ᠬᠦᠬᠡᠬᠤᠲᠠ ᠶᠢᠨ ᠬᠦᠷᠦᠰᠦ ᠰᠢᠷᠤᠢ ᠶᠢ ᠬᠠᠮᠠᠭᠠᠯᠠᠬᠤ ᠲᠦᠷᠢᠮ
ᠨᠡᠶᠢᠲᠡᠯᠡᠭᠰᠡᠨ ᠴᠠᠭ᠄
2018-07-17
 ︵2013 ᠤᠨ ᠤ 10 ᠰᠠᠷ᠎ᠠ ᠶᠢᠨ 31 ᠤ ᠡᠳᠦᠷ ᠬᠦᠬᠡᠬᠤᠲᠠ ᠶᠢᠨ ᠠᠷᠪᠠᠨ ᠳᠦᠷᠪᠡᠳᠦᠭᠡᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠵᠢᠷᠭᠤᠲᠤᠭᠠᠷ ᠬᠤᠷᠠᠯᠲᠤᠭᠠᠨ ᠢᠶᠠᠷ ᠪᠠᠲᠤᠯᠠᠵᠤ᠂  2014  ᠤᠨ ᠤ 1 ᠰᠠᠷ᠎ᠠ ᠶᠢᠨ 10 ᠤ ᠡᠳᠦᠷ ᠦᠪᠦᠷ ᠮᠤᠩᠭᠤᠯ ᠤᠨ ᠦᠪᠡᠷᠲᠡᠭᠡᠨ  ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ‍ᠤᠨ‌‍ᠪᠠᠶᠢᠡᠭᠭᠤ ᠶᠢᠨ ᠬᠤᠷᠢᠶᠠᠨ ᠤ ᠲᠤᠯᠤᠳᠤᠭᠠᠷ ᠬᠤᠷᠠᠯᠳᠤᠭᠠᠨ ᠢᠶᠠᠷ ᠵᠠᠰᠠᠵᠦ ᠲᠤᠭᠳᠠᠭᠠᠬᠤ ᠶᠢ ᠵᠦᠪᠰᠢᠶᠡᠷᠡᠪᠠ      ᠨᠢᠭᠡᠳᠦᠭᠡᠷ ᠪᠦᠯᠦᠭ   ᠶᠡᠷᠦᠩᠬᠡᠢ ᠲᠦᠷᠢᠮ      ᠨᠢᠭᠡᠳᠦᠭᠡᠷ ᠵᠦᠢᠯ    ᠬᠦᠷᠦᠰᠦ ᠰᠢᠷᠤᠢ ᠶᠢᠨ ᠢᠳᠡᠭᠳᠡᠯ ᠢ ᠤᠷᠢᠳᠴᠢᠯᠠᠨ ᠰᠡᠷᠭᠡᠶᠢᠯᠡᠬᠦ ᠪᠠ ᠵᠠᠰᠠᠵᠤ᠂ ᠬᠦᠷᠦᠰᠦ ᠰᠢᠷᠤᠢ ᠶᠢᠨ ᠡᠬᠢ ᠪᠠᠶᠠᠯᠢᠭ ᠢ ᠬᠠᠮᠠᠭᠠᠯᠠᠬᠤ ᠪᠠ ᠵᠤᠬᠢᠰᠲᠠᠢ ᠠᠰᠢᠭᠯᠠᠵᠤ᠂ ᠦᠶᠡᠷ ᠤᠰᠤᠳᠤᠯ᠂ ᠭᠠᠩ ᠬᠠᠭᠤᠷᠠᠢ᠂ ᠰᠠᠯᠬᠢ ᠡᠯᠡᠰᠦᠨ ᠤ ᠭᠠᠮᠰᠢᠭ ᠢ ᠬᠦᠩᠭᠡᠷᠡᠭᠦᠯᠵᠤ᠂ ᠠᠮᠢ ᠠᠬᠤᠢ ᠶᠢᠨ ᠤᠷᠴᠢᠨ ᠲᠤᠭᠤᠷᠢᠨ ᠢ ᠰᠠᠶᠢᠵᠢᠷᠠᠭᠤᠯᠵᠤ᠂ ᠮᠠᠨ ᠤ ᠬᠤᠲᠠ ᠶᠢᠨ ᠠᠵᠤ ᠠᠬᠤᠢ ᠨᠡᠶᠢᠭᠡᠮ ᠤᠨ ᠦᠷᠭᠦᠯᠵᠢᠯᠡᠨ ᠬᠦᠭᠵᠢᠭᠦ ᠶᠢ ᠪᠠᠲᠤᠯᠠᠬᠤ ᠶᠢᠨ ᠲᠦᠯᠦᠭᠡ ︽ᠪᠦᠭᠦᠲᠠ ᠨᠠᠶᠢᠷᠠᠮᠳᠠᠬᠤ ᠲᠤᠮᠲᠠᠲᠤ ᠠᠷᠠᠳ ᠤᠯᠤᠰ ᠤᠨ ᠬᠦᠷᠦᠰᠦ ᠰᠢᠷᠤᠢ ᠶᠢ ᠬᠠᠮᠠᠭᠠᠯᠠᠬᠤ ᠬᠠᠤᠯᠢ︾ ᠪᠠ ᠬᠠᠮᠢᠶ᠎ᠠ ᠪᠦᠬᠦᠢ ᠬᠠᠤᠯᠢ ᠴᠠᠭᠠᠵᠠ᠂ ᠬᠠᠤᠯᠢ ᠲᠤᠭᠲᠠᠭᠠᠯ ᠢ ᠦᠨᠳᠦᠰᠦᠯᠡᠨ᠂ ᠲᠤᠰ ᠬᠤᠲᠠ ᠶᠢᠨ ᠪᠤᠲᠠᠲᠠᠢ ᠲᠠᠢ ᠤᠶᠠᠯᠳᠤᠭᠤᠯᠵᠤ᠂ ᠲᠤᠰ ᠲᠦᠷᠢᠮ ᠢ ᠲᠤᠭᠲᠠᠭᠠᠪᠠ᠃      ᠬᠤᠶᠠᠳᠤᠭᠠᠷ ᠵᠦᠢᠯ   ᠬᠤᠲᠠ ᠶᠢᠨ ᠵᠠᠰᠠᠭ ᠵᠠᠬᠢᠭᠠᠨ ᠤ ᠤᠷᠤᠨ ᠲᠤᠲᠤᠷ᠎ᠠ ᠬᠦᠷᠦᠰᠦ ᠰᠢᠷᠤᠢ ᠶᠢ ᠬᠠᠮᠠᠭᠠᠯᠠᠬᠤ ᠪᠤᠶᠤ ᠬᠦᠷᠦᠰᠤ ᠰᠢᠷᠤᠢ ᠶᠢᠨ ᠢᠳᠡᠭᠳᠡᠯ ᠢ ᠪᠤᠢ ᠪᠤᠯᠭᠠᠬᠤ ᠪᠤᠯᠤᠯᠴᠠᠭ᠎ᠠ ᠲᠠᠢ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠬᠢᠵᠤ ᠪᠠᠶᠢᠭ᠎ᠠ ᠨᠢᠭᠡᠴᠢ ᠪᠠ ᠬᠤᠪᠢ ᠬᠦᠮᠦᠨ ᠲᠤᠰ ᠲᠦᠷᠢᠮ ᠢ ᠵᠢᠷᠦᠮᠯᠠᠬᠤ ᠬᠡᠷᠡᠭᠲᠠᠢ᠃      ᠭᠤᠷᠪᠠᠳᠤᠭᠠᠷ ᠵᠦᠢᠯ   ᠬᠦᠷᠦᠰᠦ ᠰᠢᠷᠤᠢ ᠶᠢ ᠬᠠᠮᠠᠭᠠᠯᠠᠬᠤ ᠳᠤ ᠵᠠᠰᠠᠭ ᠤᠨ ᠤᠷᠳᠤᠨ ᠵᠤᠬᠢᠶᠠᠨ ᠪᠠᠶᠢᠭᠤᠯᠬᠤ ᠂ ᠤᠯᠠᠨ ᠨᠡᠶᠢᠲᠠ ᠪᠠᠷ ᠢᠶᠠᠨ ᠤᠷᠤᠯᠴᠠᠬᠤ᠂ ᠤᠷᠤᠨ ᠬᠤᠪᠢᠶᠠᠨ ᠰᠡᠷᠭᠡᠶᠢᠯᠡᠨ ᠵᠠᠰᠠᠬᠤ᠂ ᠲᠦᠷᠦᠯ ᠬᠤᠪᠢᠶᠠᠨ ᠵᠢᠯᠤᠭᠤᠳᠬᠤ᠂ ᠲᠡᠰ ᠬᠤᠪᠢᠶᠠᠨ ᠬᠠᠷᠢᠭᠤᠴᠠᠬᠤ᠂ ᠤᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠠᠪᠬᠤ᠂ ᠬᠠᠷᠢᠭᠤᠴᠠᠯᠭ᠎ᠠ ᠶᠢ ᠪᠠᠬᠢᠵᠢᠭᠦᠯᠬᠦ᠂ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠵᠠᠷᠴᠢᠮ ᠢ ᠪᠠᠷᠢᠮᠳᠠᠯᠠᠨ᠎ᠡ᠃      ᠲᠥᠷᠪᠡᠳᠦᠭᠡᠷ ᠵᠦᠢᠯ   ᠬᠤᠲᠠ᠂ ᠬᠤᠰᠢᠭᠤ ᠰᠢᠶᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠠᠴᠠ ᠬᠦᠷᠦᠰᠤ ᠰᠢᠷᠤᠢ ᠶᠢ ᠬᠠᠮᠠᠭᠠᠯᠠᠬᠤ ᠠᠵᠢᠯ ᠳᠠᠬᠢ ᠨᠢᠭᠡᠲᠦᠯᠲᠠᠢ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠠᠢ᠃ ᠭᠤᠤᠯᠳᠠᠯᠭ᠎ᠠ ᠲᠠᠢ ᠰᠡᠷᠭᠡᠶᠢᠯᠡᠬᠦ ᠤᠷᠤᠨ ᠪᠠ ᠭᠤᠤᠯᠳᠠᠯᠭ᠎ᠠ ᠲᠠᠢ ᠵᠠᠰᠠᠬᠤ ᠤᠷᠤᠨ ᠳᠤ ᠬᠦᠷᠦᠰᠦ ᠰᠢᠷᠤᠢ ᠶᠢᠨ ᠢᠳᠡᠭᠳᠡᠯ ᠢ ᠰᠡᠷᠭᠡᠶᠢᠯᠡᠨ ᠵᠠᠰᠠᠬᠤ ᠬᠠᠷᠠᠯᠲᠠ ᠬᠠᠷᠢᠭᠤᠴᠠᠯᠭ᠎ᠠ ᠶᠢᠨ ᠲᠦᠷᠢᠮ ᠲᠤᠭᠲᠠᠭᠠᠵᠤ᠂ ᠬᠦᠷᠦᠰᠦ ᠰᠢᠷᠤᠢ ᠶᠢ ᠬᠠᠮᠠᠭᠠᠯᠠᠬᠤ ᠠᠵᠢᠯ ᠢ ᠵᠠᠰᠠᠭ ᠤᠨ ᠤᠷᠳᠤᠨ ᠤ ᠰᠢᠯᠭᠠᠨ ᠲᠤᠭᠲᠠᠭᠠᠬᠤ ᠲᠤᠭᠲᠠᠯᠴᠠᠭ᠎ᠠ ᠳᠤ ᠤᠷᠤᠭᠤᠯᠤᠨ᠎ᠠ᠃ ᠵᠢᠯ ᠪᠤᠯᠭᠠᠨ ᠲᠡᠭᠡᠲᠦ ᠱᠠᠲᠤᠨ ᠤ ᠠᠷᠠᠳ ᠤᠨ ᠵᠠᠰᠠᠭ ᠤᠨ ᠤᠷᠳᠤᠨ ᠠᠴᠠ ᠲᠤᠰ ᠬᠠᠷᠢᠶᠠᠨ ᠳᠠᠬᠢ ᠰᠠᠯᠠᠭ᠎ᠠ ᠮᠦᠴᠢᠷ ᠪᠠ ᠲᠤᠤᠷᠠᠲᠤ ᠱᠠᠳᠣᠨ ᠤ ᠠᠷᠠᠳ ᠤᠨ ᠵᠠᠰᠠᠭ ᠤᠨ ᠤᠷᠳᠤᠨ ᠤ ᠬᠦᠷᠦᠰᠦ ᠰᠢᠷᠤᠢ ᠶᠢ ᠬᠠᠮᠠᠭᠠᠯᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠢᠯᠭᠠᠨ ᠬᠢᠨᠠᠵᠤ ᠱᠠᠩᠨᠠᠵᠤ ᠲᠤᠷᠭᠠᠨ᠎ᠠ᠃      ᠲᠠᠪᠤᠳᠤᠭᠠᠷ ᠵᠦᠢᠯ   ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠤᠰ ᠵᠠᠰᠠᠭ ᠵᠠᠬᠢᠷᠭᠠᠨ ᠤ ᠤᠷᠤᠨ ᠲᠤᠳᠤᠷᠠᠬᠢ ᠬᠦᠷᠦᠰᠦ ᠰᠢᠷᠤᠢ ᠶᠢ ᠬᠠᠮᠠᠭᠠᠯᠠᠬᠤ ᠠᠵᠢᠯ ᠢ ᠭᠤᠤᠯᠯᠠᠨ ᠬᠠᠮᠢᠶᠠᠷᠤᠨ᠎ᠡ︔ ᠬᠤᠰᠢᠭᠤ ᠰᠢᠶᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠨᠢ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠤᠨ ᠵᠢᠯᠤᠭᠤᠳᠤᠯᠭ᠎ᠠ ᠲᠤᠤᠷ᠎ᠠ ᠲᠤᠰ ᠬᠠᠷᠢᠶᠠᠲᠤ ᠤᠷᠤᠨ ᠤ ᠬᠦᠷᠦᠰᠦ ᠰᠢᠷᠤᠢ ᠶᠢ ᠬᠠᠮᠠᠭᠠᠯᠠᠬᠤ ᠠᠵᠢᠯ ᠢ ᠬᠠᠷᠢᠭᠤᠴᠠᠨ᠎ᠠ᠃      ᠬᠦᠭᠵᠢᠭᠦᠯᠦᠯᠲᠠ ᠦᠭᠡᠷᠡᠴᠢᠯᠠᠯᠲᠠ᠂ ᠡᠳ᠋ ᠤᠨ ᠵᠠᠰᠠᠭ᠂ ᠠᠵᠤ ᠠᠬᠤᠢ ᠶᠢᠨ ᠮᠡᠳᠡᠭᠡ ᠵᠠᠩᠬᠢ᠂ ᠲᠦᠯᠦᠪᠵᠢᠭᠦᠯᠭᠡ᠂ ᠤᠯᠤᠰ ᠤᠨ ᠭᠠᠵᠠᠷ ᠰᠢᠷᠤᠢ ᠡᠬᠢ ᠪᠠᠶᠠᠯᠢᠭ᠂ ᠤᠷᠴᠢᠨ ᠲᠤᠭᠤᠷᠢᠨ ᠤ ᠬᠠᠮᠠᠭᠠᠯᠠᠯᠲᠠ᠂ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ᠂ ᠵᠠᠮ ᠬᠠᠷᠢᠯᠴᠠᠭᠠᠨ ᠤ ᠲᠡᠭᠡᠭᠡᠪᠦᠷᠢ᠂ ᠲᠠᠷᠢᠶᠠᠯᠠᠩ ᠮᠠᠯ ᠠᠵᠤ ᠠᠬᠤᠢ᠂ ᠤᠢ ᠰᠢᠭᠤᠢ᠂ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠵᠡᠷᠭᠡ ᠬᠠᠮᠢᠶ᠎ᠠ ᠪᠦᠭᠦᠢ ᠰᠠᠯᠠᠭ᠎ᠠ ᠮᠦᠴᠢᠷ ᠲᠤᠰ ᠲᠤᠰ ᠤᠨ ᠲᠤᠰᠢᠶᠠᠯ ᠬᠠᠷᠢᠭᠤᠴᠠᠯᠭ᠎ᠠ ᠪᠠᠨ ᠦᠨᠳᠦᠰᠦᠯᠡᠨ᠂ ᠬᠦᠷᠦᠰᠦ ᠰᠢᠷᠤᠢ ᠶᠢ ᠬᠠᠮᠠᠭᠠᠯᠠᠬᠤ ᠬᠤᠯᠪᠤᠭᠳᠠᠯ ᠪᠦᠬᠦᠢ ᠠᠵᠢᠯ ᠢ ᠬᠠᠮᠵᠢᠯᠴᠠᠨ ᠰᠠᠶᠢᠲᠤᠷ ᠬᠢᠬᠦ ᠬᠡᠷᠡᠭᠲᠠᠢ᠃      ᠵᠢᠷᠭᠤᠳᠤᠭᠠᠷ ᠵᠦᠢᠯ   ᠬᠤᠲᠠ᠂ ᠬᠤᠰᠢᠭᠤ ᠰᠢᠶᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠵᠢᠴᠢ ᠬᠠᠮᠢᠶ᠎ᠠ ᠪᠦᠬᠦᠢ ᠰᠠᠯᠠᠭ᠎ᠠ ᠮᠦᠴᠢᠷ ᠨᠢ ᠰᠤᠨᠢᠨ ᠰᠡᠳᠭᠦᠯ᠂ ᠷᠡᠳᠢᠤ᠋ ᠨᠡᠪᠲᠡᠷᠡᠭᠦᠯᠭᠡ᠂ ᠲᠧᠯᠸᠢᠰ᠂ ᠲᠤᠤᠷ ᠰᠦᠯᠵᠢᠶ᠎ᠡ ᠵᠡᠷᠭᠡ ᠤᠯᠠᠨ ᠨᠡᠶᠢᠲᠠ ᠶᠢᠨ ᠵᠠᠭᠤᠴᠢᠯᠠᠭᠤᠷ ᠢᠶᠠᠷ ᠲᠠᠮᠵᠢᠨ ᠬᠦᠷᠦᠰᠤ ᠰᠢᠷᠤᠢ ᠶᠢ ᠬᠠᠮᠠᠭᠠᠯᠠᠬᠤ ᠤᠬᠠᠭᠤᠯᠭ᠎ᠠ ᠬᠦᠮᠦᠵᠢᠯ ᠦᠷᠨᠢᠭᠦᠯᠵᠤ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠲᠠ ᠶᠢ ᠢᠳᠡᠪᠬᠢᠲᠠᠢ ᠤᠷᠢᠶᠠᠯᠠᠵᠤ᠂ ᠪᠦᠬᠦ ᠨᠡᠶᠢᠭᠡᠮ ᠤᠨ ᠬᠦᠷᠦᠰᠤ ᠰᠢᠷᠤᠢ ᠶᠢ ᠬᠠᠮᠠᠭᠠᠯᠠᠬᠤ ᠦᠵᠡᠯ ᠤᠬᠠᠮᠰᠠᠷ ᠢ ᠴᠢᠩᠭᠠᠳᠬᠠᠬᠤ ᠬᠡᠷᠡᠭᠲᠠᠢ      ᠲᠤᠯᠤᠳᠤᠭᠠᠷ ᠵᠦᠢᠯ   ᠬᠤᠲᠠ᠂ ᠬᠤᠰᠢᠭᠤ ᠰᠢᠶᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠨᠢ ᠬᠠᠤᠯᠢ ᠠᠴᠠ ᠵᠦᠷᠢᠴᠡᠭᠰᠡᠨ ᠦᠢᠯᠡ ᠠᠵᠢᠯᠯᠠᠭ᠎ᠠ ᠶᠢ ᠵᠠᠭᠠᠯᠳᠤᠬᠤ᠂ ᠢᠯᠡᠴᠢᠯᠡᠨ ᠮᠡᠳᠡᠭᠦᠯᠬᠦ ᠶᠢ ᠬᠦᠯᠢᠶᠡᠨ ᠠᠪᠬᠤ ᠲᠦᠷᠢᠮ ᠢ ᠪᠠᠶᠢᠭᠤᠯᠬᠤ ᠪᠦᠭᠡᠳ ᠵᠠᠭᠠᠯᠳᠤᠯᠭ᠎ᠠ᠂ ᠢᠯᠡᠴᠢᠯᠡᠨ ᠮᠡᠳᠡᠭᠦᠯᠦᠯᠲᠠ ᠶᠢ ᠬᠦᠯᠢᠶᠡᠨ ᠠᠪᠬᠤ ᠤᠳᠠᠰᠤᠨ ᠨᠤᠮᠧᠷ ᠢ ᠨᠡᠶᠢᠭᠡᠮ ᠳᠤ ᠨᠡᠶᠢᠲᠡᠯᠡᠬᠦ ᠬᠡᠷᠡᠭᠲᠠᠢ᠃      ᠬᠤᠶᠠᠳᠤᠭᠠᠷ ᠪᠦᠯᠦᠭ   ᠲᠥᠯᠦᠪᠵᠢᠭᠦᠯᠭᠡ      ᠨᠠᠢᠮᠠᠳᠤᠭᠠᠷ ᠵᠦᠢᠯ   ᠬᠤᠲᠠ᠂ ᠬᠤᠰᠢᠭᠤ ᠰᠢᠶᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠨᠢ ᠦᠪᠡᠷᠲᠡᠭᠡᠨ ᠵᠠᠰᠠᠬᠤ ᠤᠷᠤᠨ ᠤ ᠬᠦᠷᠦᠰᠤ ᠰᠢᠷᠤᠢ ᠶᠢᠨ ᠢᠳᠡᠭᠳᠡᠯ ᠢ ᠪᠠᠶᠢᠴᠠᠭᠠᠭᠰᠠᠨ ᠦᠷ᠎ᠡ ᠳ᠋ᠦᠩ ᠢ ᠦᠨᠳᠦᠰᠦᠯᠡᠵᠤ᠂ ᠬᠦᠷᠦᠰᠦ ᠰᠢᠷᠤᠢ ᠶᠢᠨ ᠢᠳᠡᠭᠳᠡᠯ ᠢ ᠭᠤᠤᠯᠳᠠᠯᠭ᠎ᠠ ᠲᠠᠢ ᠰᠡᠷᠭᠡᠶᠢᠯᠡᠬᠦ ᠤᠷᠤᠨ ᠪᠠ ᠭᠤᠤᠯᠳᠠᠯᠭ᠎ᠠ ᠲᠠᠢ ᠵᠠᠰᠠᠬᠤ ᠤᠷᠤᠨ ᠢ ᠢᠯᠭᠠᠨ ᠲᠤᠭᠲᠠᠭᠠᠬᠤ ᠶᠢᠨ ᠬᠠᠮᠲᠤ ᠨᠡᠶᠢᠭᠡᠮ ᠳᠤ ᠵᠠᠷᠯᠠᠬᠤ ᠬᠡᠷᠡᠭᠲᠠᠢ᠃      ᠶᠢᠰᠦᠳᠦᠭᠡᠷ ᠵᠦᠢᠯ   ᠬᠤᠲᠠ᠂ ᠬᠤᠰᠢᠭᠤ ᠰᠢᠶᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠨᠢ ᠬᠦᠷᠦᠰᠤ ᠰᠢᠷᠤᠢ ᠶᠢᠨ ᠢᠳᠡᠭᠳᠡᠯ ᠢ ᠪᠠᠶᠢᠴᠠᠭᠠᠭᠰᠠᠨ ᠦᠷ᠎ᠡ ᠳ᠋ᠦᠩ ᠵᠢᠴᠢ ᠬᠦᠷᠦᠰᠤ ᠰᠢᠷᠤᠢ ᠶᠢᠨ ᠢᠳᠡᠭᠳᠡᠯ ᠢ ᠭᠤᠤᠯᠳᠠᠯᠭ᠎ᠠ ᠲᠠᠢ ᠰᠡᠷᠭᠡᠶᠢᠯᠡᠬᠦ ᠤᠷᠤᠨ ᠪᠠ ᠭᠤᠤᠯᠳᠠᠯᠭ᠎ᠠ ᠲᠠᠢ ᠵᠠᠰᠠᠬᠤ ᠤᠷᠤᠨ ᠢ ᠢᠯᠭᠠᠨ ᠲᠤᠭᠲᠠᠭᠠᠭᠰᠠᠨ ᠰᠠᠭᠤᠷᠢᠨ ᠲᠡᠭᠡᠷ᠎ᠠ ᠠᠳᠠᠯᠢ ᠱᠠᠲᠤᠨ ᠤ ᠠᠷᠠᠳ ᠤᠨ ᠵᠠᠰᠠᠭ ᠤᠨ ᠤᠷᠳᠤᠨ ᠤ ᠬᠦᠭᠵᠢᠭᠦᠯᠦᠯᠲᠠ ᠦᠭᠡᠷᠡᠴᠢᠯᠠᠯᠲᠠ᠂ ᠲᠦᠯᠦᠪᠵᠢᠭᠦᠯᠭᠡ᠂ ᠡᠳ᠋ ᠤᠨ ᠵᠠᠰᠠᠭ᠂ ᠤᠯᠤᠰ ᠤᠨ ᠭᠠᠵᠠᠷ ᠰᠢᠷᠤᠢ ᠡᠬᠢ ᠪᠠᠶᠠᠯᠢᠭ᠂ ᠲᠠᠷᠢᠶᠠᠯᠠᠩ ᠮᠠᠯ ᠠᠵᠤ ᠠᠬᠤᠢ᠂ ᠤᠢ ᠰᠢᠭᠤᠢ ᠵᠡᠷᠭᠡ ᠬᠠᠮᠢᠶ᠎ᠠ ᠪᠦᠭᠦᠢ ᠰᠠᠯᠠᠭ᠎ᠠ ᠮᠦᠴᠢᠷ ᠲᠠᠢ ᠬᠠᠮᠲᠤᠷᠠᠨ᠂ ᠲᠡᠭᠡᠷ᠎ᠡ ᠨᠢᠭᠡ ᠱᠠᠲᠤᠨ ᠤ ᠠᠷᠠᠳ ᠤᠨ ᠵᠠᠰᠠᠭ ᠤᠨ ᠤᠷᠳᠤᠨ ᠤ ᠵᠦᠪᠰᠢᠶᠡᠷᠡᠭᠰᠡᠨ ᠬᠦᠷᠦᠰᠦ ᠤᠰᠤ ᠶᠢ ᠬᠠᠮᠠᠭᠠᠯᠠᠬᠤ ᠲᠦᠯᠦᠪᠵᠢᠭᠦᠯᠭᠡ ᠪᠠ ᠬᠦᠷᠦᠰᠦ ᠤᠰᠤ ᠶᠢ ᠬᠠᠮᠠᠭᠠᠯᠠᠬᠤ ᠮᠡᠷᠭᠡᠵᠢᠯ ᠤᠨ ᠲᠦᠷᠢᠮᠵᠢᠯ ᠢ ᠦᠨᠳᠦᠰᠦᠯᠡᠵᠤ᠂ ᠲᠤᠰ ᠬᠠᠷᠢᠶᠠᠲᠤ ᠤᠷᠤᠨ ᠤ ᠬᠦᠷᠦᠰᠦ ᠰᠢᠷᠤᠢ ᠶᠢ ᠬᠠᠮᠠᠭᠠᠯᠠᠬᠤ ᠲᠦᠯᠦᠪᠵᠢᠭᠦᠯᠭᠡ ᠶᠢ ᠨᠠᠶᠢᠷᠠᠭᠤᠯᠤᠨ ᠵᠤᠭᠢᠶᠠᠵᠤ᠂ ᠠᠳᠠᠯᠢ ᠱᠠᠲᠤᠨ ᠤ ᠠᠷᠠᠳ ᠤᠨ ᠵᠠᠰᠠᠭ ᠤᠨ ᠤᠷᠳᠤᠨ ᠳᠤ ᠮᠡᠳᠡᠭᠦᠯᠦᠨ ᠵᠦᠪᠰᠢᠶᠡᠷᠡᠭᠦᠯᠦᠭᠰᠡᠨ ᠤ ᠲᠠᠷᠠᠭ᠎ᠠ ᠬᠡᠷᠡᠭᠵᠢᠭᠦᠯᠬᠦ ᠮᠦᠷᠲᠡᠭᠡᠨ ᠲᠡᠭᠡᠷ᠎ᠡ ᠨᠢᠭᠡ ᠱᠠᠲᠤᠨ ᠤ ᠠᠷᠠᠳ ᠤᠨ ᠵᠠᠰᠠᠭ ᠤᠨ ᠤᠷᠳᠤᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠤ ᠮᠡᠳᠡᠭᠦᠯᠦᠨ ᠲᠠᠩᠰᠠᠯᠠᠭᠤᠯᠤᠨ᠎ᠡ᠃      ᠬᠦᠷᠦᠰᠦ ᠰᠢᠷᠤᠢ ᠶᠢ ᠬᠠᠮᠠᠭᠠᠯᠠᠬᠤ ᠲᠦᠯᠦᠪᠵᠢᠭᠦᠯᠭᠡ ᠶᠢᠨ ᠠᠭᠤᠯᠭ᠎ᠠ ᠳᠤ ᠤᠷᠤᠨ ᠬᠡᠪᠴᠢᠶᠡᠨ ᠤ ᠬᠦᠷᠦᠰᠦ ᠰᠢᠷᠤᠢ ᠶᠢᠨ ᠢᠳᠡᠭᠳᠡᠯ ᠤᠨ ᠲᠠᠯᠠᠪᠠᠢ᠂ ᠲᠦᠷᠦᠯ ᠵᠦᠢᠯ᠂ ᠲᠠᠷᠬᠠᠯᠲᠠ᠂ ᠡᠷᠴᠢᠮ᠂ ᠪᠤᠢ ᠪᠤᠯᠤᠭᠰᠠᠨ ᠰᠢᠯᠲᠠᠭᠠᠨ᠂ ᠬᠤᠤᠷ ᠬᠦᠨᠦᠭᠡᠯ ᠪᠠ ᠬᠦᠭᠵᠢᠯᠲᠠ ᠶᠢᠨ ᠬᠠᠨᠲᠤᠯᠭ᠎ᠠ ᠶᠢ ᠰᠢᠰᠲ᠋ᠧᠮ ᠲᠠᠢ ᠵᠠᠳᠠᠯᠬᠤ ᠪᠠ ᠦᠨᠡᠯᠡᠬᠦ᠂ ᠬᠦᠷᠦᠰᠦ ᠰᠢᠷᠤᠢ ᠶᠢᠨ ᠢᠳᠡᠭᠳᠡᠯ ᠤᠨ ᠲᠦᠷᠦᠯ ᠵᠦᠢᠯ ᠤᠨ ᠤᠷᠤᠨ ᠢ ᠬᠤᠪᠢᠶᠠᠷᠢᠯᠠᠬᠤ᠂ ᠬᠦᠷᠦᠰᠦ ᠰᠢᠷᠤᠢ ᠶᠢᠨ ᠢᠳᠡᠭᠳᠡᠯ ᠢ ᠰᠡᠷᠭᠡᠶᠢᠯᠡᠨ ᠵᠠᠰᠠᠬᠤ ᠬᠠᠷᠠᠯᠲᠠ᠂ ᠡᠭᠦᠷᠭᠡ᠂ ᠠᠷᠭ᠎ᠠ ᠪᠠᠷᠢᠯ᠂ ᠪᠡᠯᠠ ᠤᠷᠤᠭᠤᠯᠤᠯᠲᠠ ᠪᠠ ᠦᠷ᠎ᠡ ᠠᠰᠢᠭ ᠢ ᠵᠠᠳᠠᠯᠬᠤ ᠵᠡᠷᠭᠡ ᠶᠢ ᠪᠠᠭᠲᠠᠭᠠᠨ᠎ᠠ᠃      ᠠᠷᠪᠠᠳᠤᠭᠠᠷ ᠵᠦᠢᠯ   ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠠᠭᠤᠷᠬᠠᠢ ᠶᠢᠨ ᠡᠬᠢ ᠪᠠᠶᠠᠯᠢᠭ ᠤᠨ ᠨᠡᠭᠡᠭᠡᠯᠲᠠ᠂ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ᠂ ᠤᠯᠠᠨ ᠨᠡᠶᠢᠲᠠ ᠶᠢᠨ ᠦᠢᠯᠡᠴᠢᠯᠡᠭᠡᠨ ᠤ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠵᠡᠷᠭᠡ ᠲᠠᠯ᠎ᠠ ᠳᠤ ᠬᠤᠯᠪᠤᠭᠳᠠᠬᠤ ᠲᠦᠯᠦᠪᠵᠢᠭᠦᠯᠭᠡ ᠨᠢ ᠬᠡᠷᠡᠭᠵᠢᠭᠦᠯᠬᠦ ᠶᠠᠪᠤᠴᠠ ᠲᠤᠮᠲᠠ ᠤᠤᠯ ᠭᠠᠵᠠᠷ ᠤᠨ ᠭᠠᠳᠠᠷᠭᠤ ᠪᠠ ᠤᠷᠭᠤᠮᠠᠯ ᠤᠨ ᠪᠦᠷᠬᠦᠴᠠ ᠶᠢ ᠬᠦᠨᠳᠡᠬᠦ᠂ ᠡᠪᠳᠡᠬᠦ ᠲᠠᠢ ᠬᠤᠯᠪᠤᠭᠳᠠᠭᠰᠠᠨ᠂ ᠬᠦᠷᠦᠰᠦ ᠰᠢᠷᠤᠢ ᠶᠢ ᠨᠡᠭᠡᠭᠡᠵᠤ ᠮᠠᠯᠲᠠᠵᠤ᠂ ᠭᠠᠳᠠᠭᠰᠢᠯᠠᠭᠤᠯᠤᠨ ᠬᠠᠶᠠᠬᠤ ᠠᠵᠢᠯᠯᠠᠭ᠎ᠠ ᠬᠢᠬᠦ ᠪᠤᠯ᠂ ᠲᠦᠯᠦᠪᠵᠢᠭᠦᠯᠭᠡ ᠶᠢ ᠵᠤᠬᠢᠶᠠᠨ ᠪᠠᠶᠢᠭᠤᠯᠤᠨ ᠨᠠᠶᠢᠷᠠᠭᠤᠯᠤᠭᠰᠠᠨ ᠪᠠᠶᠢᠭᠤᠯᠭ᠎ᠠ ᠨᠢ ᠲᠦᠯᠦᠪᠵᠢᠭᠦᠯᠭᠡ ᠲᠤᠮᠲᠠ ᠪᠠᠨ ᠬᠦᠷᠦᠰᠦ ᠰᠢᠷᠤᠢ ᠶᠢᠨ ᠢᠳᠡᠭᠳᠡᠯ ᠢ ᠰᠡᠷᠭᠡᠶᠢᠯᠡᠬᠦ ᠪᠠ ᠵᠠᠰᠠᠬᠤ ᠰᠢᠢᠳᠪᠦᠷᠢᠲᠦ ᠪᠤᠳᠤᠯᠭ᠎ᠠ ᠪᠠ ᠠᠷᠭ᠎ᠠ ᠬᠡᠮᠵᠢᠶ᠎ᠠ ᠲᠤᠷᠠᠳᠬᠤ ᠬᠡᠷᠡᠭᠲᠠᠢ︔ ᠬᠦᠷᠦᠰᠦ ᠰᠢᠷᠤᠢ ᠶᠢ ᠬᠠᠮᠠᠭᠠᠯᠠᠬᠤ ᠴᠢᠳᠠᠪᠤᠷᠢ ᠳᠤ ᠬᠦᠨᠲᠦ ᠨᠤᠴᠢᠲᠠᠢ ᠨᠦᠯᠦᠭᠡ ᠤᠴᠠᠷᠠᠭᠤᠯᠤᠭᠰᠠᠨ ᠪᠤᠯ᠂ ᠲᠦᠯᠦᠪᠵᠢᠭᠦᠯᠭᠡ ᠲᠤᠮᠲᠠ ᠪᠠᠨ ᠬᠦᠷᠦᠰᠦ ᠰᠢᠷᠤᠢ ᠶᠢ ᠬᠠᠮᠠᠭᠠᠯᠠᠬᠤ ᠲᠤᠰᠬᠠᠢ ᠪᠦᠯᠦᠭ ᠭᠠᠷᠭᠠᠬᠤ ᠬᠡᠷᠡᠭᠲᠠᠢ᠃      ᠲᠦᠯᠦᠪᠵᠢᠭᠦᠯᠭᠡ ᠶᠢ ᠵᠤᠬᠢᠶᠠᠨ ᠪᠠᠶᠢᠭᠤᠯᠤᠨ ᠨᠠᠶᠢᠷᠠᠭᠤᠯᠬᠤ ᠪᠠᠶᠢᠭᠤᠯᠭ᠎ᠠ ᠨᠢ ᠲᠦᠯᠦᠪᠵᠢᠭᠦᠯᠭᠡ ᠶᠢ ᠮᠡᠳᠡᠭᠦᠯᠦᠨ ᠵᠦᠪᠰᠢᠶᠡᠷᠡᠭᠦᠯᠬᠦ ᠠᠴᠠ ᠡᠮᠦᠨ᠎ᠡ ᠠᠳᠠᠯᠢ ᠱᠠᠲᠤᠨ ᠤ ᠠᠷᠠᠳ ᠤᠨ ᠵᠠᠰᠠᠭ ᠤᠨ ᠤᠷᠳᠤᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠤᠨ ᠰᠠᠨᠠᠯ ᠢ ᠬᠤᠷᠢᠶᠠᠬᠤ ᠬᠡᠷᠡᠭᠲᠠᠢ᠃      ᠭᠤᠷᠪᠠᠳᠤᠭᠠᠷ ᠪᠦᠯᠦᠭ   ᠰᠡᠷᠭᠡᠶᠢᠯᠡᠯᠲᠠ      ᠠᠷᠪᠠᠨ ᠨᠢᠭᠡᠳᠦᠭᠡᠷ ᠵᠦᠢᠯ   ᠬᠦᠷᠦᠰᠦ ᠰᠢᠷᠤᠢ ᠶᠢᠨ ᠢᠳᠡᠭᠳᠡᠯ ᠢ ᠰᠡᠷᠭᠡᠶᠢᠯᠡᠬᠦ ᠳᠤ ᠬᠠᠮᠠᠭᠠᠯᠠᠯᠲᠠ ᠶᠢ ᠲᠡᠷᠢᠭᠦᠨ ᠪᠠᠶᠢᠷᠢᠨ ᠳᠤ ᠲᠠᠯᠪᠢᠵᠤ᠂ ᠰᠡᠷᠭᠡᠶᠢᠯᠡᠬᠦ ᠪᠠᠷ ᠭᠤᠤᠯᠳᠠᠯᠭ᠎ᠠ ᠪᠤᠯᠭᠠᠬᠤ ᠴᠢᠭᠯᠡᠯᠲᠠ ᠶᠢ ᠪᠠᠷᠢᠮᠳᠠᠯᠠᠨ᠎ᠠ᠃ ᠤᠤᠯ ᠤᠨ ᠪᠠᠶᠢᠭ᠎ᠠ ᠤᠷᠭᠤᠮᠠᠯ ᠤᠨ ᠪᠦᠷᠬᠦᠪᠴᠢ ᠪᠠ ᠭᠠᠵᠠᠷ ᠤᠨ ᠭᠠᠳᠠᠷᠭᠤ ᠶᠢ ᠴᠢᠩᠭ᠎ᠠ ᠬᠠᠮᠠᠭᠠᠯᠠᠵᠤ᠂ ᠪᠠᠶᠢᠭᠠᠯᠢ ᠶᠢᠨ ᠭᠠᠮᠰᠢᠭ ᠪᠠ ᠬᠦᠮᠦᠨ ᠤ ᠠᠵᠢᠯᠯᠠᠭ᠎ᠠ ᠠᠴᠠ ᠡᠭᠦᠰᠦᠭᠰᠡᠨ ᠬᠦᠷᠦᠰᠦ ᠰᠢᠷᠤᠢ ᠶᠢᠨ ᠢᠳᠡᠭᠳᠡᠯ ᠢ ᠪᠠᠭᠠᠰᠬᠠᠵᠤ᠂ ᠨᠡᠭᠡᠭᠡᠬᠦ ᠶᠢ ᠬᠦᠨᠳᠦᠳᠭᠡᠵᠤ ᠬᠠᠮᠠᠭᠠᠯᠠᠬᠤ ᠶᠢ ᠬᠦᠩᠭᠡᠪᠴᠢᠯᠡᠬᠦ᠂ ᠤᠷᠢᠳ ᠢᠶᠠᠷ ᠡᠪᠳᠡᠵᠤ ᠲᠠᠷᠠᠭ᠎ᠠ ᠨᠢ ᠵᠠᠰᠠᠬᠤ ᠠᠴᠠ ᠵᠠᠶᠢᠯᠠᠰᠬᠢᠨ᠎ᠡ᠃      ᠠᠷᠪᠠᠨ ᠬᠤᠶᠠᠳᠤᠭᠠᠷ ᠵᠦᠢᠯ   ᠬᠤᠲᠠ᠂ ᠬᠤᠰᠢᠭᠤ ᠰᠢᠶᠡᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠬᠦᠷᠦᠰᠦ ᠰᠢᠷᠤᠢ ᠶᠢ ᠬᠠᠮᠠᠭᠠᠯᠠᠬᠤ ᠲᠦᠯᠦᠪᠵᠢᠭᠦᠯᠭᠡ ᠶᠤᠰᠤᠭᠠᠷ᠂ ᠪᠢᠲᠡᠭᠦᠮᠵᠢᠯᠡᠨ ᠦᠷᠡᠵᠢᠭᠦᠯᠵᠤ ᠬᠠᠮᠠᠭᠠᠯᠠᠬᠤ ᠪᠠ ᠠᠮᠢ ᠠᠬᠤᠢ ᠶᠢ ᠰᠡᠷᠭᠦᠭᠡᠬᠦ ᠪᠠᠷ ᠭᠤᠤᠯ ᠠᠷᠭ᠎ᠠ ᠬᠡᠮᠵᠢᠶ᠎ᠡ ᠪᠤᠯᠭᠠᠵᠤ᠂ ᠪᠦᠬᠦ ᠠᠷᠠᠳ ᠢ ᠵᠤᠬᠢᠶᠠᠨ ᠪᠠᠶᠢᠭᠤᠯᠤᠨ ᠮᠤᠲᠤ ᠵᠠᠶᠢᠯᠠᠨ ᠡᠪᠡᠰᠦ ᠲᠠᠷᠢᠵᠤ᠂ ᠤᠢ ᠰᠢᠭᠤᠢ ᠡᠪᠡᠰᠤ ᠪᠡᠯᠴᠢᠭᠡᠷ ᠤᠨ ᠪᠦᠷᠬᠦᠪᠴᠢ ᠶᠢᠨ ᠲᠠᠯᠠᠪᠠᠢ ᠶᠢ ᠦᠷᠭᠡᠳᠭᠡᠨ᠂ ᠤᠷᠭᠤᠮᠠᠯ ᠤᠨ ᠪᠦᠷᠬᠦᠪᠴᠢ ᠶᠢ ᠬᠠᠮᠠᠭᠠᠯᠠᠵᠤ᠂ ᠤᠰᠤᠨ ᠰᠤᠷᠪᠤᠯᠵᠢ ᠶᠢ ᠬᠠᠳᠠᠭᠠᠯᠠᠵᠤ᠂ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠳᠠᠬᠢ ᠬᠠᠮᠢᠶᠠᠷᠤᠯᠲᠠ ᠪᠠᠨ ᠴᠢᠩᠭᠠᠳᠬᠠᠨ᠂ ᠭᠠᠵᠠᠷ ᠤᠨ ᠭᠠᠳᠠᠷᠭᠤ ᠶᠢ ᠬᠦᠨᠳᠡᠬᠦ ᠶᠢ ᠪᠠᠭᠠᠰᠬᠠᠵᠤ᠂ ᠬᠦᠷᠦᠰᠦ ᠰᠢᠷᠤᠢ ᠶᠢᠨ ᠢᠳᠡᠭᠳᠡᠯ ᠢ ᠰᠡᠷᠭᠡᠶᠢᠯᠡᠬᠦ ᠪᠠ ᠪᠠᠭᠠᠰᠬᠠᠨ᠎ᠠ᠃      ᠬᠤᠰᠢᠭᠤ ᠰᠢᠶᠡᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠠᠭᠤᠯᠠ ᠶᠢ ᠪᠢᠲᠡᠭᠦᠮᠵᠢᠯᠡᠵᠤ ᠮᠠᠯᠵᠢᠬᠤ ᠶᠢ ᠴᠠᠭᠠᠵᠠᠯᠠᠬᠤ ᠬᠦᠷᠢᠶ᠎ᠡ ᠬᠡᠪᠴᠢᠶ᠎ᠠ ᠶᠢ ᠲᠤᠭᠲᠠᠭᠠᠬᠤ ᠶᠢᠨ ᠬᠠᠮᠲᠤ ᠨᠡᠶᠢᠭᠡᠮ ᠳᠤ ᠨᠡᠶᠢᠲᠡᠯᠡᠵᠤ᠂ ᠠᠭᠤᠯᠠ ᠶᠢ ᠪᠢᠲᠡᠭᠦᠮᠵᠢᠯᠡᠵᠤ ᠮᠠᠯᠵᠢᠬᠤ ᠶᠢ ᠴᠠᠭᠠᠵᠠᠯᠠᠬᠤ ᠣᠷᠣᠨ ᠤ ᠭᠤᠤᠯ ᠪᠤᠯᠬᠤ ᠵᠠᠮ ᠤᠨ ᠠᠭᠤᠯᠵᠠᠷ᠂ ᠬᠦᠪᠡᠭᠡ ᠬᠢᠵᠠᠭᠠᠷ ᠵᠡᠷᠭᠡ ᠭᠠᠵᠠᠷ ᠲᠤ ᠢᠯᠡᠷᠭᠡᠢ ᠲᠡᠮᠳᠡᠭ ᠪᠤᠰᠬᠠᠬᠤ ᠬᠡᠷᠡᠭᠲᠠᠢ᠃      ᠠᠷᠪᠠᠨ ᠭᠤᠷᠪᠠᠳᠤᠭᠠᠷ ᠵᠦᠢᠯ   ᠠᠭᠤᠯᠠᠷᠬᠠᠭ ᠤᠷᠤᠨ᠂ ᠲᠤᠪᠤᠴᠠᠭ ᠤᠷᠤᠨ᠂ ᠰᠠᠯᠬᠢ ᠡᠯᠡᠰᠦ ᠲᠠᠢ ᠤᠷᠤᠨ ᠵᠢᠴᠢ ᠬᠦᠷᠦᠰᠦ ᠰᠢᠷᠤᠢ ᠶᠢ ᠬᠠᠮᠠᠭᠠᠯᠠᠬᠤ ᠲᠦᠯᠦᠪᠵᠢᠭᠦᠯᠭᠡ ᠳᠤ ᠲᠤᠭᠲᠠᠭᠠᠭᠰᠠᠨ ᠬᠦᠷᠦᠰᠦ ᠰᠢᠷᠤᠢ ᠶᠢᠨ ᠢᠳᠡᠭᠳᠡᠯ ᠠᠮᠠᠷᠬᠠᠨ ᠡᠭᠦᠰᠬᠦ ᠪᠤᠰᠤᠳ ᠤᠷᠤᠨ ᠳᠤ᠂ ᠤᠤᠯ ᠭᠠᠵᠠᠷ ᠤᠨ ᠭᠠᠳᠠᠷᠭᠤ ᠪᠠ ᠤᠷᠭᠤᠮᠠᠯ ᠤᠨ ᠪᠦᠷᠬᠦᠪᠴᠢ ᠶᠢ ᠬᠦᠨᠳᠡᠵᠤ ᠡᠪᠳᠡᠬᠦ ᠲᠠᠢ ᠬᠤᠯᠪᠤᠭᠲᠠᠭᠰᠠᠨ ᠬᠦᠷᠦᠰᠦ ᠰᠢᠷᠤᠢ ᠶᠢ ᠨᠡᠭᠡᠭᠡᠵᠤ ᠮᠠᠯᠲᠠᠵᠤ᠂ ᠭᠠᠳᠠᠭᠰᠢᠯᠠᠭᠤᠯᠤᠨ ᠬᠠᠶᠠᠬᠤ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠬᠢᠬᠦ ᠪᠤᠯ᠂ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠨᠢᠭᠡᠴᠢ ᠨᠢ ᠦᠪᠡᠷᠲᠡᠭᠡᠨ ᠪᠤᠶᠤ ᠬᠢᠷᠢ ᠬᠡᠮ ᠲᠠᠢ ᠨᠢᠭᠡᠴᠢ ᠳᠤ ᠨᠠᠶᠢᠳᠠᠵᠤ ᠬᠦᠷᠦᠰᠦ ᠰᠢᠷᠤᠢ ᠶᠢ ᠬᠠᠮᠠᠭᠠᠯᠠᠬᠤ ᠲᠦᠰᠦᠯ ᠢ ᠨᠠᠶᠢᠷᠠᠭᠤᠯᠤᠨ ᠵᠤᠬᠢᠶᠠᠵᠤ᠂ ᠬᠤᠲᠠ᠂ ᠬᠤᠰᠢᠭᠤ ᠰᠢᠶᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠤ ᠬᠢᠨᠠᠨ ᠵᠦᠪᠰᠢᠶᠡᠷᠡᠭᠦᠯᠬᠦ ᠪᠠᠷ ᠮᠡᠳᠡᠭᠦᠯᠵᠤ᠂ ᠵᠦᠪᠰᠢᠶᠡᠷᠡᠭᠰᠡᠨ ᠬᠦᠷᠦᠰᠦ ᠰᠢᠷᠤᠢ ᠶᠢ ᠬᠠᠮᠠᠭᠠᠯᠠᠬᠤ ᠲᠦᠰᠦᠯ ᠢ ᠴᠢᠩᠭ᠎ᠠ ᠵᠢᠷᠦᠮᠯᠡᠵᠦ᠂ ᠬᠦᠷᠦᠰᠦ ᠰᠢᠷᠤᠢ ᠶᠢᠨ ᠢᠳᠡᠭᠳᠡᠯ ᠢ ᠰᠡᠷᠭᠡᠶᠢᠯᠡᠬᠦ ᠪᠠ ᠵᠠᠰᠠᠬᠤ ᠠᠷᠭ᠎ᠠ ᠬᠡᠮᠵᠢᠶ᠎ᠡ ᠠᠪᠬᠤ ᠬᠡᠷᠡᠭᠲᠠᠢ᠃      ᠠᠷᠪᠠᠨ ᠲᠥᠷᠪᠡᠳᠦᠭᠡᠷ ᠵᠦᠢᠯ   ᠬᠤᠲᠠ ᠶᠢᠨ ᠱᠠᠲᠤᠨ ᠠᠴᠠ ᠲᠠᠭᠡᠭᠰᠢᠬᠢ ᠠᠷᠠᠳ ᠤᠨ ᠵᠠᠰᠠᠭ ᠤᠨ ᠤᠷᠳᠤᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠤᠨ ᠵᠦᠪᠰᠢᠶᠡᠷᠡᠭᠰᠡᠨ ᠬᠦᠷᠦᠰᠤ ᠰᠢᠷᠤᠢ ᠶᠢ ᠬᠠᠮᠠᠭᠠᠯᠠᠬᠤ ᠲᠦᠰᠦᠯ ᠳᠠᠬᠢ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠳᠤ᠂ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠨᠢᠭᠡᠴᠢ ᠨᠢ ᠬᠦᠷᠦᠰᠦ ᠰᠢᠷᠤᠢ ᠶᠢ ᠬᠠᠮᠠᠭᠠᠯᠠᠬᠤ ᠰᠡᠷᠭᠡᠶᠢᠯᠡᠨ ᠵᠠᠰᠠᠬᠤ ᠢᠨᠵᠧᠨᠧᠷᠢᠩ ᠢ ᠭᠤᠤᠯ ᠴᠤᠭᠴᠠ ᠶᠢᠨ ᠢᠨᠵᠧᠨᠧᠷᠢᠩ ᠤᠨ ᠲᠦᠷᠦᠯ ᠵᠦᠢᠯ ᠤᠨ ᠪᠠᠷᠢᠯᠭ᠎ᠠ ᠶᠢᠨ ᠬᠠᠮᠢᠶᠠᠷᠤᠯᠲᠠ ᠲᠤᠮᠲᠠ ᠤᠷᠤᠭᠤᠯᠬᠤ ᠬᠡᠷᠡᠭᠲᠠᠢ︔ ᠲᠦᠷᠦᠯ ᠵᠦᠢᠯ ᠤᠨ ᠠᠵᠢᠯ ᠡᠬᠢᠯᠡᠬᠦ ᠠᠴᠠ ᠡᠮᠦᠨ᠎ᠡ ᠬᠦᠷᠦᠰᠦ ᠰᠢᠷᠤᠢ ᠶᠢ ᠬᠠᠮᠠᠭᠠᠯᠠᠬᠤ ᠲᠦᠰᠦᠯ ᠢ ᠦᠨᠳᠦᠰᠦᠯᠡᠵᠤ ᠭᠤᠤᠯ ᠴᠤᠭᠴᠠ ᠶᠢᠨ ᠢᠨᠵᠧᠨᠧᠷᠢᠩ ᠤᠨ ᠬᠤᠷᠳᠤᠴᠠ ᠲᠠᠢ ᠵᠤᠬᠢᠴᠠᠭᠰᠠᠨ ᠬᠦᠷᠦᠰᠦ ᠰᠢᠷᠤᠢ ᠶᠢ ᠬᠠᠮᠠᠭᠠᠯᠠᠬᠤ ᠶᠢ ᠬᠡᠷᠡᠭᠵᠢᠭᠦᠯᠬᠦ ᠲᠦᠯᠦᠪᠯᠡᠭᠡ ᠲᠤᠭᠲᠠᠭᠠᠵᠤ᠂ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠤ ᠮᠡᠳᠡᠭᠦᠯᠦᠨ ᠲᠠᠩᠰᠠᠯᠠᠭᠤᠯᠬᠤ ᠬᠡᠷᠡᠭᠲᠠᠢ᠃ ᠡᠭᠦᠨ ᠤ ᠬᠠᠮᠲᠤ ᠬᠦᠷᠦᠰᠦ ᠰᠢᠷᠤᠢ ᠶᠢ ᠬᠠᠮᠠᠭᠠᠯᠠᠬᠤ ᠶᠢ ᠬᠡᠷᠡᠭᠵᠢᠭᠦᠯᠬᠦ ᠲᠦᠯᠦᠪᠯᠡᠭᠡ ᠶᠢ ᠲᠦᠷᠦᠯ ᠵᠦᠢᠯ ᠤᠨ ᠪᠠᠶᠢᠭ᠎ᠠ ᠭᠠᠵᠠᠷ ᠤᠨ ᠬᠤᠰᠢᠭᠤ ᠰᠢᠶᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠤ ᠴᠤᠬᠤᠯᠠᠪᠤᠷᠢᠯᠠᠨ ᠬᠦᠷᠭᠡᠨ᠎ᠡ᠃      ᠬᠦᠷᠦᠰᠦ ᠰᠢᠷᠤᠢ ᠶᠢ ᠬᠠᠮᠠᠭᠠᠯᠠᠬᠤ ᠶᠢ ᠬᠡᠷᠡᠭᠵᠢᠭᠦᠯᠬᠦ ᠲᠦᠯᠦᠪᠯᠡᠭᠡ ᠳᠤ ᠲᠤᠤᠷᠠᠬᠢ ᠭᠤᠤᠯ ᠠᠭᠤᠯᠭ᠎ᠠ ᠶᠢ ᠪᠠᠭᠲᠠᠭᠠᠬᠤ ᠬᠡᠷᠡᠭᠲᠠᠢ᠄      ︵ᠨᠢᠭᠡ︶ ᠵᠤᠬᠢᠶᠠᠨ ᠪᠠᠶᠢᠭᠤᠯᠤᠨ ᠤᠳᠤᠷᠢᠳᠬᠤ ᠪᠠ ᠪᠠᠷᠢᠯᠭ᠎ᠠ ᠶᠢᠨ ᠬᠠᠮᠢᠶᠠᠷᠤᠯᠲᠠ︔      ︵ᠬᠤᠶᠠᠷ︶ ᠬᠦᠷᠦᠰᠦ ᠰᠢᠷᠤᠢ ᠶᠢ ᠬᠠᠮᠠᠭᠠᠯᠠᠬᠤ ᠡᠯ᠎ᠡ ᠲᠦᠷᠦᠯ ᠤᠨ ᠠᠷᠭ᠎ᠠ ᠬᠡᠮᠵᠢᠶ᠎ᠠ ᠵᠢᠴᠢ ᠬᠡᠷᠡᠭᠵᠢᠭᠦᠯᠬᠦ ᠬᠤᠷᠳᠤᠴᠠ ᠶᠢᠨ ᠲᠤᠬᠢᠷᠠᠭᠤᠯᠤᠯᠲᠠ︔      ︵ᠭᠤᠷᠪᠠ︶ ᠬᠦᠷᠦᠰᠦ ᠰᠢᠷᠤᠢ ᠶᠢ ᠬᠠᠮᠠᠭᠠᠯᠠᠬᠤ ᠤᠨ ᠤ ᠪᠠᠯᠠ ᠤᠷᠤᠭᠤᠯᠤᠯᠲᠠ ᠶᠢᠨ ᠲᠤᠬᠢᠷᠠᠭᠤᠯᠤᠯᠲᠠ᠃      ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠨᠢᠭᠡᠴᠢ ᠨᠢ ᠤᠯᠠᠷᠢᠯ ᠪᠦᠷᠢ ᠳᠤ ᠬᠤᠲᠠ᠂ ᠬᠤᠰᠢᠭᠤ ᠰᠢᠶᠡᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠤ ᠬᠦᠷᠦᠰᠦ ᠰᠢᠷᠤᠢ ᠶᠢ ᠬᠠᠮᠠᠭᠠᠯᠠᠬᠤ ᠶᠢ ᠬᠡᠷᠡᠭᠵᠢᠭᠦᠯᠬᠦ ᠲᠦᠯᠦᠪᠯᠡᠭᠡ ᠶᠢᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠮᠡᠳᠡᠭᠦᠯᠬᠦ ᠬᠡᠷᠡᠭᠲᠠᠢ᠃      ᠠᠷᠪᠠᠨ ᠲᠠᠪᠤᠳᠤᠭᠠᠷ ᠵᠦᠢᠯ   ᠬᠦᠷᠦᠰᠦ ᠰᠢᠷᠤᠢ ᠶᠢ ᠬᠠᠮᠠᠭᠠᠯᠠᠬᠤ ᠲᠦᠰᠦᠯ ᠢ ᠬᠠᠤᠯᠢ ᠶᠤᠰᠤᠭᠠᠷ ᠨᠠᠶᠢᠷᠠᠭᠤᠯᠤᠨ ᠵᠤᠬᠢᠶᠠᠬᠤ ᠶᠤᠰᠤᠲᠠᠢ ᠪᠦᠲᠦᠭᠡᠨ ᠪᠠᠶᠢᠭᠤᠯᠤᠯᠲᠠ ᠶᠢᠨ ᠨᠢᠭᠡᠴᠢ ᠨᠢ ᠬᠦᠷᠦᠰᠦ ᠰᠢᠷᠤᠢ ᠶᠢ ᠬᠠᠮᠠᠭᠠᠯᠠᠬᠤ ᠶᠢ ᠵᠦᠪᠰᠢᠶᠡᠷᠡᠭᠰᠡᠨ ᠲᠦᠰᠦᠯ ᠤᠨ ᠬᠠᠮᠢᠶ᠎ᠠ ᠪᠦᠬᠦᠢ ᠠᠭᠤᠯᠭ᠎ᠠ ᠶᠤᠰᠤᠭᠠᠷ ᠪᠠᠷᠢᠯᠭ᠎ᠠ ᠪᠠᠷᠢᠬᠤ ᠬᠡᠷᠡᠭᠲᠠᠢ᠂ ᠬᠦᠷᠦᠰᠦ ᠰᠢᠷᠤᠢ ᠶᠢ ᠬᠠᠮᠠᠭᠠᠯᠠᠬᠤ ᠲᠦᠰᠦᠯ ᠢ ᠬᠡᠷᠡᠭᠵᠢᠭᠦᠯᠬᠦ ᠪᠠᠯᠠ ᠮᠦᠩᠭᠦ ᠶᠢ ᠬᠦᠷᠦᠰᠤ ᠰᠢᠷᠤᠢ ᠶᠢᠨ ᠢᠳᠡᠭᠳᠡᠯ ᠢ ᠰᠡᠷᠭᠡᠶᠢᠯᠡᠬᠦ ᠪᠠ ᠵᠠᠰᠠᠬᠤ ᠳᠤ ᠲᠤᠰᠬᠠᠢ ᠬᠡᠷᠡᠭᠯᠡᠬᠦ ᠬᠡᠷᠡᠭᠲᠠᠢ᠃      ᠠᠷᠪᠠᠨ ᠵᠢᠷᠭᠤᠳᠤᠭᠠᠷ ᠵᠦᠢᠯ   ᠬᠦᠷᠦᠰᠦ ᠰᠢᠷᠤᠢ ᠶᠢ ᠬᠠᠮᠠᠭᠠᠯᠠᠬᠤ ᠲᠦᠰᠦᠯ ᠢ ᠬᠠᠤᠯᠢ ᠶᠤᠰᠤᠭᠠᠷ ᠨᠠᠶᠢᠷᠠᠭᠤᠯᠤᠨ ᠵᠤᠬᠢᠶᠠᠬᠤ ᠶᠤᠰᠤᠲᠠᠢ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠪᠠᠷᠢᠯᠭ᠎ᠠ ᠶᠢᠨ ᠶᠠᠪᠤᠴᠠ ᠲᠤᠮᠲᠠ᠂ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠨᠢᠭᠡᠴᠢ ᠠᠴᠠ ᠵᠤᠬᠢᠴᠠᠩᠭᠤᠢ ᠠᠷᠭ᠎ᠠ ᠬᠡᠮᠵᠢᠶ᠎ᠠ ᠠᠪᠴᠤ ᠪᠠᠶᠢᠭᠠᠳ᠂ ᠪᠠᠷᠢᠯᠭ᠎ᠠ ᠠᠴᠠ ᠪᠤᠯᠵᠤ ᠬᠦᠷᠦᠰᠦ ᠰᠢᠷᠤᠢ ᠶᠢᠨ ᠢᠳᠡᠭᠳᠡᠯ ᠡᠭᠦᠰᠬᠦ ᠶᠢ ᠰᠡᠷᠭᠡᠶᠢᠯᠡᠬᠦ ᠬᠡᠷᠡᠭᠲᠠᠢ᠃      ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠠᠵᠢᠯᠯᠠᠭᠠᠨ ᠤ ᠡᠵᠡᠯᠡᠨ ᠬᠡᠷᠡᠭᠯᠡᠭᠰᠡᠨ ᠭᠠᠵᠠᠷ ᠤᠨ ᠭᠠᠳᠠᠷᠭᠤ ᠶᠢ ᠲᠤᠰᠠᠭᠠᠷᠯᠠᠵᠦ᠂ ᠬᠠᠳᠠᠭᠠᠯᠠᠬᠤ ᠪᠠ ᠠᠰᠢᠭᠯᠠᠵᠤ᠂ ᠭᠠᠵᠠᠷ ᠤᠨ ᠭᠠᠳᠠᠷᠭᠤ ᠶᠢᠨ ᠰᠢᠷᠤᠢ ᠶᠢᠨ ᠡᠬᠢ ᠪᠠᠶᠠᠯᠢᠭ ᠢ ᠪᠦᠲᠦᠮᠵᠢᠲᠠᠢ ᠬᠠᠮᠠᠭᠠᠯᠠᠬᠤ ᠬᠡᠷᠡᠭᠲᠠᠢ᠃      ᠪᠠᠷᠢᠯᠭ᠎ᠠ ᠶᠢᠨ ᠤᠷᠤᠨ ᠤ ᠬᠦᠷᠢᠶ᠎ᠡ ᠬᠡᠪᠴᠢᠶᠡᠨ ᠲᠤᠲᠤᠷ᠎ᠠ ᠤᠰᠤ ᠭᠠᠳᠠᠭᠰᠢᠯᠠᠭᠤᠯᠬᠤ ᠶᠢ ᠲᠠᠰᠤᠯᠬᠤ᠂ ᠡᠯᠡᠰᠦ ᠲᠤᠩᠭᠠᠬᠤ᠂ ᠬᠠᠯᠬᠠᠯᠠᠨ ᠬᠠᠮᠠᠭᠠᠯᠠᠬᠤ᠂ ᠪᠦᠲᠡᠭᠡᠯᠭᠡ ᠬᠤᠴᠢᠬᠤ᠂ ᠤᠰᠤ ᠰᠦᠷᠴᠢᠬᠦ ᠵᠡᠷᠭᠡ ᠲᠦᠷ ᠴᠠᠭ ᠤᠨ ᠰᠡᠷᠭᠡᠶᠢᠯᠡᠨ ᠬᠠᠮᠠᠭᠠᠯᠬᠤ ᠪᠦᠲᠦᠮᠵᠢᠲᠠᠢ ᠠᠷᠭ᠎ᠠ ᠬᠡᠮᠵᠢᠶ᠎ᠡ ᠠᠪᠬᠤ ᠬᠡᠷᠡᠭᠲᠠᠢ᠃      ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠳᠤ ᠬᠦᠭᠵᠢᠯᠲᠠ ᠶᠢᠨ ᠲᠠᠯᠠᠪᠤᠷ᠂ ᠨᠡᠭᠡᠭᠡᠵᠤ ᠮᠠᠯᠳᠠᠬᠤ ᠭᠠᠳᠠᠷᠭᠤ ᠪᠠ ᠬᠠᠳᠠᠭᠠᠯᠠᠨ ᠲᠠᠯᠪᠢᠬᠤ ᠭᠠᠵᠠᠷ ᠤᠷᠢᠳᠴᠢᠯᠠᠨ ᠦᠯᠡᠳᠡᠭᠡᠪᠡᠯ᠂ ᠭᠠᠵᠠᠷ ᠰᠢᠷᠤᠢ ᠲᠡᠭᠰᠢᠯᠡᠬᠦ᠂ ᠡᠪᠡᠰᠦ ᠲᠠᠷᠢᠬᠤ ᠵᠡᠷᠭᠡ ᠬᠦᠷᠦᠰᠦ ᠰᠢᠷᠤᠢ ᠶᠢ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠠᠪᠬᠤ ᠬᠡᠷᠡᠭᠲᠠᠢ᠃      ᠲᠡᠮᠦᠷ ᠵᠠᠮ᠂ ᠵᠠᠰᠠᠮᠠᠯ ᠵᠠᠮ ᠤᠨ ᠬᠤᠶᠠᠷ ᠬᠠᠵᠠᠭᠤ ᠳᠤ ᠬᠠᠷᠢᠶᠠᠯᠠᠭᠳᠠᠬᠤ ᠠᠭᠤᠯᠠᠨ ᠪᠠᠯ ᠭᠠᠵᠠᠷ ᠲᠤ ᠬᠦᠷᠦᠰᠦ ᠰᠢᠷᠤᠢ ᠶᠢᠨ ᠢᠳᠡᠭᠳᠡᠯ ᠢ ᠰᠡᠷᠭᠡᠶᠢᠯᠡᠬᠦ ᠬᠠᠮᠠᠭᠠᠯᠠᠯᠲᠠ ᠶᠢᠨ ᠨᠠᠯᠠᠤ ᠪᠠᠶᠢᠭᠤᠯᠤᠨ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠠ ᠠᠪᠬᠤ ᠬᠡᠷᠡᠭᠲᠠᠢ᠃      ᠠᠷᠪᠠᠨ ᠲᠤᠯᠤᠳᠤᠭᠠᠷ ᠵᠦᠢᠯ   ᠬᠦᠷᠦᠰᠦ ᠰᠢᠷᠤᠢ ᠶᠢ ᠬᠠᠮᠠᠭᠠᠯᠠᠬᠤ ᠲᠦᠰᠦᠯ ᠢ ᠬᠠᠤᠯᠢ ᠶᠤᠰᠤᠭᠠᠷ ᠨᠠᠶᠢᠷᠠᠭᠤᠯᠤᠨ ᠵᠤᠬᠢᠶᠠᠬᠤ ᠶᠤᠰᠤᠲᠠᠢ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠪᠠᠶᠢᠭᠤᠯᠤᠨ ᠪᠦᠲᠦᠭᠡᠭᠰᠡᠨ ᠤ ᠲᠠᠷᠠᠭ᠎ᠠ ᠵᠢᠷᠭᠤᠭᠠᠨ ᠰᠠᠷ᠎ᠠ ᠶᠢᠨ ᠲᠤᠲᠤᠷ᠎ᠠ᠂ ᠪᠦᠲᠦᠭᠡᠨ ᠪᠠᠶᠢᠭᠤᠯᠤᠯᠲᠠ ᠶᠢᠨ ᠨᠢᠭᠡᠴᠢ ᠠᠴᠠ ᠬᠦᠷᠦᠰᠦ ᠰᠢᠷᠤᠢ ᠶᠢ ᠬᠠᠮᠠᠭᠠᠯᠠᠬᠤ ᠶᠢ ᠬᠢᠨᠡᠨ ᠵᠦᠪᠰᠢᠶᠡᠷᠡᠬᠦ ᠰᠠᠯᠠᠭ᠎ᠠ ᠮᠦᠴᠢᠷ ᠲᠤ ᠬᠦᠷᠦᠰᠦ ᠰᠢᠷᠤᠢ ᠶᠢ ᠬᠠᠮᠠᠭᠠᠯᠠᠬᠤ ᠪᠡᠯᠡᠳᠭᠡᠮᠵᠢ ᠶᠢ ᠰᠢᠯᠭᠠᠨ ᠬᠤᠷᠢᠶᠠᠯᠭᠠᠬᠤ ᠪᠠᠷ ᠭᠤᠶᠤᠴᠢᠯᠠᠬᠤ ᠬᠡᠷᠡᠭᠲᠠᠢ︔ ᠰᠢᠯᠭᠠᠨ ᠬᠤᠷᠢᠶᠠᠯᠲᠠ ᠶᠢ ᠲᠠᠮᠵᠢᠭᠰᠠᠨ ᠦᠭᠡᠢ ᠪᠤᠶᠤ ᠰᠢᠯᠭᠠᠨ ᠬᠤᠷᠢᠶᠠᠯᠲᠠ ᠳᠤ ᠬᠢᠷᠢ ᠲᠡᠩᠴᠡᠭᠰᠡᠨ ᠦᠭᠡᠢ ᠪᠤᠯ᠂ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠠᠰᠢᠭᠯᠠᠯᠲᠠ ᠳᠤ ᠤᠷᠤᠭᠤᠯᠵᠤ ᠬᠡᠷᠡᠭᠯᠡᠵᠤ ᠪᠤᠯᠬᠤ ᠦᠭᠡᠢ᠃      ᠬᠤᠭᠤᠴᠠᠭ᠎ᠠ ᠬᠤᠪᠢᠶᠠᠨ ᠪᠦᠲᠦᠭᠡᠨ ᠪᠠᠶᠢᠭᠤᠯᠬᠤ᠂ ᠬᠤᠭᠤᠴᠠᠭ᠎ᠠ ᠬᠤᠪᠢᠶᠠᠨ ᠠᠰᠢᠭᠯᠠᠯᠲᠠ ᠳᠤ ᠤᠷᠤᠭᠤᠯᠤᠨ ᠬᠡᠷᠡᠭᠯᠡᠬᠦ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠵᠤᠬᠢᠴᠠᠩᠭᠤᠢ ᠬᠦᠷᠦᠰᠦ ᠰᠢᠷᠤᠢ ᠶᠢ ᠬᠠᠮᠠᠭᠠᠯᠠᠬᠤ ᠪᠡᠯᠡᠳᠭᠡᠮᠵᠢ ᠶᠢ ᠲᠤᠭᠲᠠᠭᠠᠭᠰᠠᠨ ᠪᠠᠷᠢᠮᠵᠢᠶ᠎ᠠ ᠶᠤᠰᠤᠭᠠᠷ ᠬᠤᠭᠤᠴᠠᠭ᠎ᠠ ᠬᠤᠪᠢᠶᠠᠨ ᠰᠢᠯᠭᠠᠨ ᠬᠤᠷᠢᠶᠠᠬᠤ ᠬᠡᠷᠡᠭᠲᠠᠢ᠃      ᠠᠷᠪᠠᠨ ᠨᠠᠢᠮᠠᠳᠤᠭᠠᠷ ᠵᠦᠢᠯ   ᠶᠡᠮᠠᠷᠪᠠ ᠨᠢᠭᠡᠴᠢ ᠪᠠ ᠬᠤᠪᠢ ᠬᠦᠮᠦᠨ ᠬᠦᠷᠦᠰᠦ ᠰᠢᠷᠤᠢ ᠶᠢ ᠬᠠᠮᠠᠭᠠᠯᠠᠬᠤ ᠪᠡᠯᠡᠳᠭᠡᠮᠵᠢ ᠶᠢ ᠡᠪᠳᠠᠬᠦ ᠪᠠ ᠲᠤᠷ᠎ᠠ ᠪᠠᠷ ᠢᠶᠠᠨ ᠡᠵᠡᠯᠡᠨ ᠬᠡᠷᠡᠭᠯᠡᠵᠤ᠂ ᠪᠦᠭᠯᠡᠵᠤ᠂ ᠡᠪᠳᠡᠯᠡᠨ ᠬᠠᠶᠠᠵᠤ ᠪᠤᠯᠬᠤ ᠦᠭᠡᠢ      ᠬᠦᠷᠦᠰᠦ ᠰᠢᠷᠤᠢ ᠶᠢ ᠬᠠᠮᠠᠭᠠᠯᠠᠬᠤ ᠪᠡᠯᠡᠳᠭᠡᠮᠵᠢ ᠳᠤ ᠭᠤᠤᠯ ᠪᠠᠭᠲᠠᠬᠤ ᠨᠢ᠄      ︵ᠨᠢᠭᠡ︶ ᠱᠠᠲᠤᠨ ᠲᠠᠷᠢᠶ᠎ᠠ᠂ ᠬᠠᠰᠢᠯᠭ᠎ᠠ ᠭᠠᠵᠠᠷ᠂ ᠢᠳᠡᠭᠳᠡᠯ ᠭᠠᠵᠠᠷ ᠤᠨ ᠤᠰᠤᠨ ᠲᠠᠷᠢᠶ᠎ᠠ᠂ ᠭᠤᠤᠯ ᠤᠨ ᠲᠠᠩ᠂ ᠭᠤᠤ᠂ ᠦᠶᠡᠷ ᠢ ᠲᠠᠲᠠᠬᠤ ᠬᠠᠯᠢᠬᠤ ᠭᠠᠵᠠᠷ᠂ ᠭᠠᠵᠠᠷ ᠤᠨ ᠬᠦᠪᠡᠭᠡ ᠬᠠᠰᠢᠯᠭ᠎ᠠ᠂ ᠣᠰᠣ ᠲᠠᠰᠤᠯᠬᠤ ᠰᠤᠪᠠᠭ᠂ ᠤᠰᠤ ᠬᠠᠳᠠᠭᠠᠯᠠᠬᠤ ᠰᠤᠪᠠᠭ᠂ ᠰᠤᠪᠠᠭ ᠤᠨ ᠬᠦᠪᠡᠭᠡ ᠬᠠᠰᠢᠯᠭ᠎ᠠ᠂ ᠤᠰᠤ ᠭᠠᠳᠠᠭᠰᠢᠯᠠᠭᠤᠯᠬᠤ ᠰᠤᠪᠠᠭ᠂ ᠡᠯᠡᠰᠦ ᠲᠤᠩᠭᠠᠬᠤ ᠴᠦᠬᠦᠷᠦᠮ᠂ ᠤᠰᠤᠨ ᠵᠤᠭᠤᠷᠢ᠂ ᠰᠤᠪᠠᠭ ᠤᠨ ᠲᠤᠯᠤᠭᠠᠢ ᠶᠢᠨ ᠰᠡᠷᠭᠡᠶᠢᠯᠡᠨ ᠬᠠᠮᠠᠭᠠᠯᠠᠯᠲᠠ ᠵᠡᠷᠭᠡ ᠲᠠᠷᠢᠶᠠᠨ ᠭᠠᠵᠠᠷ ᠤᠨ ᠬᠦᠷᠦᠰᠦ ᠰᠢᠷᠤᠢ ᠶᠢ ᠬᠠᠮᠠᠭᠠᠯᠠᠬᠤ ᠢᠨᠵᠧᠨᠧᠷᠢᠩ ᠵᠢᠴᠢ ᠲᠠᠭᠠᠯᠲᠠ ᠪᠡᠯᠡᠳᠭᠡᠮᠵᠢ︔      ︵ᠬᠤᠶᠠᠷ︶ ᠨᠦᠯᠦᠮᠡᠯ ᠭᠠᠵᠠᠷ ᠤᠨ ᠬᠠᠰᠢᠯᠭ᠎ᠠ᠂ ᠰᠢᠭᠠᠷᠤᠭ ᠤᠨ ᠬᠠᠰᠢᠯᠭ᠎ᠠ᠂ ᠡᠯᠡᠰᠦᠨ ᠬᠠᠰᠢᠯᠭ᠎ᠠ᠂ ᠦᠯᠡᠳᠡᠭᠳᠡᠯ ᠠᠭᠤᠷᠬᠠᠢ ᠶᠢᠨ ᠬᠠᠰᠢᠯᠭ᠎ᠠ᠂ ᠵᠠᠪᠠ ᠶᠢᠨ ᠲᠠᠯᠠᠩ᠂ ᠲᠠᠩ ᠤᠨ ᠬᠠᠰᠢᠯᠭ᠎ᠠ᠂ ᠬᠠᠮᠠᠭᠠᠯᠠᠬᠤ ᠬᠦᠪᠡᠭᠡ ︵ᠪᠠᠯ︶᠂ ᠰᠢᠭᠠᠷᠤᠭ ᠢ ᠬᠤᠷᠢᠬᠤ ︵ᠬᠠᠯᠬᠠᠯᠠᠬᠤ︶ ᠬᠡᠷᠡᠮ ᠵᠡᠷᠭᠡ ᠭᠤᠤ ᠰᠣᠪᠠᠭ ᠤᠨ ᠬᠦᠷᠦᠰᠦ ᠰᠢᠷᠤᠢ ᠶᠢ ᠬᠠᠮᠠᠭᠠᠯᠠᠬᠤ ᠢᠨᠵᠧᠨᠧᠷᠢᠩ︔      ︵ᠭᠤᠷᠪᠠ︶ ᠬᠦᠷᠦᠰᠦ ᠰᠢᠷᠤᠢ ᠶᠢ ᠬᠠᠮᠠᠭᠠᠯᠠᠬᠤ ᠡᠪᠡᠰᠦ ᠮᠤᠲᠤ ᠪᠠ ᠵᠤᠯᠵᠠᠭ᠎ᠠ ᠮᠤᠳᠤᠨ ᠤ ᠬᠦᠷᠢᠶᠡᠯᠡᠩ᠂ ᠤᠷᠭᠤᠮᠠᠯ ᠤᠨ ᠬᠠᠰᠢᠯᠭ᠎ᠠ᠂ ᠲᠦᠪᠰᠢᠨ ᠰᠤᠪᠠᠭ᠂ ᠵᠢᠭᠠᠰᠤᠨ ᠬᠠᠶᠢᠷᠰᠤ ᠶᠢᠨ ᠬᠤᠩᠬᠢᠯ ᠵᠡᠷᠭᠡ ᠤᠢ ᠮᠤᠲᠤ ᠶᠢ ᠪᠤᠶᠢᠵᠢᠭᠤᠯᠵᠤ ᠭᠠᠵᠠᠷ ᠲᠡᠭᠰᠢᠯᠡᠬᠦ ᠲᠦᠬᠦᠷ ᠪᠡᠯᠡᠳᠭᠡᠮᠵᠢ︔      ︵ᠲᠦᠷᠪᠠ︶ ᠬᠦᠷᠦᠰᠦ ᠰᠢᠷᠤᠢ ᠶᠢ ᠬᠠᠮᠠᠭᠠᠯᠠᠬᠤ ᠬᠢᠨᠠᠨ ᠰᠢᠯᠭᠠᠬᠤ ᠲᠤᠤᠷ ᠴᠡᠭ ᠪᠠ ᠡᠷᠳᠡᠮ ᠰᠢᠨᠵᠢᠯᠡᠭᠡᠨ ᠤ ᠲᠤᠷᠰᠢᠯᠲᠠ ᠶᠢᠨ ᠲᠠᠯᠠᠪᠤᠷ᠂ ᠵᠢᠱᠢᠶ᠎ᠠ ᠦᠵᠡᠭᠦᠯᠬᠦ ᠲᠠᠯᠠᠪᠤᠷ᠂ ᠡᠷᠳᠡᠮ ᠰᠢᠨᠵᠢᠯᠡᠭᠡᠨ ᠤ ᠪᠡᠯᠡᠳᠭᠡᠮᠵᠢ︔      ︵ᠲᠠᠪᠤ︶ ᠬᠦᠷᠦᠰᠦ ᠰᠢᠷᠤᠢ ᠶᠢ ᠬᠠᠮᠠᠭᠠᠯᠠᠬᠤ ᠪᠤᠰᠤᠳ ᠪᠡᠯᠡᠳᠭᠡᠮᠵᠢ᠃      ᠠᠷᠪᠠ ᠶᠢᠰᠦᠳᠦᠭᠡᠷ ᠵᠦᠢᠯ   ᠬᠤᠲᠠ᠂ ᠬᠤᠰᠢᠭᠤ ᠰᠢᠶᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠨᠢ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠠᠵᠢᠯ ᠡᠬᠢᠯᠡᠬᠦ ᠠᠴᠠ ᠡᠮᠦᠨ᠎ᠡ᠂ ᠪᠦᠲᠦᠭᠡᠨ ᠪᠠᠶᠢᠭᠤᠯᠤᠯᠲᠠ ᠲᠤᠮᠲᠠ ᠪᠠ ᠪᠠᠷᠢᠯᠭ᠎ᠠ ᠶᠢᠨ ᠠᠵᠢᠯ ᠲᠠᠭᠤᠰᠴᠤ ᠰᠢᠯᠭᠠᠨ ᠬᠤᠷᠢᠶᠠᠬᠤ ᠠᠴᠠ ᠡᠮᠦᠨ᠎ᠡ ᠬᠦᠷᠦᠰᠦ ᠰᠢᠷᠤᠢ ᠶᠢ ᠬᠠᠮᠠᠭᠠᠯᠠᠬᠤ ᠲᠦᠰᠦᠯ ᠢ ᠬᠡᠷᠡᠭᠵᠢᠭᠦᠯᠦᠭᠰᠡᠨ ᠪᠠᠶᠢᠳᠠᠯ ᠳᠠᠬᠢ ᠬᠢᠨᠠᠯᠲᠠ ᠪᠠᠶᠢᠴᠠᠭᠠᠯᠲᠠ ᠪᠠᠨ ᠴᠢᠩᠭᠠᠳᠬᠠᠵᠤ ᠂ ᠠᠰᠠᠭᠤᠳᠠᠯ ᠢ ᠢᠯᠡᠷᠡᠭᠦᠯᠪᠡᠯ ᠲᠠᠷᠤᠢ ᠳᠤᠨᠢ ᠰᠢᠢᠳᠪᠦᠷᠢᠯᠡᠵᠤ᠂ ᠮᠦᠷᠳᠡᠨ ᠨᠠᠶᠢᠳᠠᠪᠤᠷᠢᠵᠢᠭᠤᠯᠵᠤ᠂ ᠬᠦᠷᠦᠰᠦ ᠰᠢᠷᠤᠢ ᠶᠢᠨ ᠢᠳᠡᠭᠳᠡᠯ ᠡᠭᠦᠰᠬᠦ ᠶᠢ ᠰᠡᠷᠭᠡᠶᠢᠯᠡᠬᠦ ᠬᠡᠷᠡᠭᠲᠠᠢ᠃ ᠪᠠᠶᠢᠴᠠᠭᠠᠯᠲᠠ ᠲᠤᠮᠲᠠ ᠬᠦᠷᠦᠰᠦ ᠰᠢᠷᠤᠢ ᠶᠢ ᠢᠳᠡᠭᠳᠡᠭᠦᠯᠦᠭᠰᠡᠨ ᠬᠦᠨᠲᠦ ᠨᠤᠴᠢᠲᠠᠢ ᠬᠠᠤᠯᠢ ᠠᠴᠠ ᠵᠦᠷᠢᠴᠡᠭᠰᠡᠨ ᠬᠡᠷᠡᠭ ᠢ ᠢᠯᠡᠷᠡᠭᠦᠯᠪᠡᠯ᠂ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠲᠡᠭᠡᠷ᠎ᠡ ᠨᠢᠭᠡ ᠱᠠᠲᠤᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠤ ᠲᠠᠷᠤᠢ ᠲᠦᠷᠭᠡᠨ ᠮᠡᠳᠡᠭᠦᠯᠬᠦ ᠬᠡᠷᠡᠭᠲᠠᠢ᠃      ᠲᠥᠷᠪᠡᠳᠦᠭᠡᠷ ᠪᠦᠯᠦᠭ   ᠵᠠᠰᠠᠬᠤ      ᠬᠤᠷᠢᠳᠤᠭᠠᠷ ᠵᠦᠢᠯ   ᠬᠦᠷᠦᠰᠦ ᠰᠢᠷᠤᠢ ᠶᠢᠨ ᠢᠳᠡᠭᠳᠡᠯ ᠢ ᠵᠠᠰᠠᠬᠤ ᠳᠤ ᠬᠦᠷᠦᠰᠦ ᠰᠢᠷᠤᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠪᠠ ᠠᠮᠢ ᠠᠬᠤᠢ ᠶᠢᠨ ᠤᠷᠴᠢᠨ ᠲᠤᠭᠤᠷᠢᠨ ᠢ ᠰᠠᠶᠢᠵᠢᠷᠠᠭᠤᠯᠬᠤ ᠶᠢ ᠤᠶᠠᠯᠳᠤᠭᠤᠯᠬᠤ᠂ ᠦᠪᠡᠷᠲᠡᠭᠡᠨ ᠰᠡᠷᠭᠦᠬᠦ ᠪᠠ ᠬᠦᠮᠦᠨ ᠤ ᠬᠦᠴᠦᠨ ᠢᠶᠠᠷ ᠵᠠᠰᠠᠬᠤ ᠶᠢ ᠤᠶᠠᠯᠳᠤᠭᠤᠯᠬᠤ᠂ ᠢᠨᠵᠧᠨᠧᠷᠢᠩ ᠤᠨ ᠠᠷᠭ᠎ᠠ ᠪᠠᠷᠢᠯ᠂ ᠠᠮᠢᠲᠤ ᠪᠤᠳᠠᠰ ᠤᠨ ᠠᠷᠭ᠎ᠠ ᠪᠠᠷᠢᠯ ᠪᠠ ᠲᠠᠷᠢᠶᠠᠯᠠᠬᠤ ᠠᠷᠭ᠎ᠠ ᠪᠠᠷᠢᠯ ᠢ ᠤᠶᠠᠯᠳᠤᠭᠤᠯᠬᠤ ᠶᠢ ᠪᠠᠷᠢᠮᠳᠠᠯᠠᠵᠤ᠂ ᠠᠮᠢ ᠠᠬᠤᠢ᠂ ᠨᠡᠶᠢᠭᠡᠮ᠂ ᠠᠵᠤ ᠠᠬᠤᠢ ᠶᠢᠨ ᠦᠷ᠎ᠡ ᠠᠰᠢᠭ ᠢ ᠬᠠᠮᠲᠤ ᠳᠤᠨᠢ ᠪᠤᠳᠤᠯᠬᠢᠯᠠᠨ᠎ᠡ᠃      ᠬᠤᠷᠢᠨ ᠨᠢᠭᠡᠳᠦᠭᠡᠷ ᠵᠦᠢᠯ   ᠬᠤᠲᠠ᠂ ᠬᠤᠰᠢᠭᠤ ᠰᠢᠶᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠨᠢ ᠬᠦᠷᠦᠰᠦ ᠰᠢᠷᠤᠢ ᠶᠢ ᠬᠠᠮᠠᠭᠠᠯᠠᠬᠤ ᠲᠦᠯᠦᠪᠵᠢᠭᠦᠯᠭᠡ ᠳᠤ ᠲᠤᠭᠲᠠᠭᠠᠭᠰᠠᠨ ᠵᠠᠰᠠᠬᠤ ᠬᠠᠷᠠᠯᠲᠠ ᠪᠠ ᠡᠭᠦᠷᠭᠡ ᠶᠢ ᠦᠨᠳᠦᠰᠦᠯᠡᠵᠤ᠂ ᠬᠦᠷᠦᠰᠦ ᠰᠢᠷᠤᠢ ᠶᠢᠨ ᠢᠳᠡᠭᠳᠡᠯ ᠤᠨ ᠭᠤᠤᠯᠳᠠᠯᠭ᠎ᠠ ᠲᠠᠢ ᠰᠡᠷᠭᠡᠶᠢᠯᠡᠬᠦ ᠤᠷᠤᠨ ᠪᠠ ᠭᠤᠤᠯᠳᠠᠯᠭ᠎ᠠ ᠲᠠᠢ ᠵᠠᠰᠠᠬᠤ ᠤᠷᠤᠨ ᠳᠤ ᠬᠦᠷᠦᠰᠦ ᠰᠢᠷᠤᠢ ᠶᠢ ᠬᠠᠮᠠᠭᠠᠯᠠᠬᠤ ᠭᠤᠤᠯᠳᠠᠯᠭ᠎ᠠ ᠲᠠᠢ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠲᠦᠯᠦᠪᠯᠡᠭᠡ ᠲᠠᠢ ᠪᠠᠷ ᠦᠷᠨᠢᠭᠦᠯᠤᠨ᠂ ᠬᠠᠮᠢᠶ᠎ᠠ ᠪᠦᠬᠦᠢ ᠰᠠᠯᠠᠭ᠎ᠠ ᠮᠦᠴᠢᠷ ᠪᠠ ᠨᠢᠭᠡᠴᠢ ᠶᠢ ᠵᠤᠬᠢᠶᠠᠨ ᠪᠠᠶᠢᠭᠤᠯᠵᠤ ᠬᠦᠷᠦᠰᠦ ᠰᠢᠷᠤᠢ ᠶᠢᠨ ᠢᠳᠡᠭᠳᠡᠯ ᠢ ᠶᠡᠷᠦᠩᠬᠡᠶᠢᠯᠡᠨ ᠵᠠᠰᠠᠵᠤ᠂ ᠬᠦᠮᠦᠨ ᠤ ᠬᠦᠴᠦᠨ᠂ ᠡᠳ᠋ ᠤᠨ ᠬᠦᠴᠦᠨ᠂ ᠪᠤᠳᠠᠰ ᠤᠨ ᠬᠦᠴᠦᠨ ᠤ ᠲᠠᠯ᠎ᠠ ᠪᠠᠷ ᠭᠤᠤᠯᠳᠠᠯᠭ᠎ᠠ ᠲᠠᠢ ᠲᠡᠮᠵᠢᠯᠭᠡ ᠦᠵᠡᠭᠦᠯᠦᠨ᠎ᠡ᠃      ᠰᠢᠷ᠎ᠠ ᠬᠦᠷᠦᠰᠦᠨ ᠤ ᠲᠤᠪᠤᠴᠠᠭ ᠭᠤᠤ ᠭᠠᠩᠭ᠎ᠠ ᠲᠠᠢ ᠤᠷᠤᠨ ᠳᠤ ᠪᠠᠭ᠎ᠠ ᠰᠠᠪᠠ ᠤᠷᠤᠰᠬᠠᠯ ᠢᠶᠠᠷ ᠨᠢᠭᠡᠴᠢ ᠪᠤᠯᠭᠠᠵᠤ᠂ ᠨᠠᠯᠠᠤ ᠲᠠᠷᠢᠶᠠᠨ ᠭᠠᠵᠠᠷ ᠢ ᠵᠠᠰᠠᠬᠤ ᠳᠤ ᠬᠦᠷᠦᠰᠦ ᠰᠢᠷᠤᠢ ᠶᠢ ᠬᠠᠮᠠᠭᠠᠯᠠᠬᠤ ᠤᠢ ᠡᠪᠡᠰᠦ ᠪᠠ ᠭᠤᠤ ᠰᠣᠪᠠᠭ ᠤᠨ ᠢᠨᠵᠧᠨᠧᠷᠢᠩ ᠢ ᠵᠤᠬᠢᠰᠲᠠᠢ ᠲᠤᠬᠢᠷᠠᠭᠤᠯᠬᠤ ᠠᠷᠭ᠎ᠠ ᠬᠡᠮᠵᠢᠶ᠎ᠡ ᠠᠪᠤᠨ᠎ᠠ︔      ᠰᠢᠷᠤᠢ ᠴᠢᠯᠠᠭᠤ ᠲᠠᠢ ᠠᠭᠤᠯᠠᠷᠬᠠᠭ ᠤᠷᠤᠨ ᠳᠤ ᠪᠢᠲᠡᠭᠦᠮᠵᠢᠯᠡᠨ ᠦᠷᠡᠵᠢᠭᠦᠯᠬᠦ ᠬᠠᠮᠠᠭᠠᠯᠠᠯᠲᠠ᠂ ᠲᠠᠷᠢᠶᠠᠯᠠᠬᠤ ᠪᠠᠨ ᠵᠤᠭᠰᠤᠵᠤ ᠤᠶᠢᠵᠢᠭᠤᠯᠬᠤ᠂ ᠡᠪᠠᠰᠤᠵᠢᠭᠦᠯᠬᠦ᠂ ᠤᠰᠤᠨ ᠰᠤᠷᠪᠤᠯᠵᠢ ᠶᠢᠨ ᠬᠠᠮᠠᠭᠠᠯᠠᠯᠲᠠ᠂ ᠨᠢᠴᠦᠭᠦᠨ ᠴᠢᠯᠠᠭᠤᠯᠢᠭ ᠬᠠᠯᠴᠠᠭᠠᠢ ᠭᠠᠵᠠᠷ ᠢ ᠵᠠᠰᠠᠬᠤ ᠢᠨᠵᠧᠨᠧᠷᠢᠩ ᠢ ᠬᠡᠷᠡᠭᠵᠢᠭᠦᠯᠵᠤ᠂ ᠠᠭᠤᠯᠠ ᠲᠡᠯᠪᠡᠴᠢᠨ ᠴᠢᠯᠠᠭᠤ ᠭᠠᠷᠭᠠᠬᠤ ᠶᠢ ᠴᠢᠩᠭ᠎ᠠ ᠴᠠᠭᠠᠵᠠᠯᠠᠵᠤ᠂ ᠠᠭᠤᠯᠠ᠂ ᠤᠰᠤ᠂ ᠲᠠᠷᠢᠶ᠎ᠠ᠂ ᠤᠢ᠂ ᠵᠠᠮ ᠢ ᠶᠡᠷᠦᠩᠬᠡᠶᠢᠯᠡᠨ ᠵᠠᠰᠠᠬᠤ ᠠᠷᠭ᠎ᠠ ᠬᠡᠮᠵᠢᠶ᠎ᠡ ᠶᠢ ᠠᠪᠤᠨ᠎ᠠ︔      ᠲᠠᠯ᠎ᠠ ᠭᠠᠵᠠᠷ ᠲᠤ ᠬᠦᠷᠦᠰᠦ ᠰᠢᠷᠤᠢ ᠶᠢ ᠬᠠᠮᠠᠭᠠᠯᠠᠬᠤ ᠤᠢ᠂ ᠭᠠᠵᠠᠷ ᠲᠡᠭᠰᠢᠯᠡᠬᠦ᠂ ᠲᠠᠷᠢᠶᠠᠨ ᠭᠠᠵᠠᠷ ᠪᠤᠯᠤᠨ ᠤᠢ ᠶᠢᠨ ᠲᠤᠤᠷ ᠪᠠᠶᠢᠭᠤᠯᠬᠤ ᠵᠢᠴᠢ ᠭᠤᠤᠯ ᠤᠨ ᠬᠠᠰᠢᠯᠭ᠎ᠠ᠂ ᠰᠤᠪᠠᠭ ᠤᠨ ᠪᠠᠯ ᠤᠨ ᠠᠮᠢᠲᠤ ᠪᠤᠳᠠᠰ ᠪᠠ ᠢᠨᠵᠧᠨᠧᠷᠢᠩ ᠢ ᠬᠠᠮᠠᠭᠠᠯᠠᠬᠤ ᠪᠡᠯ ᠪᠠᠶᠢᠭᠤᠯᠬᠤ ᠵᠡᠷᠭᠡ ᠠᠷᠭ᠎ᠠ ᠬᠡᠮᠵᠢᠶ᠎ᠡ ᠠᠪᠤᠨ᠎ᠠ︔      ᠡᠯᠡᠰᠦᠷᠬᠡᠭ ᠭᠠᠵᠠᠷ ᠲᠤ ᠤᠷᠭᠤᠮᠠᠯ ᠤᠨ ᠡᠯᠡᠰᠦᠨ ᠬᠠᠰᠢᠯᠭ᠎ᠠ ᠲᠤᠬᠢᠷᠠᠭᠤᠯᠬᠤ᠂ ᠰᠠᠯᠬᠢ ᠶᠢ ᠰᠡᠷᠭᠡᠶᠢᠯᠡᠵᠤ ᠡᠯᠡᠰᠦ ᠶᠢ ᠲᠤᠭᠲᠠᠪᠤᠷᠢᠵᠢᠭᠤᠯᠬᠤ ᠤᠢ ᠪᠠᠶᠢᠭᠤᠯᠬᠤ ᠵᠡᠷᠭᠡ ᠠᠷᠭ᠎ᠠ ᠬᠡᠮᠵᠢᠶ᠎ᠡ ᠠᠪᠤᠨ᠎ᠠ᠃      ᠬᠤᠷᠢᠨ ᠬᠤᠶᠠᠳᠤᠭᠠᠷ ᠵᠦᠢᠯ   ᠬᠤᠲᠠ᠂ ᠬᠤᠰᠢᠭᠤ ᠰᠢᠶᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠠᠴᠠ ᠬᠦᠷᠦᠰᠦ ᠰᠢᠷᠤᠢ ᠶᠢᠨ ᠢᠳᠡᠭᠳᠡᠯ ᠢ ᠵᠠᠰᠠᠬᠤ ᠲᠤᠰᠬᠠᠢ ᠵᠠᠷᠤᠳᠠᠯ ᠤᠨ ᠮᠦᠩᠭᠦ ᠲᠤᠬᠢᠷᠠᠭᠤᠯᠵᠤ᠂ ᠪᠠᠶᠢᠭᠠᠯᠢ ᠶᠢᠨ ᠰᠢᠯᠲᠠᠭᠠᠨ ᠠᠴᠠ ᠪᠤᠢ ᠪᠤᠯᠤᠭᠰᠠᠨ ᠬᠦᠷᠦᠰᠦ ᠰᠢᠷᠤᠢ ᠶᠢᠨ ᠢᠳᠡᠭᠳᠡᠯ ᠢ ᠵᠠᠰᠠᠬᠤ ᠵᠢᠴᠢ ᠬᠦᠷᠦᠰᠦ ᠰᠢᠷᠤᠢ ᠶᠢ ᠬᠠᠮᠠᠭᠠᠯᠠᠬᠤ ᠤᠯᠠᠨ ᠨᠠᠶᠢᠲᠠ ᠶᠢᠨ ᠪᠡᠯᠡᠳᠭᠡᠮᠵᠢ ᠶᠢ ᠪᠠᠯᠠ ᠤᠷᠤᠭᠤᠯᠤᠨ ᠪᠦᠲᠦᠭᠡᠨ ᠪᠠᠶᠢᠭᠤᠯᠬᠤ ᠳᠤ ᠬᠡᠷᠡᠭᠯᠡᠬᠦ ᠬᠡᠷᠡᠭᠲᠠᠢ᠃ ᠬᠦᠷᠦᠰᠦ ᠰᠢᠷᠤᠢ ᠶᠢ ᠬᠠᠮᠠᠭᠠᠯᠠᠬᠤ ᠲᠤᠰᠬᠠᠢ ᠵᠠᠷᠤᠳᠠᠯ ᠤᠨ ᠮᠦᠩᠭᠦ ᠶᠢ ᠡᠳ᠋ ᠤᠨ ᠵᠠᠰᠠᠭ ᠤᠨ ᠤᠷᠤᠯᠭ᠎ᠠ ᠶᠢᠨ ᠨᠡᠮᠡᠭᠳᠡᠯ ᠢ ᠲᠠᠭᠠᠯᠳᠤᠨ ᠠᠯᠬᠤᠮ ᠠᠯᠬᠤᠮ ᠢᠶᠠᠷ ᠨᠡᠮᠡᠭᠳᠡᠭᠦᠯᠬᠦ ᠬᠡᠷᠡᠭᠲᠠᠢ᠃      ᠡᠳ᠋ ᠤᠨ ᠵᠠᠰᠠᠭ ᠠᠴᠠ ᠲᠤᠬᠢᠷᠠᠭᠤᠯᠤᠭᠰᠠᠨ ᠬᠦᠷᠦᠰᠦ ᠰᠢᠷᠤᠢ ᠶᠢ ᠬᠠᠮᠠᠭᠠᠯᠠᠬᠤ ᠲᠤᠰᠬᠠᠢ ᠵᠠᠷᠤᠳᠠᠯ ᠤᠨ ᠮᠦᠩᠭᠦ ᠠᠴᠠ ᠭᠠᠳᠠᠨ᠎ᠠ ᠪᠠᠰᠠ ᠲᠤᠤᠷᠠᠬᠢ ᠠᠷᠭ᠎ᠠ ᠵᠠᠮ ᠢᠶᠠᠷ ᠬᠦᠷᠦᠰᠦ ᠰᠢᠷᠤᠢ ᠶᠢ ᠬᠠᠮᠠᠭᠠᠯᠠᠬᠤ ᠲᠤᠰᠬᠠᠢ ᠪᠠᠯᠠ ᠮᠦᠩᠭᠦ ᠶᠢ ᠬᠤᠷᠠᠮᠳᠤᠭᠤᠯᠬᠤ ᠬᠡᠷᠡᠭᠲᠠᠢ᠄      ︵ᠨᠢᠭᠡ︶ ᠪᠠᠭ᠎ᠠ ᠬᠡᠯᠪᠡᠷᠢ ᠶᠢᠨ ᠲᠠᠷᠢᠶᠠᠯᠠᠩ ᠤᠨ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠨᠦᠬᠦᠪᠦᠷᠢ ᠮᠦᠩᠭᠦ ᠶᠢᠨ 10% ᠠᠴᠠ 20%᠂ ᠬᠦᠷᠦᠰᠦ ᠰᠢᠷᠤᠢ ᠶᠢᠨ ᠢᠳᠡᠭᠳᠡᠯ ᠬᠦᠨᠲᠦ ᠨᠤᠴᠢᠲᠠᠢ ᠭᠠᠵᠠᠷ ᠤᠷᠤᠨ ᠳᠤ ᠬᠠᠷᠢᠴᠡᠯ ᠢ ᠨᠡᠮᠡᠭᠳᠡᠭᠦᠯᠵᠤ ᠪᠤᠯᠤᠨ᠎ᠡ︔      ︵ᠬᠤᠶᠠᠷ︶ ᠲᠠᠲᠠᠪᠤᠷᠢᠯᠠᠨ ᠬᠤᠷᠢᠶᠠᠭᠰᠠᠨ ᠤᠰᠤᠨ ᠤ ᠡᠬᠢ ᠪᠠᠶᠠᠯᠢᠭ ᠤᠨ ᠰᠦᠢᠳᠭᠡᠯ ᠠᠴᠠ 3% ᠠᠴᠠ 5% ᠰᠣᠭᠤᠯᠣᠨ ᠠᠪᠤᠨ᠎ᠠ︔      ︵ᠭᠤᠷᠪᠠ︶ ᠶᠠᠳᠠᠭᠤ ᠶᠢ ᠲᠡᠳᠭᠦᠭᠦ ᠪᠠᠯᠠ ᠮᠦᠩᠭᠦ᠂ ᠬᠦᠳᠡᠯᠮᠦᠷᠢ ᠪᠠᠷ ᠲᠡᠳᠭᠦᠮᠵᠢ ᠶᠢ ᠤᠷᠤᠯᠠᠭᠤᠯᠬᠤ ᠪᠠᠯᠠ ᠮᠦᠩᠭᠦ᠂ ᠲᠠᠷᠢᠶᠠᠯᠠᠩ ᠤᠨ ᠬᠦᠭᠵᠢᠭᠦᠯᠦᠯᠲᠠ ᠶᠢᠨ ᠰᠠᠭᠤᠷᠢ ᠮᠦᠩᠭᠦ ᠶᠢᠨ ᠲᠤᠲᠤᠷ᠎ᠠ ᠠᠴᠠ ᠬᠦᠷᠦᠰᠦ ᠰᠢᠷᠤᠢ ᠶᠢ ᠬᠠᠮᠠᠭᠠᠯᠠᠬᠤ ᠲᠦᠷᠦᠯ ᠵᠦᠢᠯ ᠳᠤ ᠬᠡᠷᠡᠭᠯᠡᠬᠦ ᠪᠠᠷ ᠲᠤᠬᠢᠷᠠᠭᠤᠯᠤᠭᠰᠠᠨ ᠪᠠᠯᠠ ᠮᠦᠩᠭᠦ︔      ︵ᠲᠦᠷᠪᠠ︶ ᠲᠠᠲᠠᠪᠤᠷᠢᠯᠠᠨ ᠬᠤᠷᠢᠶᠠᠭᠰᠠᠨ ᠬᠦᠷᠦᠰᠦ ᠰᠢᠷᠤᠢ ᠶᠢᠨ ᠢᠳᠡᠭᠳᠡᠯ ᠢ ᠰᠡᠷᠭᠡᠶᠢᠯᠡᠨ ᠵᠠᠰᠠᠬᠤ ᠰᠦᠢᠳᠭᠡᠯ ᠪᠠ ᠬᠤᠷᠢᠶᠠᠨ ᠠᠪᠤᠭᠰᠠᠨ ᠬᠦᠷᠦᠰᠦ ᠰᠢᠷᠤᠢ ᠶᠢ ᠬᠠᠮᠠᠭᠠᠯᠠᠬᠤ ᠨᠦᠬᠦᠪᠦᠷᠢ ᠶᠢᠨ ᠰᠦᠢᠳᠭᠡᠯ︔      ︵ᠲᠠᠪᠤ︶ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠰᠠᠭᠤᠷᠢ ᠮᠦᠩᠭᠦ ᠠᠴᠠ 5% ᠶᠢ ᠰᠣᠭᠤᠯᠣᠨ ᠠᠪᠤᠨ᠎ᠠ︔      ︵ᠵᠢᠷᠭᠤᠭ᠎ᠠ︶ ᠬᠦᠷᠦᠰᠦ ᠰᠢᠷᠤᠢ ᠶᠢ ᠬᠠᠮᠠᠭᠠᠯᠠᠬᠤ ᠳᠤ ᠬᠡᠷᠡᠭᠯᠡᠬᠦ ᠪᠤᠰᠤᠳ ᠵᠠᠷᠤᠳᠠᠯ᠃      ᠬᠤᠲᠠ᠂ ᠬᠤᠰᠢᠭᠤ ᠰᠢᠶᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠠᠴᠠ ᠬᠠᠮᠢᠶ᠎ᠠ ᠪᠦᠬᠦᠢ ᠨᠢᠭᠡᠴᠢ ᠪᠠ ᠬᠤᠪᠢ ᠬᠦᠮᠦᠨ ᠤ ᠦᠪᠡᠰᠦᠪᠡᠨ ᠬᠤᠷᠠᠮᠳᠤᠭᠤᠯᠬᠤ ᠪᠤᠶᠤ ᠨᠠᠶᠢᠭᠡᠮ ᠤᠨ ᠪᠠᠯᠠ ᠮᠦᠩᠭᠦ ᠶᠢ ᠬᠤᠷᠠᠮᠳᠤᠭᠤᠯᠤᠨ ᠬᠦᠷᠦᠰᠦ ᠰᠢᠷᠤᠢ ᠶᠢᠨ ᠢᠳᠡᠭᠳᠡᠯ ᠢ ᠵᠠᠰᠠᠬᠤ ᠶᠢ ᠵᠤᠷᠢᠬᠵᠢᠭᠤᠯᠤᠨ᠎ᠠ᠃ ᠨᠦᠬᠦᠴᠡᠯ ᠲᠠᠢ ᠭᠠᠵᠠᠷ ᠤᠷᠤᠨ ᠭᠠᠳᠠᠭᠠᠲᠤ ᠪᠠᠯᠠ ᠮᠦᠩᠭᠦ ᠶᠢ ᠤᠷᠤᠭᠤᠯᠵᠤ ᠨᠡᠭᠡᠭᠡᠨ ᠠᠰᠢᠭᠯᠠᠨ ᠵᠠᠰᠠᠵᠤ ᠪᠤᠯᠤᠨ᠎ᠠ᠃      ᠬᠤᠷᠢᠨ ᠭᠤᠷᠪᠠᠳᠤᠭᠠᠷ ᠵᠦᠢᠯ   ᠬᠤᠲᠠ᠂ ᠬᠤᠰᠢᠭᠤ ᠰᠢᠶᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤᠤᠭᠤᠬᠤ ᠤᠰᠤᠨ ᠤ ᠤᠰᠤᠨ ᠰᠤᠷᠪᠤᠯᠵᠢ ᠶᠢᠨ ᠬᠠᠮᠠᠭᠠᠯᠠᠯᠲᠠ ᠶᠢᠨ ᠤᠷᠤᠨ ᠪᠠ ᠤᠰᠤᠨ ᠰᠤᠷᠪᠤᠯᠵᠢ ᠶᠢᠨ ᠬᠠᠳᠠᠭᠠᠯᠠᠮᠵᠢ ᠶᠢᠨ ᠤᠷᠤᠨ ᠤ ᠬᠦᠷᠦᠰᠦ ᠰᠢᠷᠤᠢ ᠶᠢᠨ ᠢᠳᠡᠭᠳᠡᠯ ᠢ ᠰᠡᠷᠭᠡᠶᠢᠯᠡᠬᠦ ᠪᠠ ᠬᠠᠮᠠᠭᠠᠯᠠᠬᠤ ᠶᠢ ᠴᠢᠩᠭᠠᠳᠬᠠᠵᠤ᠂ ᠠᠷᠢᠭᠤᠨ ᠵᠢᠵᠢᠭ ᠤᠷᠤᠰᠬᠠᠯ ᠤᠷᠤᠨ ᠤ ᠪᠦᠲᠦᠭᠡᠨ ᠪᠠᠶᠢᠭᠤᠯᠤᠯᠲᠠ ᠶᠢ ᠦᠷᠨᠢᠭᠦᠯᠬᠦ ᠬᠡᠷᠡᠭᠲᠠᠢ᠃ ᠤᠤᠭᠤᠬᠤ ᠤᠰᠤᠨ ᠤ ᠤᠰᠤᠨ ᠰᠤᠷᠪᠤᠯᠵᠢ ᠶᠢᠨ ᠨᠢᠭᠡᠲᠦᠭᠡᠷ ᠲᠡᠰ ᠤᠨ ᠬᠠᠮᠠᠭᠠᠯᠠᠯᠲᠠ ᠶᠢᠨ ᠤᠷᠤᠨ ᠲᠤᠲᠤᠷ᠎ᠠ ᠪᠦᠬᠦ ᠲᠠᠯ᠎ᠠ ᠪᠠᠷ ᠪᠢᠲᠡᠭᠦᠮᠵᠢᠯᠡᠨ ᠴᠠᠭᠠᠵᠠᠯᠠᠬᠤ ᠶᠢ ᠬᠡᠷᠡᠭᠵᠢᠭᠦᠯᠵᠤ᠂ ᠬᠦᠷᠦᠰᠦ ᠰᠢᠷᠤᠢ ᠶᠢ ᠬᠠᠮᠠᠭᠠᠯᠠᠬᠤ ᠤᠷᠭᠤᠮᠠᠯ ᠢᠶᠠᠷ ᠰᠢᠭᠦᠷᠡᠭᠦᠯᠬᠦ ᠪᠦᠰᠠ ᠶᠢ ᠲᠦᠬᠦᠷᠵᠢᠭᠦᠯᠦᠨ ᠪᠦᠲᠦᠭᠡᠨ ᠪᠠᠶᠢᠭᠤᠯᠵᠤ᠂ ᠬᠦᠷᠦᠰᠦ ᠰᠢᠷᠤᠢ ᠶᠢ ᠬᠠᠮᠠᠭᠠᠯᠠᠬᠤ ᠡᠪᠡᠰᠤ ᠮᠤᠲᠤ ᠶᠢ ᠵᠤᠬᠢᠰᠲᠠᠢ ᠲᠤᠬᠢᠷᠠᠭᠤᠯᠬᠤ ᠠᠷᠭ᠎ᠠ ᠬᠡᠮᠵᠢᠶ᠎ᠡ ᠠᠪᠴᠤ᠂ ᠠᠲᠠᠷ ᠬᠠᠭᠠᠯᠪᠤᠷᠢᠯᠠᠬᠤ ᠪᠠ ᠮᠠᠯᠵᠢᠬᠤ ᠶᠢ ᠴᠠᠭᠠᠵᠠᠯᠠᠵᠤ᠂ ᠠᠮᠢ ᠠᠬᠤᠢ ᠶᠢ ᠬᠠᠮᠠᠭᠠᠯᠠᠬᠤ ᠪᠠᠷ ᠠᠷᠠᠳ ᠢ ᠨᠡᠭᠦᠯᠭᠡᠬᠦ ᠶᠢ ᠬᠡᠷᠡᠭᠵᠢᠭᠦᠯᠦᠨ᠎ᠡ︔ ᠤᠤᠭᠤᠬᠤ ᠤᠰᠤᠨ ᠤ ᠤᠰᠤᠨ ᠰᠤᠷᠪᠤᠯᠵᠢ ᠶᠢᠨ ᠬᠤᠶᠠᠳᠤᠭᠠᠷ ᠲᠡᠰ ᠤᠨ ᠬᠠᠮᠠᠭᠠᠯᠠᠯᠲᠠ ᠶᠢᠨ ᠤᠷᠤᠨ ᠲᠤᠲᠤᠷ᠎ᠠ ᠠᠮᠢ ᠠᠬᠤᠢ ᠶᠢ ᠰᠡᠷᠭᠦᠭᠡᠬᠦ ᠬᠠᠮᠠᠭᠠᠯᠠᠯᠲᠠ ᠶᠢ ᠬᠡᠷᠡᠭᠵᠢᠭᠦᠯᠵᠤ᠂ ᠤᠰᠤᠨ ᠰᠤᠷᠪᠤᠯᠵᠢ ᠶᠢ ᠬᠠᠳᠠᠭᠠᠯᠠᠬᠤ ᠤᠢ ᠶᠢ ᠪᠠᠶᠢᠭᠤᠯᠵᠤ᠂ ᠬᠤᠤᠷᠲᠠᠢ ᠠᠶᠤᠯ ᠲᠠᠢ ᠪᠤᠳᠠᠰ ᠢ ᠭᠠᠳᠠᠭᠰᠢᠯᠠᠭᠤᠯᠬᠤ ᠶᠢ ᠴᠠᠭᠠᠵᠠᠯᠠᠵᠤ᠂ ᠬᠢᠮᠢ ᠶᠢᠨ ᠪᠤᠷᠳᠤᠭᠤᠷ ᠪᠤᠯᠤᠨ ᠲᠠᠷᠢᠶᠠᠨ ᠡᠮ ᠬᠡᠷᠡᠭᠯᠡᠬᠦ ᠶᠢ ᠴᠢᠩᠭ᠎ᠠ ᠬᠢᠵᠠᠭᠠᠷᠯᠠᠵᠤ᠂ ᠬᠦᠷᠦᠰᠦ ᠰᠢᠷᠤᠢ ᠶᠢᠨ ᠢᠳᠡᠭᠳᠡᠯ ᠠᠴᠠ ᠪᠤᠯᠵᠤ ᠭᠠᠳᠠᠷᠭᠤ ᠪᠤᠬᠢᠷᠳᠤᠬᠤ ᠶᠢ ᠪᠠᠭᠠᠰᠬᠠᠵᠤ᠂ ᠤᠤᠭᠤᠬᠤ ᠤᠰᠤᠨ ᠤ ᠤᠰᠤᠨ ᠰᠤᠷᠪᠤᠯᠵᠢ ᠶᠢ ᠬᠠᠮᠠᠭᠠᠯᠠᠨ᠎ᠠ᠃      ᠲᠠᠪᠤᠳᠤᠭᠠᠷ ᠪᠦᠯᠦᠭ   ᠬᠢᠨᠠᠨ ᠬᠡᠮᠵᠢᠯᠲᠠ ᠪᠠ ᠬᠢᠨᠠᠯᠲᠠ ᠲᠠᠯᠪᠢᠬᠤ      ᠬᠤᠷᠢᠨ ᠲᠥᠷᠪᠡᠳᠦᠭᠡᠷ ᠵᠦᠢᠯ   ᠬᠤᠲᠠ᠂ ᠬᠤᠰᠢᠭᠤ ᠰᠢᠶᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠬᠦᠷᠦᠰᠦ ᠰᠢᠷᠤᠢ ᠶᠢ ᠬᠠᠮᠠᠭᠠᠯᠠᠬᠤ ᠬᠢᠨᠠᠨ ᠬᠡᠮᠵᠢᠯᠲᠠ ᠶᠢᠨ ᠠᠵᠢᠯ ᠢ ᠴᠢᠩᠭᠠᠳᠬᠠᠵᠤ᠂ ᠬᠦᠷᠦᠰᠦ ᠰᠢᠷᠤᠢ ᠶᠢᠨ ᠢᠳᠡᠭᠳᠡᠯ ᠤᠨ ᠬᠢᠨᠠᠨ ᠬᠡᠮᠵᠢᠬᠦ ᠲᠤᠤᠷ ᠰᠦᠯᠵᠢᠶ᠎ᠡ ᠪᠠᠶᠢᠭᠤᠯᠵᠤ᠂ ᠪᠦᠬᠦ ᠬᠤᠲᠠ ᠶᠢᠨ ᠬᠦᠷᠦᠰᠦ ᠰᠢᠷᠤᠢ ᠶᠢᠨ ᠢᠳᠡᠭᠳᠡᠯ ᠤᠨ ᠪᠠᠶᠢᠳᠠᠯ ᠢ ᠬᠦᠳᠡᠯᠦᠩᠭᠦᠢ ᠪᠠᠷ ᠬᠢᠨᠠᠨ ᠬᠡᠮᠵᠢᠬᠦ ᠬᠡᠷᠡᠭᠲᠠᠢ᠃      ᠬᠤᠷᠢᠨ ᠲᠠᠪᠤᠳᠤᠭᠠᠷ ᠵᠦᠢᠯ   ᠬᠦᠷᠦᠰᠦ ᠰᠢᠷᠤᠢ ᠶᠢ ᠬᠠᠮᠠᠭᠠᠯᠠᠬᠤ ᠲᠦᠰᠦᠯ ᠤᠨ ᠮᠡᠳᠡᠭᠦᠯᠦᠯᠲᠠ ᠶᠢ ᠨᠠᠶᠢᠷᠠᠭᠤᠯᠤᠭᠰᠠᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠳᠤ᠂ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠨᠢᠭᠡᠴᠢ ᠨᠢ ᠲᠦᠷᠦᠯ ᠵᠦᠢᠯ ᠤᠨ ᠠᠵᠢᠯ ᠡᠬᠢᠯᠡᠬᠦ ᠠᠴᠠ ᠡᠮᠦᠨ᠎ᠡ ᠦᠪᠡᠷᠲᠡᠭᠡᠨ ᠪᠤᠶᠤ ᠬᠦᠷᠦᠰᠦ ᠰᠢᠷᠤᠢ ᠶᠢᠨ ᠬᠠᠮᠠᠭᠠᠯᠠᠯᠲᠠ ᠶᠢᠨ ᠬᠢᠨᠠᠨ ᠬᠡᠮᠵᠢᠯᠲᠠ ᠶᠢᠨ ᠬᠢᠷᠢ ᠬᠡᠮ ᠲᠠᠢ ᠪᠠᠶᠢᠭᠤᠯᠤᠮᠵᠢ ᠶᠢ ᠨᠠᠶᠢᠳᠠᠨ ᠬᠦᠷᠦᠰᠦ ᠰᠢᠷᠤᠢ ᠶᠢᠨ ᠬᠠᠮᠠᠭᠠᠯᠠᠯᠲᠠ ᠶᠢᠨ ᠬᠢᠨᠠᠨ ᠬᠡᠮᠵᠢᠯᠲᠠ ᠶᠢᠨ ᠠᠵᠢᠯ ᠢ ᠦᠷᠨᠢᠭᠦᠯᠬᠦ ᠬᠡᠷᠡᠭᠲᠠᠢ᠃ ᠮᠦᠨ ᠴᠣ᠋ ᠬᠦᠷᠦᠰᠦ ᠰᠢᠷᠤᠢ ᠶᠢ ᠬᠠᠮᠠᠭᠠᠯᠠᠬᠤ ᠲᠦᠰᠦᠯ ᠳᠤ ᠲᠤᠭᠲᠠᠭᠠᠭᠰᠠᠨ ᠬᠢᠨᠠᠨ ᠬᠡᠮᠵᠢᠯᠲᠠ ᠶᠢᠨ ᠴᠠᠭ᠂ ᠤᠷᠤᠨ ᠴᠡᠭ᠂ ᠲᠠᠪᠲᠠᠮᠵᠢ᠂ ᠠᠷᠭ᠎ᠠ ᠵᠡᠷᠭᠡ ᠪᠠᠷ ᠬᠢᠨᠠᠨ ᠬᠡᠮᠵᠢᠯᠲᠠ ᠬᠢᠬᠦ ᠬᠡᠷᠡᠭᠲᠠᠢ᠃ ᠨᠢᠭᠡ ᠤᠯᠠᠷᠢᠯ ᠲᠡᠭᠦᠰᠦᠭᠰᠡᠨ ᠤ ᠲᠠᠷᠠᠭᠠᠬᠢ ᠲᠠᠪᠤᠨ ᠠᠵᠢᠯ ᠤᠨ ᠡᠳᠦᠷ ᠲᠤᠳᠤᠷ᠎ᠠ᠂ ᠬᠤᠲᠠ᠂ ᠬᠤᠰᠢᠭᠤ ᠰᠢᠶᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠤ ᠬᠦᠷᠦᠰᠦ ᠰᠢᠷᠤᠢ ᠶᠢᠨ ᠢᠳᠡᠭᠳᠡᠯ ᠤᠨ ᠬᠢᠨᠠᠨ ᠬᠡᠮᠵᠢᠯᠲᠠ ᠶᠢᠨ ᠪᠠᠶᠢᠳᠠᠯ ᠢ ᠮᠡᠳᠡᠭᠦᠯᠬᠦ ᠬᠡᠷᠡᠭᠲᠠᠢ᠃      ᠬᠦᠷᠦᠰᠦ ᠰᠢᠷᠤᠢ ᠶᠢᠨ ᠢᠳᠡᠭᠳᠡᠯ ᠤᠨ ᠬᠢᠨᠠᠨ ᠬᠡᠮᠵᠢᠯᠲᠠ ᠶᠢᠨ ᠪᠠᠶᠢᠳᠠᠯ ᠳᠤ ᠲᠤᠤᠷᠠᠬᠢ ᠭᠤᠤᠯ ᠠᠭᠤᠯᠭ᠎ᠠ ᠶᠢ ᠪᠠᠭᠲᠠᠭᠠᠬᠤ ᠬᠡᠷᠡᠭᠲᠠᠢ᠄      ︵ᠨᠢᠭᠡ︶ ᠬᠦᠷᠦᠰᠦ ᠰᠢᠷᠤᠢ ᠶᠢᠨ ᠢᠳᠡᠭᠳᠡᠯ ᠤᠨ ᠲᠠᠯᠠᠪᠠᠢ ᠪᠠ ᠢᠳᠡᠭᠳᠡᠯ ᠤᠨ ᠬᠡᠮᠵᠢᠶ᠎ᠡ︔      ︵ᠬᠤᠶᠠᠷ︶ ᠬᠦᠷᠦᠰᠦ ᠰᠢᠷᠤᠢ ᠶᠢᠨ ᠢᠳᠡᠭᠳᠡᠯ ᠢ ᠰᠡᠷᠭᠡᠶᠢᠯᠡᠨ ᠵᠠᠰᠠᠬᠤ ᠪᠤᠲᠠᠲᠠᠢ ᠠᠷᠭ᠎ᠠ ᠬᠡᠮᠵᠢᠶ᠎ᠠ᠂ ᠬᠡᠷᠡᠭᠵᠢᠭᠦᠯᠦᠭᠰᠡᠨ ᠠᠬᠢᠴᠠ ᠪᠠ ᠦᠷ᠎ᠡ ᠪᠦᠲᠦᠮᠵᠢ︔      ︵ᠭᠤᠷᠪᠠ︶ ᠬᠦᠷᠦᠰᠦ ᠰᠢᠷᠤᠢ ᠶᠢᠨ ᠢᠳᠡᠭᠳᠡᠯ ᠳᠤ ᠤᠷᠤᠰᠢᠵᠤ ᠪᠠᠶᠢᠭ᠎ᠠ ᠠᠰᠠᠭᠤᠳᠠᠯ ᠪᠠ ᠪᠤᠰᠤᠳ ᠮᠡᠳᠡᠭᠦᠯᠬᠦ ᠴᠢᠬᠤᠯᠠ ᠲᠠᠢ ᠠᠭᠤᠯᠭ᠎ᠠ᠃      ᠬᠤᠷᠢᠨ ᠵᠢᠷᠭᠤᠳᠤᠭᠠᠷ ᠵᠦᠢᠯ   ᠬᠦᠷᠦᠰᠦ ᠰᠢᠷᠤᠢ ᠶᠢᠨ ᠬᠠᠮᠠᠭᠠᠯᠠᠯᠲᠠ ᠶᠢᠨ ᠬᠢᠨᠡᠨ ᠬᠡᠮᠵᠢᠯᠲᠠ ᠶᠢᠨ ᠠᠵᠢᠯᠯᠠᠭ᠎ᠠ ᠡᠷᠬᠢᠯᠡᠪᠡᠯ ᠤᠯᠤᠰ ᠤᠨ ᠬᠠᠮᠢᠶ᠎ᠠ ᠪᠦᠬᠦᠢ ᠮᠡᠷᠭᠡᠵᠢᠯ ᠤᠨ ᠪᠡᠷᠢᠮᠵᠢᠶ᠎ᠠ᠂ ᠲᠦᠷᠢᠮᠵᠢᠯ ᠪᠠ ᠵᠢᠷᠤᠮᠵᠢᠯ ᠢ ᠵᠢᠷᠦᠮᠯᠡᠵᠤ᠂ ᠬᠢᠨᠡᠨ ᠬᠡᠮᠵᠢᠯᠲᠠ ᠶᠢᠨ ᠲᠤᠭ᠎ᠠ ᠪᠠᠷᠢᠮᠲᠠ ᠶᠢᠨ ᠵᠦᠪ ᠤᠨᠤᠪᠴᠢᠲᠠᠢ ᠪᠠᠶᠢᠬᠤ ᠶᠢ ᠪᠠᠲᠤᠯᠠᠬᠤ ᠬᠡᠷᠡᠭᠲᠠᠢ᠃      ᠬᠤᠷᠢᠨ ᠲᠤᠯᠤᠳᠤᠭᠠᠷ ᠵᠦᠢᠯ   ᠬᠤᠲᠠ᠂ ᠬᠤᠰᠢᠭᠤ ᠰᠢᠶᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠨᠢ ᠬᠦᠷᠦᠰᠦ ᠰᠢᠷᠤᠢ ᠶᠢ ᠬᠠᠮᠠᠭᠠᠯᠠᠬᠤ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠬᠢᠨᠠᠯᠲᠠ ᠬᠠᠮᠢᠶᠠᠷᠤᠯᠲᠠ ᠶᠢᠨ ᠲᠦᠷᠢᠮ ᠢ ᠪᠠᠶᠢᠭᠤᠯᠤᠨ ᠲᠡᠭᠦᠯᠳᠡᠷᠵᠢᠭᠦᠯᠵᠤ᠂ ᠬᠠᠤᠯᠢ ᠶᠤᠰᠤᠭᠠᠷ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠵᠤ᠂ ᠨᠡᠶᠢᠭᠡᠮ ᠤᠨ ᠬᠢᠨᠠᠯᠲᠠ ᠶᠢ ᠰᠠᠨᠠᠭᠠᠴᠢᠯᠠᠭ᠎ᠠ ᠲᠠᠢ ᠪᠠᠷ ᠬᠦᠯᠢᠶᠡᠨ ᠠᠪᠬᠤ ᠬᠡᠷᠡᠭᠲᠠᠢ᠃      ᠵᠢᠷᠭᠤᠳᠤᠭᠠᠷ ᠪᠦᠯᠦᠭ   ᠬᠠᠤᠯᠢ ᠴᠠᠭᠠᠵᠠ ᠶᠢᠨ ᠬᠠᠷᠢᠭᠤᠴᠠᠯᠭ᠎ᠠ      ᠬᠤᠷᠢᠨ ᠨᠠᠢᠮᠠᠳᠤᠭᠠᠷ ᠵᠦᠢᠯ   ᠲᠤᠰ ᠲᠦᠷᠢᠮ ᠤᠨ ᠲᠤᠭᠲᠠᠭᠠᠯ ᠠᠴᠠ ᠵᠦᠷᠢᠴᠡᠵᠤ ᠵᠠᠰᠠᠭ ᠵᠠᠬᠢᠷᠭᠠᠨ ᠤ ᠰᠢᠢᠳᠭᠡᠯ ᠦᠭᠬᠦ ᠴᠢᠬᠤᠯᠠ ᠲᠠᠢ ᠪᠤᠯ ︽ᠪᠦᠭᠦᠲᠠ ᠨᠠᠶᠢᠷᠠᠮᠳᠠᠬᠤ ᠲᠤᠮᠲᠠᠲᠤ ᠠᠷᠠᠳ ᠤᠯᠤᠰ ᠤᠨ ᠬᠦᠷᠦᠰᠦ ᠰᠢᠷᠤᠢ ᠶᠢ ᠬᠠᠮᠠᠭᠠᠯᠠᠬᠤ ᠬᠠᠤᠯᠢ︾ ᠶᠢᠨ ᠲᠤᠭᠲᠠᠭᠠᠯ ᠶᠤᠰᠤᠭᠠᠷ ᠬᠡᠷᠡᠭᠵᠢᠭᠦᠯᠦᠨ᠎ᠡ᠃      ᠬᠤᠷᠢ ᠶᠢᠰᠦᠳᠦᠭᠡᠷ ᠵᠦᠢᠯ   ᠬᠤᠲᠠ᠂ ᠬᠤᠰᠢᠭᠤ ᠰᠢᠶᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠵᠢᠴᠢ ᠪᠤᠰᠤᠳ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠨᠢ ᠬᠦᠷᠦᠰᠦ ᠰᠢᠷᠤᠢ ᠶᠢ ᠬᠠᠮᠠᠭᠠᠯᠠᠬᠤ ᠠᠵᠢᠯ ᠲᠤᠮᠲᠠ᠂ ᠲᠤᠤᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠰᠢᠭᠤᠳ ᠬᠠᠷᠢᠭᠤᠴᠠᠵᠤ ᠪᠠᠶᠢᠭ᠎ᠠ ᠭᠤᠤᠯᠯᠠᠨ ᠬᠠᠮᠢᠶᠠᠷᠤᠭᠴᠢ ᠪᠠ ᠪᠤᠰᠤᠳ ᠰᠢᠭᠤᠳ ᠬᠠᠷᠢᠭᠤᠴᠠᠯᠭ᠎ᠠ ᠲᠠᠢ ᠬᠦᠮᠦᠨ ᠳᠤ ᠬᠠᠤᠯᠢ ᠶᠤᠰᠤᠭᠠᠷ ᠵᠠᠰᠠᠭ ᠵᠠᠬᠢᠷᠭᠠᠨ ᠤ ᠰᠢᠢᠳᠭᠡᠯ ᠦᠭᠭᠦᠨ᠎ᠡ︔ ᠶᠠᠯ᠎ᠠ ᠳᠤ ᠬᠦᠷᠦᠭᠰᠡᠨ ᠪᠤᠯ ᠬᠠᠤᠯᠢ ᠶᠤᠰᠤᠭᠠᠷ ᠡᠷᠡᠭᠦᠤ ᠶᠢᠨ ᠬᠡᠷᠡᠭ ᠤᠨ ᠬᠠᠷᠢᠭᠤᠴᠠᠯᠭ᠎ᠠ ᠨᠡᠬᠡᠮᠵᠢᠯᠡᠨ᠎ᠡ᠃      ︵ᠨᠢᠭᠡ︶ ᠲᠤᠰ ᠲᠦᠷᠢᠮ ᠤᠨ ᠲᠤᠯᠤᠳᠤᠭᠠᠷ ᠵᠦᠢᠯ ᠤᠨ ᠲᠤᠭᠲᠠᠭᠠᠯ ᠠᠴᠠ ᠵᠦᠷᠢᠴᠡᠵᠤ᠂ ᠬᠠᠤᠯᠢ ᠠᠴᠠ ᠵᠦᠷᠢᠴᠡᠭᠰᠡᠨ ᠦᠢᠯᠡ ᠠᠵᠢᠯᠯᠠᠭ᠎ᠠ ᠶᠢ ᠢᠯᠡᠷᠡᠭᠦᠯᠦᠭᠰᠡᠨ ᠪᠤᠶᠤ ᠬᠠᠤᠯᠢ ᠠᠴᠠ ᠵᠦᠷᠢᠴᠡᠭᠰᠡᠨ ᠦᠢᠯᠡ ᠠᠵᠢᠯᠯᠠᠭ᠎ᠠ ᠶᠢᠨ ᠲᠤᠬᠠᠢ ᠢᠯᠡᠴᠢᠯᠡᠨ ᠮᠡᠳᠡᠭᠦᠯᠦᠯᠲᠠ ᠶᠢ ᠬᠦᠯᠢᠶᠡᠨ ᠠᠪᠤᠭᠠᠳ ᠪᠠᠶᠢᠴᠠᠭᠠᠨ ᠰᠢᠢᠳᠭᠡᠭᠰᠡᠨ ᠦᠭᠡᠢ︔      ︵ᠬᠤᠶᠠᠷ︶ ᠲᠤᠰ ᠲᠦᠷᠢᠮ ᠤᠨ ᠨᠠᠢᠮᠠᠳᠤᠭᠠᠷ ᠵᠦᠢᠯ᠂ ᠶᠢᠰᠦᠳᠦᠭᠡᠷ ᠵᠦᠢᠯ ᠤᠨ ᠲᠤᠭᠲᠠᠭᠠᠯ ᠠᠴᠠ ᠵᠦᠷᠢᠴᠡᠵᠤ᠂ ᠬᠦᠷᠦᠰᠦ ᠰᠢᠷᠤᠢ ᠶᠢᠨ ᠢᠳᠡᠭᠳᠡᠯ ᠢ ᠭᠤᠤᠯᠳᠠᠯᠭ᠎ᠠ ᠲᠠᠢ ᠰᠡᠷᠭᠡᠶᠢᠯᠡᠬᠦ ᠤᠷᠤᠨ ᠪᠠ ᠭᠤᠤᠯᠳᠠᠯᠭ᠎ᠠ ᠲᠠᠢ ᠵᠠᠰᠠᠬᠤ ᠤᠷᠤᠨ ᠢ ᠢᠯᠭᠠᠨ ᠲᠤᠭᠲᠠᠭᠠᠭᠰᠠᠨ ᠦᠭᠡᠢ᠂ ᠬᠦᠷᠦᠰᠦ ᠰᠢᠷᠤᠢ ᠶᠢ ᠬᠠᠮᠠᠭᠠᠯᠠᠬᠤ ᠲᠦᠯᠦᠪᠵᠢᠭᠦᠯᠭᠡ ᠶᠢ ᠨᠠᠶᠢᠷᠠᠭᠤᠯᠤᠭᠰᠠᠨ ᠦᠭᠡᠢ︔      ︵ᠭᠤᠷᠪᠠ︶ ᠲᠤᠰ ᠲᠦᠷᠢᠮ ᠤᠨ ᠠᠷᠪᠠᠨ ᠭᠤᠷᠪᠠᠳᠤᠭᠠᠷ ᠵᠦᠢᠯ᠂ ᠠᠷᠪᠠᠨ ᠲᠤᠯᠤᠳᠤᠭᠠᠷ ᠵᠦᠢᠯ ᠤᠨ ᠲᠤᠭᠲᠠᠭᠠᠯ ᠠᠴᠠ ᠵᠦᠷᠢᠴᠡᠵᠤ᠂ ᠬᠦᠷᠦᠰᠦ ᠰᠢᠷᠤᠢ ᠶᠢ ᠬᠠᠮᠠᠭᠠᠯᠠᠬᠤ ᠲᠦᠰᠦᠯ ᠪᠠ ᠬᠦᠷᠦᠰᠦ ᠰᠢᠷᠤᠢ ᠶᠢ ᠬᠠᠮᠠᠭᠠᠯᠠᠬᠤ ᠪᠡᠯᠡᠳᠭᠡᠮᠵᠢ ᠶᠢ ᠰᠢᠯᠭᠠᠨ ᠬᠤᠷᠢᠶᠠᠬᠤ ᠵᠠᠰᠠᠭ ᠵᠠᠬᠢᠷᠭᠠᠨ ᠤ ᠵᠦᠪᠰᠢᠶᠡᠷᠡᠯ ᠢ ᠬᠠᠤᠯᠢ ᠶᠤᠰᠤᠭᠠᠷ ᠭᠠᠷᠭᠠᠵᠤ ᠦᠭᠭᠦᠭᠰᠡᠨ ᠦᠭᠡᠢ︔      ︵ᠲᠦᠷᠪᠠ︶ ᠲᠤᠰ ᠲᠦᠷᠢᠮ ᠤᠨ ᠬᠤᠷᠢᠨ ᠲᠤᠯᠤᠳᠤᠭᠠᠷ ᠵᠦᠢᠯ ᠤᠨ ᠲᠤᠭᠲᠠᠭᠠᠯ ᠠᠴᠠ ᠵᠦᠷᠢᠴᠡᠵᠤ᠂ ᠬᠢᠨᠠᠯᠲᠠ ᠲᠠᠯᠪᠢᠬᠤ᠂ ᠪᠠᠶᠢᠴᠠᠭᠠᠬᠤ ᠲᠤᠰᠢᠶᠠᠯ ᠬᠠᠷᠢᠭᠤᠴᠠᠯᠭ᠎ᠠ ᠪᠠᠨ ᠬᠠᠤᠯᠢ ᠶᠤᠰᠤᠭᠠᠷ ᠬᠦᠢᠴᠡᠳᠭᠡᠭᠰᠡᠨ ᠦᠭᠡᠢ᠂ ᠬᠦᠨᠲᠦ ᠨᠤᠴᠢᠲᠠᠢ ᠬᠦᠷᠦᠰᠦ ᠰᠢᠷᠤᠢ ᠶᠢᠨ ᠢᠳᠡᠭᠳᠡᠯ ᠡᠭᠦᠰᠭᠡᠭᠰᠡᠨ︔      ︵ᠲᠠᠪᠤ︶ ᠭᠤᠶᠠᠴᠢᠯᠠᠨ ᠬᠠᠤᠯᠢ ᠶᠤᠰᠤ ᠶᠢ ᠵᠦᠷᠢᠴᠡᠭᠰᠡᠨ᠂ ᠡᠷᠭᠡ ᠲᠤᠰᠢᠶᠠᠯ ᠢᠶᠠᠨ ᠲᠤᠷ᠎ᠠ ᠪᠠᠷ ᠬᠡᠷᠡᠭᠯᠡᠭᠰᠡᠨ᠂ ᠠᠯᠪᠠᠨ ᠲᠤᠰᠢᠶᠠᠯ ᠳᠠᠭᠠᠨ ᠠᠯᠮᠠᠶᠢᠷᠠᠨ ᠤᠰᠤᠯᠳᠠᠭᠰᠠᠨ᠂ ᠬᠠᠷᠢᠭᠤᠴᠠᠯᠭ᠎ᠠ ᠪᠠᠨ ᠠᠯᠳᠠᠨ ᠲᠤᠰᠢᠶᠠᠯ ᠢᠶᠠᠨ ᠭᠤᠲᠤᠭᠠᠭᠰᠠᠨ ᠪᠠ ᠬᠠᠤᠯᠢ ᠪᠠᠷ ᠲᠤᠭᠲᠠᠭᠠᠭᠰᠠᠨ ᠲᠤᠰᠢᠶᠠᠯ ᠬᠠᠷᠢᠭᠤᠴᠠᠯᠭ᠎ᠠ ᠪᠠᠨ ᠬᠠᠤᠯᠢ ᠶᠤᠰᠤᠭᠠᠷ ᠬᠦᠢᠴᠡᠳᠭᠡᠭᠰᠡᠨ ᠦᠭᠡᠢ ᠪᠤᠰᠤᠳ ᠦᠢᠯᠡ ᠠᠵᠢᠯᠯᠠᠭ᠎ᠠ᠃      ᠲᠤᠯᠤᠳᠤᠭᠠᠷ ᠪᠦᠯᠦᠭ   ᠲᠠᠭᠠᠯᠳᠤᠭᠤᠯᠤᠭᠰᠠᠨ ᠲᠦᠷᠢᠮ      ᠭᠤᠴᠢᠳᠤᠭᠠᠷ ᠵᠦᠢᠯ   ᠲᠤᠰ ᠲᠦᠷᠢᠮ ᠢ 2004 ᠤᠨ 3 ᠰᠠᠷ᠎ᠠ ᠶᠢᠨ 10 ᠡᠳᠦᠷ ᠠᠴᠠ ᠡᠬᠢᠯᠡᠨ ᠬᠡᠷᠡᠭᠵᠢᠭᠦᠯᠦᠨ᠎ᠡ᠃ ᠬᠦᠬᠡᠬᠤᠲᠠ ᠶᠢᠨ ᠠᠷᠪᠠᠨ ᠨᠢᠭᠡᠲᠦᠭᠡᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠨᠠᠢᠮᠠᠳᠤᠭᠠᠷ ᠬᠤᠷᠠᠯᠳᠤᠭᠠᠨ ᠢᠶᠠᠷ ᠪᠠᠲᠤᠯᠠᠵᠤ᠂ 2002 ᠤᠨ ᠤ 5 ᠰᠠᠷ᠎ᠠ ᠶᠢᠨ 25 ᠤ ᠡᠳᠦᠷ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠶᠢᠰᠦᠳᠦᠭᠡᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠤᠴᠢᠳᠤᠭᠠᠷ ᠬᠤᠷᠠᠯᠳᠤᠭᠠᠨ ᠢᠶᠠᠷ ᠵᠦᠪᠰᠢᠶᠡᠷᠡᠭᠦᠯᠦᠭᠰᠡᠨ ︽ᠬᠦᠬᠡᠬᠤᠲᠠ ᠶᠢᠨ ᠬᠦᠷᠦᠰᠦ ᠰᠢᠷᠤᠢ ᠶᠢ ᠬᠠᠮᠠᠭᠠᠯᠠᠬᠤ ᠲᠦᠷᠢᠮ︾ ᠢ ᠬᠠᠮᠲᠤ ᠳᠤᠨᠢ ᠬᠦᠴᠦᠨ ᠦᠭᠡᠢ ᠪᠤᠯᠭᠠᠨ᠎ᠠ᠃
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号