ᠦᠴᠦᠸᠠᠨ ᠰᠢᠶᠠᠨ ᠪᠥᠬᠦ ᠰᠢᠶᠠᠨ ᠤ ᠬᠦᠳᠡᠯᠮᠦᠷᠢ ᠶᠢᠨ ᠪᠠᠲᠤᠯᠠᠭ᠎ᠠ ᠶᠢᠨ ᠲᠤᠰᠠᠯᠠᠭᠴᠢ ᠶᠢᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠶᠠᠪᠤᠭᠳᠠᠭᠤᠯᠪᠠ
ᠨᠡᠶᠢᠲᠡᠯᠡᠭᠰᠡᠨ ᠴᠠᠭ᠄
2018-07-17
     ᠪᠥᠬᠦ ᠰᠢᠶᠠᠨ ᠤ ᠬᠦᠳᠡᠯᠮᠦᠷᠢ ᠶᠢᠨ ᠪᠠᠲᠤᠯᠠᠭ᠎ᠠ ᠶᠢᠨ ᠲᠤᠰᠠᠯᠠᠭᠴᠢ ᠶᠢᠨ ᠬᠠᠮᠢᠶᠠᠷᠤᠯᠲᠠ ᠶᠢ ᠣᠯᠠᠮ ᠨᠢᠭᠡ ᠠᠯᠬᠤᠮ ᠴᠢᠩᠭᠠᠳᠬᠠᠬᠤ ᠶᠢᠨ ᠲᠥᠯᠦᠭᠡ᠂ ᠦᠨᠳᠦᠰᠦᠨ ᠱᠠᠲᠤᠨ ᠤ ᠬᠦᠳᠡᠯᠮᠦᠷᠢ ᠶᠢᠨ ᠪᠠᠲᠤᠯᠠᠭ᠎ᠠ ᠶᠢᠨ ᠲᠤᠰᠠᠯᠠᠭᠴᠢ ᠶᠢᠨ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠵᠤ᠂ ᠲᠡᠳᠡᠨ ᠢ ᠭᠤᠷᠪᠠᠨ ᠪᠠᠯᠭᠠᠰᠤ ᠵᠢᠷᠭᠤᠭᠠᠨ ᠰᠢᠶᠠᠩ ᠤᠨ ᠠᠵᠢᠯ ᠣᠯᠭᠤᠯᠲᠠ ᠶᠢᠨ ᠠᠵᠢᠯ ᠤᠨ ᠬᠤᠰᠢᠭᠤᠴᠢ ᠠᠩᠬᠢ ᠪᠠ ᠠᠵᠢᠯ ᠣᠯᠭᠤᠯᠲᠠ ᠶᠢᠨ ᠲᠥᠷᠦ ᠶᠢᠨ ᠪᠣᠳᠤᠯᠭ᠎ᠠ ᠶᠢᠨ ᠤᠬᠠᠭᠤᠯᠤᠭᠴᠢ ᠪᠤᠯᠭᠠᠨ᠎ᠠ᠃ 7 ᠳ᠋ᠤᠭᠠᠷ ᠰᠠᠷ᠎ᠠ ᠶᠢᠨ12 ᠤ ᠡᠳᠤᠷ᠂ ᠦᠴᠦᠸᠠᠨ ᠰᠢᠶᠠᠨ  ᠤ ᠠᠵᠢᠯ ᠣᠯᠭᠤᠯᠲᠠ ᠶᠢᠨ ᠲᠣᠪᠴᠢᠶ᠎ᠠ ᠦᠴᠦᠸᠠᠨ ᠰᠢᠶᠠᠨ ᠪᠠᠭᠤᠳᠠᠯ ᠳᠤ ᠪᠥᠬᠦ ᠰᠢᠶᠠᠨ ᠤ ᠬᠦᠳᠡᠯᠮᠦᠷᠢ ᠶᠢᠨ ᠪᠠᠲᠤᠯᠠᠭ᠎ᠠ ᠶᠢᠨ ᠲᠤᠰᠠᠯᠠᠭᠴᠢ ᠶᠢᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠵᠢᠴᠢ ᠶᠠᠳᠠᠭᠤ ᠶᠢ ᠲᠡᠳᠬᠦᠬᠦ ᠲᠥᠷᠦ ᠶᠢᠨ ᠪᠣᠳᠤᠯᠭ᠎ᠠ ᠶᠢ ᠤᠬᠠᠭᠤᠯᠬᠤ ᠠᠵᠢᠯ ᠦᠷᠨᠢᠭᠦᠯᠪᠡ᠃ ᠬᠤᠲᠠ ᠶᠢᠨ ᠠᠵᠢᠯ ᠣᠯᠭᠤᠯᠲᠠ ᠶᠢᠨ ᠲᠥᠪ᠂ ᠰᠢᠶᠠᠨ ᠤ ᠬᠦᠮᠦᠨ ᠤ ᠬᠦᠴᠦᠨ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠠᠵᠢᠯ ᠣᠯᠭᠤᠯᠲᠠ ᠶᠢᠨ ᠲᠥᠪ ᠤᠨ ᠬᠠᠷᠢᠭᠤᠴᠠᠯᠭᠠᠲᠠᠨ ᠨᠥᠬᠦᠳ ᠪᠣᠯᠪᠠᠰᠤᠷᠠᠯ ᠤᠨ ᠠᠩᠬᠢ ᠡᠷᠬᠢᠯᠡᠬᠦ ᠶᠣᠰᠤᠯᠠᠯ ᠳᠤ ᠣᠷᠤᠯᠴᠠᠬᠤ ᠶᠢᠨ ᠬᠠᠮᠲᠤ ᠴᠢᠬᠤᠯᠠ ᠶᠠᠷᠢᠶ᠎ᠠ ᠲᠠᠯᠪᠢᠪᠠ᠃ ᠲᠤᠰ ᠤᠳᠠᠭᠠᠨ ᠤ ᠪᠤᠯᠪᠠᠰᠤᠷᠠᠯ ᠳᠤ ᠨᠡᠶᠢᠲᠡ 140 ᠬᠥᠮᠦᠨ ᠣᠷᠤᠯᠴᠠᠪᠠ᠃      ᠪᠣᠯᠪᠠᠰᠤᠷᠠᠯ ᠨᠢ ᠬᠥᠬᠡᠬᠤᠲᠠ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠤᠨ ᠡᠯ᠎ᠡ ᠬᠤᠯᠪᠤᠭᠳᠠᠯ ᠪᠦᠬᠦᠢ ᠲᠠᠰᠤᠭ ᠤᠨ ᠲᠤᠬᠠᠶᠢᠯᠠᠭᠰᠠᠨ ᠠᠵᠢᠯ ᠤᠨ ᠭᠤᠤᠯᠯᠠᠭᠴᠢ ᠢ ᠤᠷᠢᠵᠤ ᠬᠢᠴᠢᠶᠡᠯ ᠣᠷᠤᠭᠤᠯᠪᠠ᠃ ᠭᠤᠣᠯᠳᠠᠭᠤ ᠠᠵᠢᠯ ᠣᠯᠭᠤᠯᠲᠠ ᠪᠠᠷ ᠶᠠᠳᠠᠭᠤ ᠶᠢ ᠲᠡᠳᠬᠦᠬᠦ᠂ ᠭᠡᠷ ᠠᠬᠤᠢ ᠶᠢᠨ ᠦᠢᠯᠡᠴᠢᠯᠡᠭᠡ᠂ ᠬᠦᠳᠡᠭᠡ ᠲᠤᠰᠬᠤᠨ  ᠤ ᠬᠦᠳᠡᠯᠮᠦᠷᠢ ᠬᠦᠴᠦᠨ ᠤ ᠡᠬᠢ ᠪᠠᠶᠠᠯᠢᠭ ᠪᠠ ᠬᠤᠲᠠ ᠪᠠᠯᠭᠠᠰᠤᠨ ᠤ ᠬᠦᠳᠡᠯᠮᠦᠷᠢ ᠬᠦᠴᠦᠨ ᠤ ᠡᠬᠢ ᠪᠠᠶᠠᠯᠢᠭ ᠵᠡᠷᠭᠡ ᠲᠣᠭᠤᠷᠢᠨ ᠳᠤ ᠪᠣᠯᠪᠠᠰᠤᠷᠠᠯ ᠦᠷᠨᠢᠭᠦᠯᠪᠡ᠃ ᠡᠭᠦᠨ ᠤ ᠬᠠᠮᠲᠤ᠂ ᠰᠢᠶᠠᠨ ᠤ ᠠᠵᠢᠯ ᠣᠯᠭᠤᠯᠲᠠ᠂ ᠨᠡᠶᠢᠭᠡᠮ ᠤᠨ ᠪᠠᠲᠤᠯᠠᠭ᠎ᠠ᠂ ᠡᠮ ᠡᠮᠨᠡᠯᠭᠡ ᠶᠢᠨ ᠳᠠᠭᠠᠳᠬᠠᠯ ᠤᠨ ᠬᠢᠨ ᠰᠢᠶᠠᠨ ᠤ ᠳᠣᠲᠤᠭᠠᠳᠤ ᠶᠢᠨ ᠬᠤᠯᠪᠤᠭᠳᠠᠯ ᠪᠦᠬᠦᠢ ᠲᠥᠷᠦ ᠶᠢᠨ ᠪᠣᠳᠤᠯᠭ᠎ᠠ ᠶᠢᠨ ᠲᠤᠬᠠᠢ ᠲᠠᠶᠢᠯᠪᠤᠷᠢ ᠬᠢᠪᠡ᠃      ᠲᠤᠰ ᠤᠳᠠᠭᠠᠨ ᠤ ᠪᠣᠯᠪᠠᠰᠤᠷᠠᠯ ᠢᠶᠠᠷ ᠳᠠᠮᠵᠢᠭᠠᠳ᠂ ᠦᠨᠳᠦᠰᠦᠨ ᠱᠠᠲᠤᠨ ᠤ ᠬᠦᠳᠡᠯᠮᠦᠷᠢ ᠶᠢᠨ ᠪᠠᠲᠤᠯᠠᠭ᠎ᠠ ᠶᠢᠨ ᠲᠤᠰᠠᠯᠠᠭᠴᠢ ᠬᠤᠯᠪᠤᠭᠳᠠᠯ ᠪᠦᠬᠦᠢ ᠲᠥᠷᠦ ᠶᠢᠨ ᠪᠣᠳᠤᠯᠭ᠎ᠠ ᠶᠢ ᠣᠶᠢᠯᠭᠠᠵᠤ᠂ ᠦᠪᠡᠷ ᠤᠨ ᠲᠤᠰᠢᠶᠠᠯ ᠬᠠᠷᠢᠭᠤᠴᠠᠯᠭ᠎ᠠ ᠪᠠᠨ ᠲᠣᠳᠤᠷᠬᠠᠶᠢᠯᠠᠪᠠ᠃ ᠳᠠᠷᠠᠭᠠᠴᠢ ᠪᠠᠷ ᠠᠵᠢᠯ ᠣᠯᠭᠤᠯᠲᠠ ᠪᠠᠷ ᠶᠠᠳᠠᠭᠤ ᠶᠢ ᠲᠡᠳᠬᠦᠬᠦ᠂ ᠬᠦᠳᠡᠯᠮᠦᠷᠢ ᠬᠦᠴᠦᠨ ᠤ ᠡᠬᠢ ᠪᠠᠶᠠᠯᠢᠭ ᠤᠨ ᠪᠠᠶᠢᠳᠠᠯ ᠢ ᠣᠶᠢᠯᠭᠠᠬᠤ ᠵᠢᠴᠢ ᠠᠵᠢᠯ ᠣᠯᠭᠤᠯᠲᠠ ᠶᠢᠨ ᠲᠥᠷᠦ ᠶᠢᠨ ᠪᠣᠳᠤᠯᠭ᠎ᠠ ᠶᠢ ᠨᠠᠶᠢᠳᠠᠪᠤᠷᠢᠵᠢᠭᠤᠯᠬᠤ ᠵᠡᠷᠭᠡ ᠠᠵᠢᠯ ᠢ ᠦᠷᠨᠢᠭᠦᠯᠬᠦ ᠳᠤ ᠪᠠᠲᠤᠯᠠᠭ᠎ᠠ ᠬᠠᠩᠭᠠᠵᠤ᠂ ᠬᠦᠳᠡᠯᠮᠦᠷᠢ ᠶᠢᠨ ᠪᠠᠲᠤᠯᠠᠭ᠎ᠠ ᠶᠢᠨ ᠠᠵᠢᠯ ᠤᠨ ᠡᠷᠡᠭᠦᠯ ᠬᠥᠭᠵᠢᠯᠲᠡ ᠶᠢ ᠨᠡᠩ ᠪᠥᠲᠦᠮᠵᠢᠲᠠᠢ ᠠᠬᠢᠭᠤᠯᠬᠤ ᠳᠤ ᠪᠠᠲᠤ ᠰᠠᠭᠤᠷᠢ ᠶᠢ ᠲᠠᠯᠪᠢᠪᠠ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号