| | | 7 ᠳ᠋ᠤᠭᠠᠷ ᠰᠠᠷ᠎ᠠ ᠶᠢᠨ 12 ᠤᠨ ᠡᠳᠦᠷ ᠤᠨ ᠦᠳᠡ ᠶᠢᠨ ᠬᠤᠶᠢᠨ᠎ᠠ᠂ ᠪᠦᠬᠦ ᠤᠯᠤᠰ ᠤᠨ ᠤᠯᠤᠰ | ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠪᠦᠬᠦ ᠤᠯᠤᠰ ᠤᠨ ᠦᠢᠯᠡᠳᠪᠦᠷᠢ ᠬᠤᠳᠠᠯᠳᠤᠭᠠᠴᠢᠳ ᠤᠨ | ᠬᠤᠯᠪᠣᠭ᠎ᠠ ᠶᠢᠨ ᠲᠡᠷᠢᠭᠦᠯᠡᠭᠴᠢ ᠭᠤᠣ ᠶᠦᠨ ᠯᠦᠩ ᠨᠠᠷ ᠮᠠᠨ ᠤ ᠰᠢᠶᠠᠨ ᠤ ᠮᠧᠩ ᠼᠣᠣ ᠡᠪᠡᠰᠦ ᠴᠡᠴᠡᠭ ᠤᠨ | ᠣᠷᠳᠣᠨ ᠳᠤ ᠪᠠᠶᠢᠴᠠᠭᠠᠨ ᠰᠤᠳᠤᠯᠤᠯᠲᠠ ᠬᠢᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠣᠮ ᠤᠨ ᠦᠵᠡᠯ ᠰᠠᠨᠠᠭ᠎ᠠ ᠪᠣᠯᠣᠨ ᠨᠠᠮ ᠤᠨ ᠠᠷᠪᠠ ᠶᠢᠰᠦᠳᠦᠭᠡᠷ ᠶᠡᠭᠡ | ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠣᠣᠱᠯᠠᠭᠤᠯᠬᠤ ᠶᠢ ᠴᠢᠩᠭᠠᠳᠬᠠᠵᠣ᠂ ᠪᠣᠳᠠᠲᠤ ᠴᠣᠭᠴᠠᠲᠣ | ᠠᠵᠤ ᠠᠬᠤᠶ ᠳᠤ ᠠᠩᠬᠠᠷᠤᠯ ᠢᠶᠠᠨ ᠲᠦᠪᠯᠡᠷᠡᠭᠦᠯᠬᠦ᠂ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ᠂ ᠰᠢᠨ᠎ᠡ ᠶᠢ | ᠡᠭᠦᠳᠬᠦ ᠪᠠᠷ ᠬᠥᠳᠡᠯᠭᠡᠭᠦᠷ ᠪᠣᠯᠭᠠᠬᠤ ᠶᠢ ᠪᠠᠷᠢᠮᠲᠠᠯᠠᠵᠤ᠂ ᠦᠢᠯᠡᠳᠬᠦᠨ ᠤ ᠰᠢᠨ᠎ᠡ ᠶᠢ ᠡᠭᠦᠳᠬᠦ᠂ ᠮᠡᠷᠭᠡᠵᠢᠯ ᠤᠨ | ᠰᠢᠨ᠎ᠡ ᠶᠢ ᠡᠭᠦᠳᠬᠦ᠂ ᠬᠤᠳᠠᠯᠳᠤᠭᠠᠨ ᠤ ᠬᠡᠪ ᠵᠠᠭᠪᠤᠷ ᠤᠨ ᠰᠢᠨ᠎ᠡ ᠶᠢ ᠡᠭᠦᠳᠬᠦ᠂ ᠬᠠᠮᠢᠶᠠᠷᠤᠯᠲᠠ ᠶᠢᠨ ᠰᠢᠨ᠎ᠡ ᠶᠢ | ᠡᠭᠦᠳᠬᠦ ᠪᠠ ᠪᠠᠶᠢᠭᠤᠯᠤᠯ ᠤᠨ ᠰᠢᠨ᠎ᠡ ᠶᠢ ᠡᠭᠦᠳᠬᠦ ᠶᠢ ᠦᠷᠭᠦᠯᠵᠢᠯᠡᠨ ᠠᠬᠢᠭᠤᠯᠵᠤ᠂ ᠠᠵᠤ ᠦᠢᠯᠡᠰ ᠤᠨ ᠠᠮᠢ | ᠠᠬᠤᠶ ᠶᠢᠨ ᠬᠡᠯᠬᠢᠶᠡᠵᠢᠯ ᠢ ᠪᠣᠢ ᠪᠣᠯᠭᠠᠵᠣ᠂ ᠴᠢᠨᠠᠷ ᠰᠠᠶᠢᠲᠠᠶ ᠬᠦᠭᠵᠢᠯᠲᠡ ᠶᠢ ᠪᠡᠶᠡᠯᠡᠭᠦᠯᠬᠦ ᠬᠡᠷᠡᠭᠲᠡᠶ ᠭᠡᠪᠡ᠃ | ᠥᠪᠡᠷᠲᠡᠭᠡᠨ ᠵᠠᠰᠠᠬᠤ ᠣᠷᠣᠨ ᠵᠢᠴᠢ ᠬᠤᠲᠠ ᠰᠢᠶᠠᠨ ᠤ ᠤᠳᠤᠷᠢᠳᠤᠯᠭ᠎ᠠ ᠯᠢ ᠵᠢᠶᠠ᠂ ᠸᠠᠩ ᠯᠢ ᠰᠢᠶᠠ᠂ | ᠶᠦᠨ ᠭᠤᠸᠠᠩ ᠵᠥᠩ᠂ ᠠᠨ ᠷᠦᠨ ᠱᠧᠩ᠂ ᠡᠦ ᡁᠢ ᠴᠢᠶᠠᠩ᠂ ᠭᠦᠸᠧ ᠪᠢᠩ ᠱᠧᠩ᠂ ᠴᠧᠨ ᠯᠢ ᠶᠢᠨ᠂ ᠪᠠᠢ | ᠷᠦᠢ ᠶᠢᠨ᠂ ᠰᠣᠶᠣᠯ᠂ ᠰᠥ᠋ ᠵᠢᠶᠦ᠋ᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ | ᠮᠧᠩ ᠼᠣᠣ ᠡᠪᠡᠰᠦ ᠴᠡᠴᠡᠭ ᠤᠨ ᠣᠷᠳᠣᠨ ᠳᠤ᠂ ᠭᠤᠤ ᠶᠦᠨ ᠯᠦᠩ ᠠᠵᠤ ᠠᠬᠤᠶᠢᠯᠠᠯ ᠤᠨ ᠠᠮᠢ | ᠠᠬᠤᠶ ᠶᠢ ᠰᠡᠷᠭᠦᠭᠡᠬᠦ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ᠂ ᠦᠷ᠎ᠡ ᠶᠢᠨ ᠡᠬᠢ ᠪᠠᠶᠠᠯᠢᠭ᠂ ᠲᠤᠮᠤ ᠳ᠋ᠠᠶᠢᠲ᠋ᠠ ᠶᠢᠨ | ᠬᠡᠷᠡᠭᠯᠡᠭᠡᠨ ᠤ ᠪᠠᠶᠢᠳᠠᠯ ᠢ ᠨᠠᠷᠢᠨ ᠣᠶᠢᠯᠠᠭᠠᠵᠤ᠂ ᠮᠧᠩ ᠼᠣᠣ ᠶᠢᠨ ᠶᠡᠭᠡ ᠬᠦᠴᠦ ᠣᠷᠣᠭᠤᠯᠵᠤ ᠲᠤᠮᠤ ᠳ᠋ᠠᠶᠢᠲ᠋ᠠ ᠶᠢ | ᠠᠰᠢᠭᠯᠠᠨ᠂ ᠣᠷᠴᠢᠨ ᠠᠬᠤᠶ ᠶᠢᠨ ᠤᠨᠢᠨ ᠳᠡᠭᠡᠷ᠎ᠡ ᠨᠢ ᠰᠡᠷᠭᠦᠭᠡᠯᠲᠡ ᠬᠢᠭᠰᠡᠨ ᠭᠠᠪᠢᠶ᠎ᠠ ᠵᠢᠳᠬᠦᠯ ᠢ ᠭᠦᠢᠴᠡᠳ | ᠨᠤᠲᠠᠯᠠᠵᠤ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠪᠠᠷ ᠭᠠᠷᠳᠠᠴᠠ ᠪᠣᠯᠭᠠᠵᠤ᠂ ᠭᠤᠣᠯᠯᠠᠬᠤ ᠥᠷᠢᠰᠥᠯᠳᠦᠬᠦ | ᠬᠦᠴᠦᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ | ᠲᠦᠯᠬᠢᠨ ᠠᠬᠢᠭᠤᠯᠵᠤ᠂ ᠲᠠᠬᠢᠨ ᠰᠢᠨ᠎ᠡ ᠳᠡᠭᠲᠡᠷ ᠲᠤ ᠭᠠᠷᠬᠤ ᠶᠢ ᠬᠦᠰᠡᠭᠰᠡᠨ ᠪᠠᠶᠢᠨ᠎ᠠ᠃ |