢ ᠵᠢᠶᠦ᠋ᠨ ᠸᠧᠨ ᠤ ᠲᠠᠨᠢᠯᠴᠠᠭᠤᠯᠣᠭᠰᠠᠨ ᠢᠶᠠᠷ᠂ ᠡᠨᠡ ᠪᠣᠯ 2017 ᠣᠨ ᠤ 8 ᠰᠠᠷ᠎ᠠ ᠠᠴᠠ ᠥᠪᠦᠷ ᠮᠣᠩᠭᠤᠯ ‍ᠤᠨ‌ᠥᠪᠡᠷᠡᠲᠡᠭᠡᠨ ᠵᠠᠰᠠᠬᠤ ᠣᠷᠣᠨ ᠤ ᠪᠡᠶ᠎ᠡ ᠶᠢᠨ ᠦᠨᠡᠮᠯᠡᠯ  ᠶᠢᠨ ᠥᠪᠡᠷᠲᠡᠭᠡᠨ ᠰᠢᠢᠳᠪᠦᠷᠢᠯᠡᠬᠦ  ᠠᠩᠬᠠᠳᠠᠭᠴᠢ ᠲᠤᠭᠤᠷᠢᠭ   ᠢ ᠪᠦᠲᠦᠭᠡᠨ ᠪᠠᠶᠢᠭᠤᠯᠣᠭᠰᠠᠨ ᠤ ᠳᠠᠷᠠᠭ᠎ᠠ᠂ ᠳᠣᠲᠣᠭᠠᠲᠣ ᠶᠢ ᠬᠠᠮᠠᠭᠠᠯᠠᠬᠤ ᠪᠠᠶᠢᠭᠤᠯᠣᠮᠵᠢ ︽ᠲᠠᠯᠪᠢᠬᠤ ᠬᠠᠮᠢᠶᠠᠷᠬᠤ ᠦᠢᠯᠡᠴᠢᠯᠡᠬᠦ︾ ᠢ ᠬᠦᠨᠵᠡᠭᠡᠶᠢᠷᠡᠭᠦᠯᠦᠨ ᠥᠭᠡᠷᠡᠴᠢᠯᠡᠵᠦ ᠭᠠᠷᠭᠠᠭᠰᠠᠨ ᠠᠷᠠᠳ ᠲᠤ ᠳᠥᠬᠦᠮ ᠦᠵᠡᠬᠦᠯᠬᠦ ᠪᠠᠰᠠ ᠨᠢᠭᠡ ᠵᠦᠢᠯ ᠤᠨ ᠰᠢᠨ᠎ᠡ  ᠠᠷᠭ᠎ᠠ ᠠᠪᠴᠢᠯ ᠪᠤᠯᠤᠨ᠎ᠠ᠂ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠤᠨ ᠲᠣᠬᠠᠶᠢᠯᠠᠭᠰᠠᠨ ᠠᠵᠢᠯ ᠤᠨ  ᠣᠯᠠᠮ  ᠨᠢᠭᠡ  ᠠᠯᠬᠤᠮ‌ᠥᠷᠭᠡᠳᠬᠡᠬᠦ ᠪᠠ ᠣᠷᠳᠣᠳᠬᠠᠬᠤ ᠳᠤ ᠪᠦᠬᠦ ᠣᠯᠣᠰ ᠤᠨ ᠠᠰᠳᠠᠭᠠᠨ ᠭᠠᠵᠠᠷ ᠤᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ‌‍ᠤᠨ ︽ᠨᠢᠭᠡ ᠥᠷᠲᠡᠭᠡ ᠶᠢᠨ ᠬᠡᠯᠪᠡᠷᠢ︾ ᠪᠠᠷ ᠰᠢᠢᠳᠪᠦᠷᠢᠯᠡᠬᠦ ᠶᠢ ᠪᠡᠶᠡᠯᠡᠬᠦᠯᠪᠡ᠃              ᠵᠠᠰᠠᠭ ᠤᠨ ᠶᠠᠪᠣᠳᠠᠯ ᠤᠨ ᠶᠡᠭᠡ ᠲᠢᠩᠬᠢᠮ ᠤᠨ ᠳᠣᠲᠣᠭᠠᠳᠣ ᠶᠢ ᠬᠠᠮᠠᠭᠠᠯᠠᠬᠤ ᠦᠢᠯᠡᠴᠢᠯᠡᠭᠡᠨ ᠤᠨ  ᠴᠤᠩᠬᠤᠪᠴᠢ   ᠳᠤ ᠢᠷᠡᠵᠦ ᠪᠡᠶ᠎ᠡ ᠶᠢᠨ ᠦᠨᠡᠮᠯᠡᠯ ᠭᠦᠢᠴᠡᠳᠭᠡᠭᠰᠡᠳ᠂ ᠪᠡᠶ᠎ᠡ ᠶᠢᠨ ᠦᠨᠡᠮᠯᠡᠯ  ᠬᠢᠯᠭᠡᠬᠦ  ᠲᠣᠰ  ᠬᠥᠮᠦᠨ  ᠡᠷᠬᠡᠪᠰᠢ  ᠦᠪᠡᠷ  ᠵᠢᠡᠨ‌ᠢᠷᠡᠬᠦ᠂ ᠬᠦᠨ ᠥᠩᠭᠡ ᠲᠠᠢ ᠬᠤᠪᠴᠠᠰᠣ ᠡᠮᠦᠰᠴᠤ ᠢᠷᠡᠬᠦ ᠬᠡᠷᠡᠭᠲᠡᠢ᠂ ᠡᠨᠡ ᠪᠤᠯ ᠪᠡᠶ᠎ᠡ ᠶᠢᠨ ᠦᠨᠡᠮᠯᠡᠯ ᠬᠢᠯᠭᠡᠬᠦ ᠵᠢᠷᠤᠭ ᠰᠡᠭᠦᠲᠡᠷ ᠠᠪᠬᠤ ᠦᠨᠲᠦᠰᠦᠨ ᠱᠠᠭᠠᠷᠲᠠᠯᠭ᠎ᠠ ᠪᠤᠯᠤᠨ᠎ᠠ ᠭᠡᠵᠦ ᠨᠢ ᠵᠢᠶᠦ᠋ᠨ ᠸᠧᠨ ᠣᠨᠴᠠᠭᠠᠶᠢᠯᠠᠨ ᠰᠠᠨᠠᠭᠤᠯᠵᠤ ᠪᠤᠢ᠃    
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号