ᠹᠦ᠋ ᠯᠢ ᠨᠡᠶᠢᠭᠡᠮ ᠲᠣᠭᠤᠷᠢᠭ 2018 ᠣᠨ ᠤ ᠡᠷᠡᠭᠦᠯ ᠮᠡᠨᠳᠦ ᠲᠦᠷᠭᠡᠨ ᠠᠪᠤᠷᠠᠬᠤ ᠮᠡᠳᠡᠯᠭᠡ ᠶᠢᠨ ᠭᠤᠣᠯ ᠰᠡᠳᠦᠪᠲᠦ ᠲᠠᠶᠢᠯᠤᠮᠵᠢ  ᠡᠷᠬᠢᠯᠡᠪᠡ
ᠨᠡᠶᠢᠲᠡᠯᠡᠭᠰᠡᠨ ᠴᠠᠭ᠄
2018-07-17
     ᠰᠠᠭᠤᠭᠠᠯᠢ ᠠᠷᠠᠳ ᠤᠨ ᠲᠦᠷᠭᠡᠨ ᠠᠪᠤᠷᠠᠬᠤ ᠤᠬᠠᠮᠰᠠᠷ ᠢ ᠳᠡᠭᠡᠭᠰᠢᠯᠡᠭᠦᠯᠦᠨ᠂ ᠲᠦᠷᠭᠡᠨ ᠠᠪᠤᠷᠠᠬᠤ ᠤᠷ᠎ᠠ ᠴᠢᠳᠠᠪᠤᠷᠢ ᠶᠢ  ᠴᠢᠩᠭᠠᠳᠬᠠᠬᠤ ᠶᠢᠨ ᠲᠥᠯᠥᠭᠡ᠂ 2018 ᠤᠨ ᠤ 7 ᠳ᠋ᠤᠭᠠᠷ ᠰᠠᠷ᠎ᠠ ᠶᠢᠨ12 ᠤ ᠦᠳᠡ ᠶᠢᠨ ᠡᠮᠦᠨ᠎ᠡ 9᠄ 30 ᠲᠤ  ᠹᠦ᠋ ᠯᠢ ᠨᠡᠶᠢᠭᠡᠮ ᠲᠣᠭᠤᠷᠢᠭ ᠤᠨ ᠭᠤᠷᠪᠠᠳᠤᠭᠠᠷ ᠠᠰᠠᠷ ᠤᠨ ᠬᠤᠷᠠᠯ ᠤᠨ ᠭᠡᠷ ᠲᠤ ︽2018 ᠣᠨ ᠤ ᠡᠷᠡᠭᠦᠯ ᠮᠡᠨᠳᠦ ᠲᠦᠷᠭᠡᠨ ᠠᠪᠤᠷᠠᠬᠤ ᠮᠡᠳᠡᠯᠭᠡ︾ ᠶᠢᠨ ᠲᠠᠶᠢᠯᠤᠮᠵᠢ ᠡᠷᠬᠢᠯᠡᠵᠦ᠂ ᠨᠡᠶᠢᠲᠡ 25 ᠬᠡᠷᠡᠭ ᠡᠷᠬᠢᠯᠡᠬᠦ ᠭᠠᠵᠠᠷ᠂ ᠨᠡᠶᠢᠭᠡᠮ ᠲᠣᠭᠤᠷᠢᠭ ᠤᠨ ᠺᠠᠳ᠋ᠷᠴᠤᠳ ᠬᠢᠭᠡᠳ ᠬᠠᠷᠢᠶ᠎ᠠ ᠭᠠᠵᠠᠷ ᠤᠨ ᠰᠠᠭᠤᠭᠠᠯᠢ ᠠᠷᠠᠳ ᠤᠨ ᠲᠥᠯᠥᠭᠡᠯᠡᠭᠴᠢ ᠲᠤᠰ ᠤᠳᠠᠭᠠᠨ ᠤ ᠲᠠᠶᠢᠯᠤᠮᠵᠢ ᠳᠤ ᠤᠷᠤᠯᠴᠠᠪᠠ᠃      ᠨᠡᠶᠢᠭᠡᠮ ᠲᠣᠭᠤᠷᠢᠭ ᠤᠯᠤᠰ  ᠠᠴᠠ ᠲᠠᠩᠰᠠᠯᠠᠭᠰᠠᠨ ᠡᠷᠡᠭᠦᠯ ᠮᠡᠨᠳᠦ ᠶᠢᠨ ᠬᠠᠮᠢᠶᠠᠷᠤᠭᠴᠢ᠂ ᠳᠤᠮᠳᠠᠳᠤ ᠤᠯᠤᠰ ᠤᠨ ᠠᠮᠤᠷ ᠲᠦᠪᠰᠢᠨ ᠪᠠ ᠡᠷᠡᠭᠦᠯ ᠮᠡᠨᠳᠥ  ᠶᠢᠨ ᠰᠤᠷᠭᠠᠨ ᠬᠥᠮᠦᠵᠢᠯ ᠤᠨ ᠲᠥᠪ ᠤᠨ ᠤᠬᠠᠭᠤᠯᠭ᠎ᠠ ᠬᠥᠮᠦᠵᠢᠯ ᠤᠨ ᠰᠠᠯᠠᠭᠠᠨ ᠤ ᠡᠷᠬᠢᠯᠡᠭᠴᠢ  ᠭᠤᠤ ᠰᠢᠶᠤᠤ ᠢ  ᠶᠢ ᠡᠨᠡ ᠤᠳᠠᠭᠠᠨ ᠤ ᠲᠠᠶᠢᠯᠤᠮᠵᠢ ᠶᠢᠨ ᠯᠧᠺᠲ᠋ᠣᠷ ᠢᠶᠠᠷ ᠣᠨᠴᠠ ᠣᠷᠢᠵᠤ᠂ ᠰᠠᠭᠤᠭᠠᠯᠢ ᠠᠷᠠᠳ ᠲᠤ ᠭᠤᠤᠯᠳᠠᠭᠤ CPR ᠲᠤᠬᠠᠶ ᠶᠢᠨ ᠲᠠᠯᠠᠪᠠᠢ ᠶᠢᠨ ᠪᠠᠴᠢᠮ ᠠᠪᠤᠷᠠᠬᠤ ᠮᠡᠳᠡᠯᠭᠡ ᠂ ᠮᠠᠨᠠᠨ ᠪᠤᠲᠠᠩ᠂ ᠭᠡᠷ ᠳᠣᠲᠣᠷᠠᠬᠢ ᠵᠠᠰᠠᠯ ᠴᠢᠮᠡᠭᠯᠡᠯ ᠤᠨ ᠪᠣᠬᠢᠷᠲᠤᠯ ᠤᠨ ᠬᠤᠣᠷ ᠬᠥᠨᠥᠭᠡᠯ ᠵᠢᠴᠢ ᠰᠡᠷᠭᠡᠶᠢᠯᠡᠨ ᠬᠠᠮᠠᠭᠠᠯᠠᠬᠤ᠂ ᠬᠤᠪᠢ ᠬᠥᠮᠦᠨ ᠤ ᠡᠭᠡᠯᠢᠯᠡᠬᠦ ᠴᠢᠳᠠᠯ ᠢᠶᠠᠨ ᠬᠡᠷᠬᠢᠨ ᠳᠡᠭᠡᠭᠰᠢᠯᠡᠭᠦᠯᠬᠦ᠂ ᠡᠷᠡᠭᠦᠯᠦᠪᠲᠦᠷ ᠢ ᠰᠠᠶᠢᠵᠢᠷᠠᠭᠤᠯᠬᠤ ᠮᠡᠳᠡᠯᠭᠡ ᠶᠢ ᠲᠦᠭᠡᠮᠡᠯᠵᠢᠭᠦᠯᠵᠦ᠂ ᠦᠷᠭᠦᠯᠵᠢ ᠲᠣᠬᠢᠶᠠᠯᠳᠤᠳᠠᠭ ᠤᠳᠠᠭᠠᠨ ᠴᠢᠨᠠᠷᠲᠠᠶ ᠡᠪᠡᠳᠴᠢᠨ ᠢ ᠰᠡᠷᠭᠡᠶᠢᠯᠡᠬᠦ ᠵᠢᠴᠢ ᠦᠷᠭᠦᠯᠵᠢ ᠲᠣᠬᠢᠶᠠᠯᠳᠤᠳᠠᠭ ᠠᠯᠪᠠᠨ ᠭᠡᠷ ᠤᠨ ᠠᠵᠢᠯ ᠮᠡᠷᠭᠡᠵᠢᠯ ᠤᠨ ᠡᠪᠡᠳᠴᠢᠨ ᠢ ᠰᠡᠷᠭᠡᠶᠢᠯᠡᠨ ᠵᠠᠰᠠᠬᠤ ᠵᠡᠷᠭᠡ ᠡᠷᠡᠭᠦᠯ ᠮᠡᠨᠳᠤ ᠶᠢᠨ ᠲᠤᠬᠠᠢ ᠮᠡᠳᠡᠯᠭᠡ ᠶᠢ ᠶᠠᠷᠢᠵᠦ ᠥᠭᠪᠡ᠃      ᠯᠧᠺᠲ᠋ᠣᠷ ᠤᠨ ᠬᠢᠯᠪᠠᠷ ᠣᠶᠢᠯᠠᠭᠠᠮᠵᠢᠲᠠᠶ ᠲᠠᠶᠢᠯᠪᠤᠷᠢᠯᠠᠨ ᠶᠠᠷᠢᠭᠰᠠᠨ ᠢᠶᠠᠷ᠂ ᠰᠠᠭᠤᠭᠠᠯᠢ ᠠᠷᠠᠳ ᠡᠷᠡᠭᠦᠯ ᠮᠡᠨᠳᠦ ᠲᠦᠷᠭᠡᠨ ᠠᠪᠤᠷᠠᠬᠤ ᠮᠡᠳᠡᠯᠭᠡ ᠶᠢᠨ ᠴᠢᠬᠤᠯᠠ ᠴᠢᠨᠠᠷ ᠢ ᠭᠦᠨᠵᠡᠭᠡᠶ ᠤᠶᠢᠯᠠᠭᠠᠵᠤ᠂ ᠦᠪᠡᠷ ᠤᠨ ᠪᠡᠶ᠎ᠡ ᠶᠢᠨ ᠲᠦᠷᠭᠡᠨ ᠠᠪᠦᠷᠡᠬᠤ ᠴᠢᠳᠠᠪᠤᠷᠢ ᠶᠢ ᠳᠡᠭᠡᠭᠰᠢᠯᠡᠭᠦᠯᠦᠭᠰᠡᠨ ᠪᠠᠶᠢᠨ᠎ᠠ᠃
 
ᠢᠷᠡᠯᠲᠡ᠄ ᠢᠤᠢ ᠴᠢᠤᠸᠠᠨ ᠲᠤᠭᠤᠷᠢᠭ ᠤᠨ ᠠᠷᠠᠳ ‍ᠤᠨ‌ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号