ᠦᠪᠦᠷ ᠮᠣᠩᠭᠤᠯ ᠤᠨ ᠡᠮᠨᠡᠯᠬᠡ ᠸᠢᠴᠠᠲ ᠵᠡᠷᠬᠡ ᠪᠠᠷ ᠲᠤᠭᠠᠴᠠᠭ᠎ᠠ ᠬᠢᠵᠦ ᠪᠤᠯᠬᠤ ᠪᠤᠯᠪᠠ
ᠨᠡᠶᠢᠲᠡᠯᠡᠭᠰᠡᠨ ᠴᠠᠭ᠄
2018-07-16
      7 ᠰᠠᠷ᠎ᠠ ᠶᠢᠨ 12 ᠤᠨ ᠡᠳᠤᠷ ᠠᠴᠠ ᠡᠬᠢᠯᠡᠨ ᠦᠪᠦᠷ ᠮᠣᠩᠭᠤᠯ  ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠡᠮᠨᠡᠯᠬᠡ ᠨᠢ ᠳᠤᠰ ᠡᠮᠨᠡᠯᠬᠡ ᠶᠢᠨ ᠡᠬᠦᠳᠡᠨ ᠡᠮᠨᠡᠯᠬᠡ ᠸᠢᠴᠠᠲ᠂ Alipay ᠵᠡᠷᠬᠡ ᠪᠠᠷ ᠲᠤᠭᠠᠴᠠᠭ᠎ᠠ ᠬᠢᠵᠤ ᠪᠤᠯᠬᠤ ᠪᠤᠯᠵᠠᠢ᠃      ᠤᠶᠢᠯᠠᠭᠠᠭᠰᠠᠨ ᠢᠶᠠᠷ᠂ ᠦᠪᠦᠷ ᠮᠣᠩᠭᠤᠯ ᠤᠨ ᠠᠷᠠᠳ ᠤᠨ ᠡᠮᠨᠡᠯᠬᠡ ᠶᠢᠨ ᠬᠤᠷᠢᠶ᠎ᠠ ᠦᠪᠡᠷᠳᠡᠬᠡᠨ ᠵᠠᠰᠠᠬᠤ ᠤᠷᠤᠨ ᠤ ᠬᠡᠪᠴᠢᠶ ᠎ᠡ ᠪᠠᠷ ᠬᠠᠮᠤᠬ ᠤᠨ ᠲᠤᠮᠤ ᠭᠤᠷᠪᠠᠳᠤᠭᠠᠷ ᠲᠡᠰ ᠤᠨ ᠡᠮᠨᠡᠯᠬᠡ ᠪᠤᠯᠤᠭᠰᠠᠨ ᠤ ᠬᠤᠪᠢ ᠳᠤ 2017 ᠤᠨ ᠳᠤ ᠤᠨᠤᠰᠢᠯᠠᠭᠤᠯᠤᠨ ᠡᠮᠴᠢᠯᠡᠬᠦᠯᠤᠭ᠍ᠰᠡᠨ ᠡᠪᠡᠳᠴᠢᠳᠡᠨ ᠲᠠᠪᠬᠤᠷᠳᠠᠭᠰᠠᠨ ᠲᠤᠭ᠎ᠠ ᠪᠠᠷ 219 ᠲᠦᠮᠡ ᠳᠤ ᠬᠦᠷᠪᠡ᠂ ᠡᠶᠢᠮᠤ ᠳᠤ ᠲᠦᠯᠦᠪᠦᠷᠢ ᠬᠤᠷᠢᠶᠠᠬᠤ ᠠᠵᠢᠯ ᠤᠨ ᠲᠠᠷᠤᠭᠠᠰᠤ ᠬᠦᠨᠳᠦᠷᠡᠵᠡᠢ᠃ ᠤᠳᠤᠬᠢᠴᠢᠯᠠᠭᠰᠠᠨ ᠰᠢᠨᠵᠢᠯᠡᠬᠦ ᠤᠬᠠᠭᠠᠨ ᠮᠡᠷᠬᠡᠵᠢᠯ ᠤᠨ ᠲᠠᠪᠰᠢᠯᠳᠠ ᠪᠤᠯᠤᠨ ᠬᠦᠮᠦᠰ ᠤᠨ ᠲᠤᠭᠠᠴᠠᠭ᠎ᠠ ᠬᠢᠬᠦ ᠠᠷᠭ᠎ᠠ ᠶᠢᠨ ᠬᠤᠪᠢᠷᠠᠯᠳᠠ ᠶᠢ ᠲᠠᠭᠠᠯᠳᠤᠨ ᠸᠢᠴᠠᠲ ᠵᠡᠷᠬᠡ ᠪᠠᠷ ᠲᠤᠭᠠᠴᠠᠭ᠎ᠠ ᠬᠢᠬᠦ ᠠᠷᠭ᠎ᠠ ᠶᠢ ᠬᠡᠷᠡᠭᠯᠡᠬᠦ ᠨᠢ ᠵᠠᠶᠢᠯᠠᠰᠢ ᠦᠭᠡᠢ ᠪᠤᠯᠪᠠ᠃ ᠡᠬᠦᠨ ᠳᠤ ᠲᠤᠷᠰᠢᠨ ᠰᠢᠯᠭᠠᠭᠰᠠᠨ ᠢᠶᠠᠷ ᠸᠢᠴᠠᠲ ᠢᠶᠠᠷ ᠲᠤᠭᠠᠴᠠᠭ᠎ᠠ ᠬᠢᠬᠦ ᠵᠡᠷᠬᠡ ᠠᠷᠭ᠎ᠠ ᠨᠢ ᠡᠪᠡᠳᠴᠢᠳᠡᠨ ᠤ ᠮᠦᠷᠦᠯᠡᠨ ᠬᠦᠯᠢᠶᠡᠬᠦ ᠴᠠᠭ ᠢ ᠬᠡᠮᠨᠡᠵᠤ᠂ ᠡᠮᠴᠢᠯᠡᠬᠦᠯᠬᠦ ᠶᠠᠪᠤᠴᠠ ᠶᠢ ᠲᠦᠬᠦᠮᠴᠢᠯᠡᠵᠤ᠂ ᠲᠦᠯᠦᠪᠦᠷᠢ ᠬᠤᠷᠢᠶᠠᠬᠤ ᠪᠦᠲᠦᠮᠵᠢ ᠶᠢ ᠲᠡᠭᠡᠰᠢᠯᠡᠬᠦᠯᠤᠭ᠍ᠰᠠᠨ ᠪᠠᠶᠢᠨ᠎ᠠ᠃
 
ᠢᠷᠡᠯᠲᠡ᠄ ᠬᠦᠬᠡᠬᠤᠳᠠ ᠶᠢᠨ ᠤᠷᠤᠢ ᠶᠢᠨ ᠰᠤᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号