| | | 7 ᠰᠠᠷ᠎ᠠ ᠶᠢᠨ 13 ᠤ ᠡᠳᠦᠷ᠂ ᠨᠠᠢᠮᠠᠳᠤᠭᠠᠷ ᠬᠤᠭᠤᠴᠠᠭᠠᠨ ᠤ ᠳᠤᠮᠳᠠᠳᠤ ᠤᠯᠤᠰ · ᠬᠦᠬᠡᠬᠤᠳᠠ ᠶᠢᠨ | ᠴᠦᠬᠡᠨ ᠲᠤᠭᠠᠳᠤ ᠦᠨᠳᠦᠰᠦᠳᠡᠨ ᠤ ᠰᠤᠶᠤᠯ ᠵᠤᠭᠠᠴᠠᠯ ᠤᠨ ᠤᠷᠠᠯᠢᠭ ᠤᠨ ᠠᠵᠢᠯᠯᠠᠭ᠎ᠠ ᠵᠢᠴᠢ ᠬᠤᠶᠠᠳᠤᠭᠠᠷ | ᠬᠤᠭᠤᠴᠠᠭᠠᠨ ᠤ ᠪᠦᠬᠦ ᠤᠯᠤᠰ ᠤᠨ ᠴᠦᠬᠡᠨ ᠲᠤᠭᠠᠳᠤ ᠦᠨᠳᠦᠰᠦᠳᠡᠨ ᠤ ᠰᠢᠯᠢᠳᠡᠭ ᠳᠠᠭᠤᠤ ᠬᠦᠭᠵᠢᠮ ᠤᠨ | ᠪᠦᠲᠦᠭᠡᠯ ᠤᠨ ᠲᠤᠭᠯᠠᠯᠳᠠ ᠦᠪᠦᠷ ᠮᠤᠩᠭᠤᠯ ᠤᠨ ᠦᠨᠳᠦᠰᠦᠳᠡᠨ ᠤ ᠤᠷᠠᠯᠢᠭ ᠵᠦᠴᠦᠭᠡ ᠶᠢᠨ ᠬᠦᠷᠢᠶᠡᠯᠡᠩ ᠳᠤ | ᠬᠦᠰᠢᠭᠡ ᠪᠠᠨ ᠨᠡᠬᠡᠬᠡᠪᠡ᠃ 79 ᠡᠳᠦᠷ ᠶᠠᠪᠤᠭᠳᠠᠬᠤ ᠲᠤᠰ ᠠᠵᠢᠯᠯᠠᠭ᠎ᠠ ᠨᠢ ᠳᠠᠭᠤᠤ ᠪᠦᠵᠢᠭ᠂ ᠠᠷᠠᠳ ᠤᠨ ᠵᠠᠩ | ᠦᠢᠯᠠ ᠶᠢᠨ ᠲᠤᠭᠯᠠᠯᠳᠠ᠂ ᠵᠤᠭᠠᠴᠠᠯ᠂ ᠦᠨᠳᠦᠰᠦᠳᠡᠨ ᠤ ᠺᠢᠨᠣ᠋ ᠶᠢᠨ ᠦᠵᠡᠭᠦᠯᠭᠡ ᠵᠡᠷᠭᠡ ᠤᠯᠠᠨ ᠬᠡᠯᠪᠡᠷᠢ ᠪᠠᠷ | ᠬᠦᠬᠡᠬᠤᠳᠠ ᠶᠢᠨ ᠵᠤᠭᠠᠴᠠᠯ ᠤᠨ ᠰᠤᠶᠤᠯ ᠵᠢᠴᠢ ᠪᠦᠬᠦ ᠤᠯᠤᠰ ᠤᠨ ᠴᠦᠬᠡᠨ ᠲᠤᠭᠠᠳᠤ ᠦᠨᠳᠦᠰᠦᠳᠡᠨ ᠤ | ᠤᠨᠴᠠᠯᠢᠭᠳᠤ ᠰᠤᠶᠤᠯ ᠢ ᠤᠬᠠᠭᠤᠯᠵᠤ᠂ ᠡᠯ᠎ᠠ ᠴᠦᠬᠡᠨ ᠲᠤᠭᠠᠳᠤ ᠦᠨᠳᠦᠰᠦᠳᠡᠨ ᠤ ᠭᠠᠵᠠᠷ ᠤᠷᠤᠨ ᠤ ᠬᠦᠭᠵᠢᠯ | ᠴᠡᠴᠡᠭᠯᠡᠯ ᠪᠤᠯᠤᠨ ᠦᠨᠳᠦᠰᠦᠳᠡᠨ ᠤ ᠪᠦᠯᠬᠦᠮᠳᠡᠯ ᠤᠨ ᠳᠦᠷᠢ ᠪᠠᠶᠢᠳᠠᠯ ᠢ ᠭᠦᠢᠴᠡᠳ ᠢᠯᠡᠷᠡᠭᠦᠯᠬᠦ ᠪᠤᠯᠤᠨ᠎ᠠ᠃ | ᠰᠤᠷᠪᠤᠯᠵᠢᠯᠠᠭᠴᠢ ᠴᠧᠩ ᠶᠢᠩ ᠵᠢᠶᠦ᠋ᠨ ᠰᠡᠭᠦᠳᠡᠷᠯᠡᠪᠡ |