| | | 7 ᠰᠠᠷ᠎ᠠ ᠶᠢᠨ 13 ᠤ ᠡᠳᠦᠷ᠂ ᠨᠠᠢᠮᠠᠳᠤᠭᠠᠷ ᠬᠤᠭᠤᠴᠠᠭᠠᠨ ᠤ ᠳᠤᠮᠳᠠᠳᠤ ᠤᠯᠤᠰ · ᠬᠦᠬᠡᠬᠤᠳᠠ ᠶᠢᠨ ᠴᠦᠬᠡᠨ ᠲᠤᠭᠠᠳᠤ ᠦᠨᠳᠦᠰᠦᠳᠡᠨ ᠤ ᠰᠤᠶᠤᠯ ᠵᠤᠭᠠᠴᠠᠯ ᠤᠨ | ᠤᠷᠠᠯᠢᠭ ᠤᠨ ᠠᠵᠢᠯᠯᠠᠭ᠎ᠠ ᠵᠢᠴᠢ ᠬᠤᠶᠠᠳᠤᠭᠠᠷ ᠬᠤᠭᠤᠴᠠᠭᠠᠨ ᠤ ᠪᠦᠬᠦ ᠤᠯᠤᠰ ᠤᠨ ᠴᠦᠬᠡᠨ ᠲᠤᠭᠠᠳᠤ ᠦᠨᠳᠦᠰᠦᠳᠡᠨ ᠤ ᠰᠢᠯᠢᠳᠡᠭ ᠳᠠᠭᠤᠤ ᠬᠦᠭᠵᠢᠮ ᠤᠨ ᠪᠦᠲᠦᠭᠡᠯ ᠤᠨ | ᠲᠤᠭᠯᠠᠯᠳᠠ ᠦᠪᠦᠷ ᠮᠤᠩᠭᠤᠯ ᠤᠨ ᠦᠨᠳᠦᠰᠦᠳᠡᠨ ᠤ ᠤᠷᠠᠯᠢᠭ ᠵᠦᠴᠦᠭᠡ ᠶᠢᠨ ᠬᠦᠷᠢᠶᠡᠯᠡᠩ ᠳᠤ ᠬᠦᠰᠢᠭᠡ ᠪᠠᠨ ᠨᠡᠬᠡᠬᠡᠪᠡ᠃ 79 ᠡᠳᠦᠷ ᠶᠠᠪᠤᠭᠳᠠᠬᠤ ᠲᠤᠰ ᠠᠵᠢᠯᠯᠠᠭ᠎ᠠ ᠨᠢ | ᠳᠠᠭᠤᠤ ᠪᠦᠵᠢᠭ᠂ ᠠᠷᠠᠳ ᠤᠨ ᠵᠠᠩ ᠦᠢᠯᠠ ᠶᠢᠨ ᠲᠤᠭᠯᠠᠯᠳᠠ᠂ ᠵᠤᠭᠠᠴᠠᠯ᠂ ᠦᠨᠳᠦᠰᠦᠳᠡᠨ ᠤ ᠺᠢᠨᠣ᠋ ᠶᠢᠨ ᠦᠵᠡᠭᠦᠯᠭᠡ ᠵᠡᠷᠭᠡ ᠤᠯᠠᠨ ᠬᠡᠯᠪᠡᠷᠢ ᠪᠠᠷ ᠬᠦᠬᠡᠬᠤᠳᠠ ᠶᠢᠨ | ᠵᠤᠭᠠᠴᠠᠯ ᠤᠨ ᠰᠤᠶᠤᠯ ᠵᠢᠴᠢ ᠪᠦᠬᠦ ᠤᠯᠤᠰ ᠤᠨ ᠴᠦᠬᠡᠨ ᠲᠤᠭᠠᠳᠤ ᠦᠨᠳᠦᠰᠦᠳᠡᠨ ᠤ ᠤᠨᠴᠠᠯᠢᠭᠳᠤ ᠰᠤᠶᠤᠯ ᠢ ᠤᠬᠠᠭᠤᠯᠵᠤ᠂ ᠡᠯ᠎ᠠ ᠴᠦᠬᠡᠨ ᠲᠤᠭᠠᠳᠤ ᠦᠨᠳᠦᠰᠦᠳᠡᠨ ᠤ ᠭᠠᠵᠠᠷ | ᠤᠷᠤᠨ ᠤ ᠬᠦᠭᠵᠢᠯ ᠴᠡᠴᠡᠭᠯᠡᠯ ᠪᠤᠯᠤᠨ ᠦᠨᠳᠦᠰᠦᠳᠡᠨ ᠤ ᠪᠦᠯᠬᠦᠮᠳᠡᠯ ᠤᠨ ᠳᠦᠷᠢ ᠪᠠᠶᠢᠳᠠᠯ ᠢ ᠭᠦᠢᠴᠡᠳ ᠢᠯᠡᠷᠡᠭᠦᠯᠬᠦ ᠪᠤᠯᠤᠨ᠎ᠠ᠃ ᠰᠤᠷᠪᠤᠯᠵᠢᠯᠠᠭᠴᠢ ᠴᠧᠩ ᠶᠢᠩ ᠵᠢᠶᠦ᠋ᠨ | ᠰᠡᠭᠦᠳᠡᠷᠯᠡᠪᠡ |