ᠬᠥᠬᠡᠬᠤᠲᠠ ᠶᠢᠨ ᠭᠡᠷ ᠭᠠᠵᠠᠷ ᠬᠦᠷᠦᠩᠭᠡ ᠶᠢᠨ ᠦᠯᠡᠳᠡᠭᠳᠡᠯ ᠲᠦᠷᠥᠯ ᠵᠦᠢᠯ ᠳᠤ ︽ᠰᠦᠢᠳᠬᠡᠯ ᠦᠨᠡᠮᠯᠡᠯ ᠢ ᠰᠠᠯᠭᠠᠬᠤ︾ ᠶᠢ ᠬᠡᠷᠡᠭᠵᠢᠭᠦᠯᠦᠨ ᠲᠥᠪᠯᠡᠷᠡᠭᠦᠯᠦᠨ ᠵᠠᠰᠠᠬᠤ ᠬᠡᠷᠡᠭᠵᠢᠭᠦᠯᠬᠦ ᠰᠠᠨᠠᠯ ᠢ ᠳᠠᠷᠤᠮᠠᠯᠯᠠᠨ ᠶᠠᠪᠣᠭᠤᠯᠬᠤ ᠲᠣᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2018-07-17
ᠬᠦᠬᠡᠬᠤᠲᠠ ᠵᠠᠰᠠᠭ ᠲᠠᠷᠬᠠᠭᠠᠭᠰᠠᠨ ﹇2018﹈ 24 ᠳ᠋ᠦ᠋ᠭᠡᠷ ᠲᠣᠭᠠᠲᠣᠬᠥᠬᠡᠬᠤᠲᠠ ᠶᠢᠨ ᠭᠡᠷ ᠭᠠᠵᠠᠷ ᠬᠦᠷᠦᠩᠭᠡ ᠶᠢᠨ ᠦᠯᠡᠳᠡᠭᠳᠡᠯ ᠲᠦᠷᠥᠯ ᠵᠦᠢᠯ ᠳᠤ ︽ᠰᠦᠢᠳᠬᠡᠯ ᠦᠨᠡᠮᠯᠡᠯ ᠢ ᠰᠠᠯᠭᠠᠬᠤ︾ ᠶᠢ ᠬᠡᠷᠡᠭᠵᠢᠭᠦᠯᠦᠨ ᠲᠥᠪᠯᠡᠷᠡᠭᠦᠯᠦᠨ ᠵᠠᠰᠠᠬᠤ ᠬᠡᠷᠡᠭᠵᠢᠭᠦᠯᠬᠦ ᠰᠠᠨᠠᠯ ᠢ ᠳᠠᠷᠤᠮᠠᠯᠯᠠᠨ ᠶᠠᠪᠣᠭᠤᠯᠬᠤ ᠲᠣᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠣ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠣᠯᠲᠠ ᠶᠢᠨ ᠵᠥᠪᠯᠡᠯ᠂ ᠬᠤᠲᠠ ᠶᠢᠨ ᠡᠯ᠎ᠡ ᠵᠥᠪᠯᠡᠯ᠂ ᠠᠯᠪᠠᠨ ᠭᠡᠷ᠂ ᠲᠣᠪᠴᠢᠶ᠎ᠠ᠂ ᠡᠯ᠎ᠡ ᠠᠵᠣ ᠠᠬᠤᠶᠢᠯᠠᠯ᠂ ᠠᠵᠢᠯ ᠦᠢᠯᠡᠰ ᠤᠨ ᠨᠢᠭᠡᠴᠡ᠄      ︽ᠬᠥᠬᠡᠬᠤᠲᠠ ᠶᠢᠨ ᠭᠡᠷ ᠭᠠᠵᠠᠷ ᠬᠦᠷᠦᠩᠭᠡ ᠶᠢᠨ ᠦᠯᠡᠳᠡᠭᠳᠡᠯ ᠲᠦᠷᠥᠯ ᠵᠦᠢᠯ ᠳᠤ ︿ᠰᠦᠢᠳᠬᠡᠯ ᠦᠨᠡᠮᠯᠡᠯ ᠢ ᠰᠠᠯᠭᠠᠬᠤ﹀ ᠶᠢ ᠬᠡᠷᠡᠭᠵᠢᠭᠦᠯᠦᠨ ᠲᠥᠪᠯᠡᠷᠡᠭᠦᠯᠦᠨ ᠵᠠᠰᠠᠬᠤ ᠬᠡᠷᠡᠭᠵᠢᠭᠦᠯᠬᠦ ᠰᠠᠨᠠᠯ︾ ᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠤ 2017 ᠣᠨ ᠤ13 ᠳ᠋ᠤᠭᠠᠷ ᠣᠳᠠᠭᠠᠨ ᠤ ᠪᠠᠶᠢᠩᠭᠤ ᠶᠢᠨ ᠬᠤᠷᠠᠯ ᠢᠶᠠᠷ ᠶᠠᠷᠢᠯᠴᠠᠨ ᠪᠠᠲᠤᠯᠠᠭᠠᠳ᠂ ᠡᠳᠦᠭᠡ ᠲᠠᠨᠠᠷ ᠲᠤ ᠳᠠᠷᠤᠮᠠᠯᠯᠠᠨ ᠲᠠᠷᠬᠠᠭᠠᠯ᠎ᠠ᠂ ᠬᠢᠨᠠᠮᠠᠭᠠᠶ ᠲᠣᠭᠤᠰᠢᠯᠠᠭᠤᠯᠣᠨ  ᠬᠡᠷᠡᠭᠵᠢᠭᠦᠯᠲᠦᠭᠡᠢ᠃         ᠬᠥᠬᠡᠬᠤᠲᠠ ᠶᠢᠨ ᠭᠡᠷ ᠭᠠᠵᠠᠷ ᠬᠦᠷᠦᠩᠭᠡ ᠶᠢᠨ ᠦᠯᠡᠳᠡᠭᠳᠡᠯ ᠲᠦᠷᠥᠯ ᠵᠦᠢᠯ ᠳᠤ ︽ᠰᠦᠢᠳᠬᠡᠯ      ᠦᠨᠡᠮᠯᠡᠯ ᠢ ᠰᠠᠯᠭᠠᠬᠤ︾ ᠶᠢ ᠬᠡᠷᠡᠭᠵᠢᠭᠦᠯᠦᠨ ᠲᠥᠪᠯᠡᠷᠡᠭᠦᠯᠦᠨ ᠵᠠᠰᠠᠬᠤ ᠬᠡᠷᠡᠭᠵᠢᠭᠦᠯᠬᠦ ᠰᠠᠨᠠᠯ            ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠵᠣ ᠬᠠᠷᠢᠭᠤ ᠲᠤᠰᠬᠠᠭᠰᠠᠨ ᠰᠠᠨᠠᠯ ᠢ ᠭᠦᠨᠵᠡᠭᠡᠶ ᠨᠠᠶᠢᠳᠠᠪᠤᠷᠢᠵᠢᠭᠤᠯᠵᠤ᠂ ᠤᠯᠠᠨ ᠲᠦᠮᠡᠨ ᠤ ︽ᠲᠡᠬᠢᠠ ᠪᠤᠴᠠᠬᠤ ᠳᠤ ᠬᠦᠴᠢᠷᠲᠡᠶ︾ ︽ᠣᠷᠣᠵᠤ ᠰᠠᠭᠤᠬᠤ ᠳᠤ ᠬᠦᠴᠢᠷᠲᠡᠶ︾ ︽ᠦᠨᠡᠮᠯᠡᠯ ᠠᠪᠬᠤ ᠳᠤ ᠬᠦᠴᠢᠷᠲᠡᠶ︾ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠬᠦ ᠶᠢᠨ ᠲᠤᠰᠠᠳᠠ᠂ ︽ᠲᠡᠦᠬᠡ ᠶᠢ ᠬᠦᠨᠳᠦᠳᠬᠡᠵᠦ᠂ ᠪᠣᠳᠠᠲᠠᠶ ᠶᠢ ᠬᠠᠮᠲᠣ ᠳᠤᠨᠢ ᠬᠠᠷᠠᠭᠠᠯᠵᠠᠬᠤ︾ ᠪᠣᠯᠣᠨ ︽ᠲᠣᠭᠲᠠᠭᠠᠯᠲᠤ ᠰᠦᠢᠳᠬᠡᠯ ᠢ ᠲᠣᠰᠢᠶᠠᠬᠤ ᠬᠢᠭᠡᠳ ᠦᠨᠡᠮᠯᠡᠯ ᠠᠪᠬᠤ ᠬᠤᠶᠠᠷ ᠢ ᠰᠠᠯᠭᠠᠬᠤ︾ ᠵᠠᠷᠴᠢᠮ ᠶᠣᠰᠣᠭᠠᠷ᠂ 2015 ᠣᠨ ᠤ12 ᠳ᠋ᠤᠭᠠᠷ ᠰᠠᠷ᠎ᠠ ᠶᠢᠨ31 ᠤ ᠡᠳᠦᠷ ᠠᠴᠠ ᠡᠮᠦᠨ᠎ᠡ ᠡᠬᠢᠯᠡᠨ ᠪᠠᠶᠢᠭᠤᠯᠣᠭᠰᠠᠨ ᠦᠯᠡᠳᠡᠭᠳᠡᠯ ᠠᠰᠠᠭᠤᠳᠠᠯ ᠲᠠᠢ ᠲᠥᠷᠥᠯ ᠵᠦᠢᠯ ᠢ ᠵᠦᠢᠯ ᠳᠠᠷᠠᠭᠠᠯᠠᠨ ᠰᠤᠳᠤᠯᠵᠤ᠂ ᠪᠦᠯᠦᠭ ᠬᠤᠪᠢᠶᠠᠨ ᠰᠢᠢᠳᠪᠦᠷᠢᠯᠡᠵᠦ᠂ ᠠᠷᠠᠳ ᠤᠯᠠᠨ ᠤ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠪᠠᠲᠤᠯᠠᠵᠤ᠂ ᠮᠠᠨ ᠤ ᠬᠤᠲᠠ ᠶᠢᠨ ᠭᠡᠷ ᠭᠠᠵᠠᠷ ᠬᠦᠷᠦᠩᠭᠡ ᠶᠢᠨ ᠵᠠᠬ᠎ᠠ ᠳᠡᠯᠭᠡᠭᠦᠷ ᠤᠨ ᠦᠷᠭᠦᠯᠵᠢᠯᠡᠨ ᠡᠷᠡᠭᠦᠯ ᠪᠥᠭᠡᠳ ᠡᠮᠬᠢ ᠵᠢᠷᠤᠮ ᠲᠠᠢ ᠪᠠᠷ ᠬᠥᠭᠵᠢᠬᠦ ᠶᠢ ᠠᠬᠢᠭᠤᠯᠬᠤ ᠬᠡᠷᠡᠭᠲᠡᠶ᠃ ᠡᠳᠦᠭᠡ ᠮᠠᠨ ᠤ ᠬᠤᠲᠠ ᠶᠢᠨ ᠪᠣᠳᠠᠲᠠᠶ ᠲᠠᠢ ᠤᠶᠠᠯᠳᠤᠭᠤᠯᠵᠤ᠂ ᠳᠣᠣᠷᠠᠬᠢ ᠰᠠᠨᠠᠯ ᠢ ᠳᠤᠷᠠᠳᠪᠠ᠃      ᠨᠢᠭᠡ᠂ ᠭᠠᠵᠠᠷ ᠰᠢᠷᠣᠢ ᠶᠢ ᠰᠢᠢᠳᠪᠦᠷᠢᠯᠡᠬᠦ ᠰᠠᠨᠠᠯ᠃ ᠲᠥᠪᠯᠡᠷᠡᠭᠦᠯᠦᠨ ᠵᠠᠰᠠᠬᠤ ᠲᠦᠷᠥᠯ ᠵᠦᠢᠯ ᠳᠤ ᠣᠷᠣᠭᠰᠠᠨ ᠪᠠᠶᠢᠪᠠᠯ᠂ ᠤᠯᠤᠰ ᠤᠨ ᠭᠠᠵᠠᠷ ᠰᠢᠷᠣᠢ ᠡᠬᠢ ᠪᠠᠶᠠᠯᠢᠭ ᠤᠨ ᠰᠠᠯᠠᠭ᠎ᠠ ᠮᠥᠴᠢᠷ ᠠᠴᠠ ᠨᠡᠭᠡᠭᠡᠨ ᠬᠦᠭᠵᠢᠭᠦᠯᠬᠦ ᠨᠢᠭᠡᠴᠡ ᠲᠠᠢ ︽ᠤᠯᠤᠰ ᠤᠨ ᠥᠮᠴᠢᠯᠡᠯ ᠤᠨ ᠪᠦᠳᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠶᠢ ᠰᠢᠯᠵᠢᠭᠦᠯᠦᠨ ᠬᠤᠳᠠᠯᠳᠤᠬᠤ ᠭᠡᠷ᠎ᠡ︾ ᠳᠤ ᠭᠠᠷ ᠤᠨ ᠦᠰᠦᠭ ᠵᠢᠷᠣᠬᠤ ᠶᠢᠨ ᠬᠠᠮᠲᠣ ︽ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠬᠢᠨᠠᠨ ᠵᠥᠪᠰᠢᠶᠡᠷᠡᠭᠰᠡᠨ ᠪᠢᠴᠢᠭ︾ ᠢ ᠬᠢᠨᠠᠨ ᠣᠯᠭᠤᠨ᠎ᠠ᠃      ᠬᠡᠷᠡᠭᠯᠡᠭᠡᠨ ᠤ ᠴᠢᠳᠠᠮᠵᠢ ᠶᠢ ᠬᠠᠩᠭᠠᠬᠤ ᠶᠢᠨ ᠲᠦᠯᠦᠭᠡᠨ ᠠᠴᠠ ᠢᠵᠢ ᠪᠦᠷᠢᠳᠦᠭᠦᠯᠦᠨ ᠪᠠᠶᠢᠭᠤᠯᠣᠭᠰᠠᠨ ᠬᠤᠳᠠᠯᠳᠣᠭᠠᠯᠠᠬᠤ᠂ ᠠᠯᠪᠠᠨ ᠳᠤ ᠬᠡᠷᠡᠭᠯᠡᠬᠦ ᠵᠡᠷᠭᠡ ᠣᠷᠣᠨ ᠰᠠᠭᠤᠴᠠ ᠶᠢᠨ ᠪᠤᠰᠤ ᠲᠦᠷᠦᠯ ᠤᠨ ᠭᠡᠷ ᠪᠠᠶᠢᠰᠢᠩ ᠤᠨ ᠬᠢᠮᠳᠠ ᠬᠡᠷᠡᠭᠴᠡᠭᠡᠲᠦ ᠣᠷᠣᠨ ᠰᠠᠭᠤᠴᠠ ᠶᠢᠨ ᠲᠦᠷᠥᠯ ᠵᠦᠢᠯ ᠨᠢ ᠬᠡᠷᠡᠭᠯᠡᠭᠡᠨ ᠤ ᠭᠠᠵᠠᠷ ᠤᠨ ᠰᠢᠨᠵᠢ ᠴᠢᠨᠠᠷ ᠬᠤᠪᠢᠷᠠᠭᠰᠠᠨ ᠠᠴᠠ ᠪᠣᠯᠵᠤ ᠬᠡᠷᠡᠭᠯᠡᠭᠡᠨ ᠤ ᠭᠠᠵᠠᠷ ᠢ ᠬᠤᠪᠢᠶᠠᠷᠢᠯᠠᠨ ᠰᠠᠯᠭᠠᠬᠤ ᠭᠠᠷ ᠭᠦᠢᠴᠡᠳᠬᠡᠯ ᠢ ᠭᠦᠢᠴᠡᠳᠬᠡᠵᠦ ᠳᠡᠶᠢᠯᠦᠭᠰᠡᠨ ᠦᠭᠡᠢ ᠪᠣᠶᠣ ᠬᠡᠷᠡᠭᠯᠡᠭᠡᠨ ᠤ ᠭᠠᠵᠠᠷ ᠤᠨ ᠭᠠᠷ ᠭᠦᠢᠴᠡᠳᠬᠡᠯ ᠢᠶᠠᠨ ᠣᠯᠣᠭᠠᠳ ᠭᠡᠷ ᠪᠠᠶᠢᠰᠢᠩ ᠤᠨ ᠦᠮᠴᠢᠯᠡᠯ ᠤᠨ ᠡᠷᠬᠡ ᠶᠢᠨ ᠳᠠᠩᠰᠠᠯᠠᠯᠲᠠ ᠬᠢᠵᠦ ᠳᠡᠶᠢᠯᠦᠭᠰᠡᠨ ᠦᠭᠡᠢ ᠪᠠᠶᠢᠭ᠎ᠠ ᠪᠣᠯ ᠲᠦᠯᠦᠪᠵᠢᠭᠦᠯᠭᠡ ᠶᠢᠨ ᠰᠠᠯᠠᠭ᠎ᠠ ᠮᠦᠴᠢᠷ ᠠᠴᠠ ᠣᠳᠣᠬᠠᠨ ᠤ ᠬᠡᠷᠡᠭᠯᠡᠭᠡᠨ ᠤ ᠪᠠᠶᠢᠳᠠᠯ ᠪᠠᠷ ᠣᠷᠢᠳᠠᠪᠠᠷ ᠣᠷᠣᠨ ᠰᠠᠭᠤᠴᠠ ᠶᠢᠨ ᠬᠡᠰᠡᠭ ᠲᠤ ᠲᠦᠯᠦᠪᠵᠢᠭᠦᠯᠭᠡ ᠶᠢᠨ ᠨᠦᠬᠦᠴᠡᠯ ᠭᠠᠷᠭᠠᠵᠣ᠂ ᠣᠯᠣᠰ ᠤᠨ ᠭᠠᠵᠠᠷ ᠰᠢᠷᠣᠢ ᠡᠬᠢ ᠪᠠᠶᠠᠯᠢᠭ ᠤᠨ ᠰᠠᠯᠠᠭ᠎ᠠ ᠮᠦᠴᠢᠷ ᠬᠡᠷᠡᠭᠯᠡᠭᠡᠨ ᠤ ᠭᠠᠵᠠᠷ ᠢ ᠬᠤᠪᠢᠶᠠᠷᠢᠯᠠᠨ ᠰᠠᠯᠭᠠᠬᠤ ᠭᠠᠷ ᠭᠦᠢᠴᠡᠳᠬᠡᠯ ᠭᠦᠢᠴᠡᠳᠬᠡᠵᠦ ᠥᠭᠭᠦᠨ᠎ᠡ᠃      ᠬᠤᠶᠠᠷ᠂ ᠲᠦᠯᠦᠪᠵᠢᠭᠦᠯᠭᠡ ᠶᠢᠨ ᠰᠢᠢᠳᠪᠦᠷᠢᠯᠡᠬᠦ ᠰᠠᠨᠠᠯ᠃ ᠲᠥᠪᠯᠡᠷᠡᠭᠦᠯᠦᠨ ᠵᠠᠰᠠᠬᠤ ᠬᠡᠪᠴᠢᠶᠡᠨ ᠳᠤ ᠣᠷᠣᠭᠰᠠᠨ ᠲᠦᠷᠥᠯ ᠵᠦᠢᠯ ᠢ ᠬᠤᠲᠠ ᠶᠢᠨ ᠲᠦᠯᠦᠪᠵᠢᠭᠦᠯᠭᠡ᠂ ᠬᠤᠲᠠ ᠶᠢᠨ ᠬᠠᠮᠢᠶᠠᠷᠣᠯᠲᠠ ᠶᠢᠨ ᠬᠠᠣᠯᠢ ᠬᠡᠷᠡᠭᠵᠢᠭᠦᠯᠬᠦ ᠰᠠᠯᠠᠭ᠎ᠠ ᠮᠦᠴᠢᠷ ᠠᠴᠠ ᠬᠤᠲᠠ ᠶᠢᠨ ᠶᠡᠷᠦᠩᠬᠡᠢ ᠲᠦᠯᠦᠪᠵᠢᠭᠦᠯᠭᠡ ᠶᠢ ᠵᠦᠷᠢᠴᠡᠭᠰᠡᠨ ᠦᠭᠡᠢ ᠪᠣᠶᠤ ᠬᠤᠲᠠ ᠶᠢᠨ ᠶᠡᠷᠦᠩᠬᠡᠢ ᠲᠦᠯᠦᠪᠵᠢᠭᠦᠯᠭᠡ ᠠᠴᠠ ᠵᠦᠷᠢᠴᠡᠭᠰᠡᠨ ᠪᠣᠯᠪᠠᠴᠣ ᠦᠯᠡᠳᠡᠭᠡᠵᠦ ᠪᠣᠯᠣᠨ᠎ᠠ ᠭᠡᠵᠦ ᠲᠣᠭᠲᠠᠭᠠᠭᠰᠠᠨ ᠪᠠᠶᠢᠪᠠᠯ᠂ ᠲᠦᠯᠦᠪᠵᠢᠭᠦᠯᠭᠡ ᠶᠢᠨ ᠰᠠᠯᠠᠭ᠎ᠠ ᠮᠦᠴᠢᠷ ᠠᠴᠠ ᠪᠣᠲᠠᠲᠠᠢ ᠭᠠᠵᠠᠷ ᠲᠤᠨᠢ ᠳᠠᠬᠢᠨ ᠬᠢᠨᠠᠭᠰᠠᠨ ᠤ ᠳᠠᠷᠠᠭ᠎ᠠ᠂ ᠣᠳᠣᠬᠠᠨ ᠤ ᠬᠡᠷᠡᠭᠯᠡᠭᠡᠨ ᠤ ᠪᠠᠶᠢᠳᠠᠯ ᠢ ᠦᠨᠳᠦᠰᠦᠯᠡᠵᠦ ᠲᠦᠯᠦᠪᠵᠢᠭᠦᠯᠭᠡ ᠶᠢᠨ ᠬᠢᠨᠠᠨ ᠪᠠᠶᠢᠴᠠᠭᠠᠭᠰᠠᠨ ᠰᠠᠨᠠᠯ ᠳᠣᠷᠠᠳᠣᠨ᠎ᠠ᠃ ᠭᠡᠷ ᠪᠠᠶᠢᠰᠢᠩ ᠢ ᠠᠷᠠᠯᠵᠢᠶᠠᠯᠠᠬᠤ ᠰᠠᠯᠠᠭ᠎ᠠ ᠮᠦᠴᠢᠷ᠂ ᠦᠯᠦ ᠬᠦᠳᠡᠯᠬᠦ ᠬᠦᠷᠦᠩᠭᠡ ᠶᠢ ᠳᠠᠩᠰᠠᠯᠠᠬᠤ ᠰᠠᠯᠠᠭ᠎ᠠ ᠮᠦᠴᠢᠷ ᠡᠭᠦᠨ ᠢ ᠦᠨᠳᠦᠰᠦᠯᠡᠵᠦ ᠭᠡᠷ ᠪᠠᠶᠢᠰᠢᠩ ᠤᠨ ᠦᠮᠴᠢᠯᠡᠯ ᠤᠨ ᠡᠷᠬᠡ ᠶᠢᠨ ᠭᠠᠷ ᠭᠦᠢᠴᠡᠳᠬᠡᠯ ᠢ ᠭᠦᠢᠴᠡᠳᠬᠡᠨ᠎ᠡ᠃ ᠡᠭᠦᠨ ᠤ ᠬᠠᠮᠲᠣ᠂ ᠲᠦᠯᠦᠪᠵᠢᠭᠦᠯᠭᠡ ᠶᠢᠨ ᠰᠠᠯᠠᠭ᠎ᠠ ᠮᠦᠴᠢᠷ ᠠᠴᠠ ᠪᠦᠲᠦᠭᠡᠨ ᠪᠠᠶᠢᠭᠤᠯᠣᠯᠲᠠ ᠶᠢᠨ ᠨᠢᠭᠡᠴᠡ ᠶᠢᠨ ᠭᠤᠶᠣᠴᠢᠯᠠᠯ ᠶᠢ ᠦᠨᠳᠦᠰᠦᠯᠡᠵᠦ ᠬᠤᠯᠪᠣᠭᠳᠠᠯ ᠪᠦᠬᠦᠢ ᠲᠦᠯᠦᠪᠵᠢᠭᠦᠯᠭᠡ ᠶᠢᠨ ᠬᠢᠨᠠᠨ ᠵᠦᠪᠰᠢᠶᠡᠷᠡᠬᠦ ᠭᠠᠷ ᠭᠦᠢᠴᠡᠳᠬᠡᠯ ᠢ ᠨᠦᠬᠦᠨ ᠭᠦᠢᠴᠡᠳᠬᠡᠨ᠎ᠡ᠃ ᠡᠭᠦᠨ ᠤ ᠳᠣᠮᠳᠠ᠂ ᠡᠵᠡᠯᠡᠬᠦ ᠨᠤᠷᠮ᠎ᠠ ᠠᠴᠠ ᠬᠡᠲᠦᠷᠡᠭᠰᠡᠨ ᠪᠠᠶᠢᠪᠠᠯ᠂ ᠲᠦᠯᠦᠪᠵᠢᠭᠦᠯᠭᠡ ᠶᠢᠨ ᠰᠠᠯᠠᠭ᠎ᠠ ᠮᠦᠴᠢᠷ ᠲᠣᠭᠲᠠᠭᠠᠯ ᠶᠠᠪᠣᠴᠠ ᠶᠣᠰᠣᠭᠠᠷ ᠲᠣᠬᠢᠷᠠᠭᠤᠯᠣᠭᠰᠠᠨ ᠤ ᠳᠠᠷᠠᠭ᠎ᠠ᠂ ᠣᠯᠣᠰ ᠤᠨ ᠭᠠᠵᠠᠷ ᠰᠢᠷᠣᠢ ᠡᠬᠢ ᠪᠠᠶᠠᠯᠢᠭ᠂ ᠭᠠᠵᠠᠷ ᠰᠢᠷᠣᠢ ᠬᠤᠳᠠᠯᠳᠣᠨ ᠠᠪᠴᠣ ᠨᠥᠭᠡᠴᠡᠯᠡᠬᠦ ᠰᠠᠯᠠᠭ᠎ᠠ ᠮᠦᠴᠢᠷ ᠲᠤ ᠵᠠᠬᠢᠳᠠᠯ ᠢᠶᠠᠷ ᠮᠡᠳᠡᠭᠳᠡᠭᠰᠡᠨ ᠳᠠᠷᠣᠢ ᠲᠥᠯᠥᠪᠵᠢᠭᠦᠯᠭᠡ ᠶᠢ ᠵᠥᠪᠰᠢᠶᠡᠷᠡᠬᠦ ᠪᠠ ᠲᠥᠯᠥᠪᠵᠢᠭᠦᠯᠭᠡ ᠶᠢᠨ ᠰᠢᠯᠭᠠᠨ ᠠᠪᠬᠤ ᠭᠠᠷ ᠭᠦᠢᠴᠡᠳᠬᠡᠯ ᠬᠢᠵᠦ ᠪᠣᠯᠣᠨ᠎ᠠ︔ ᠵᠠᠰᠠᠭ ᠵᠠᠬᠢᠷᠭᠠᠨ ᠤ ᠰᠢᠢᠳᠬᠡᠯ ᠲᠠᠢ ᠬᠤᠯᠪᠣᠭᠳᠠᠪᠠᠯ᠂ ᠬᠤᠳᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠲᠤ ᠵᠠᠬᠢᠳᠠᠯ ᠢᠶᠠᠷ ᠮᠡᠳᠡᠭᠳᠡᠭᠰᠡᠨ ᠳᠠᠷᠤᠶ ᠲᠥᠯᠥᠪᠵᠢᠭᠦᠯᠭᠡ ᠶᠢ ᠵᠥᠪᠰᠢᠶᠡᠷᠡᠬᠦ ᠪᠠ ᠲᠥᠯᠥᠪᠵᠢᠭᠦᠯᠭᠡ ᠶᠢᠨ ᠰᠢᠯᠭᠠᠨ ᠠᠪᠬᠤ ᠭᠠᠷ ᠭᠦᠢᠴᠡᠳᠬᠡᠯ ᠬᠢᠵᠦ ᠪᠣᠯᠣᠨ᠎ᠠ᠃      ᠬᠤᠳᠠ ᠶᠢᠨ ᠲᠥᠯᠥᠪᠵᠢᠭᠦᠯᠭᠡ᠂ ᠬᠤᠳᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠠᠴᠠ ᠦᠯᠡᠳᠡᠭᠡᠵᠦ ᠪᠣᠯᠬᠤ ᠦᠭᠡᠢ ᠮᠦᠷᠲᠡᠭᠡᠨ ᠵᠠᠯᠠᠷᠠᠭᠤᠯᠬᠤ ᠠᠷᠭ᠎ᠠ ᠬᠡᠮᠵᠢᠶ᠎ᠡ ᠠᠪᠤᠪᠠᠴᠤ ᠨᠥᠯᠥᠭᠡ ᠪᠠᠨ ᠠᠷᠢᠯᠭᠠᠬᠤ ᠶᠢᠨ ᠠᠷᠭ᠎ᠠ ᠦᠭᠡᠢ ᠭᠡᠵᠦ ᠲᠣᠭᠲᠠᠭᠠᠭᠰᠠᠨ ᠢ ᠨᠢ ᠲᠣᠭᠲᠠᠭᠰᠠᠨ ᠬᠤᠭᠤᠴᠠᠭᠠᠨ ᠳᠤ ᠨᠤᠷᠠᠭᠠᠯᠭᠠᠵᠤ᠂ ᠨᠤᠷᠠᠭᠠᠬᠤ ᠶᠢ ᠲᠡᠪᠴᠢᠭᠰᠡᠨ ᠪᠠᠶᠢᠪᠠᠯ ᠲᠥᠷᠥᠯ ᠵᠦᠢᠯ ᠪᠠᠶᠢᠭ᠎ᠠ ᠭᠠᠵᠠᠷ ᠣᠷᠣᠨ ᠤ ᠵᠠᠰᠠᠭ ᠤᠨ ᠣᠷᠳᠣᠨ ᠠᠴᠠ ᠲᠦᠷᠦᠭᠦᠯᠡᠨ᠂ ᠬᠤᠳᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠂ ᠣᠯᠣᠰ ᠤᠨ ᠭᠠᠵᠠᠷ ᠰᠢᠷᠣᠢ ᠡᠬᠢ ᠪᠠᠶᠠᠯᠢᠭ᠂ ᠳᠣᠲᠣᠭᠠᠳᠤ ᠶᠢ ᠬᠠᠮᠠᠭᠠᠯᠠᠬᠤ ᠵᠡᠷᠭᠡ ᠰᠠᠯᠠᠭ᠎ᠠ ᠮᠦᠴᠢᠷ ᠬᠠᠮᠲᠣᠷᠠᠨ ᠠᠯᠪᠠᠳᠠᠯᠭ᠎ᠠ ᠪᠠᠷ ᠨᠣᠷᠠᠭᠠᠵᠣ᠂ ᠨᠢᠭᠡᠨᠲᠡ ᠭᠡᠷ ᠬᠤᠳᠠᠯᠳᠤᠨ ᠠᠪᠤᠭᠰᠠᠨ  ᠪᠠᠶᠢᠰᠢᠩ ᠤᠨ ᠥᠮᠴᠢᠲᠡᠨ ᠢ ᠲᠥᠷᠥᠯ ᠵᠦᠢᠯ ᠪᠠᠶᠢᠭ᠎ᠠ ᠲᠤᠬᠠᠶ ᠶᠢᠨ ᠭᠠᠵᠠᠷ ᠤᠨ ᠵᠠᠰᠠᠭ ᠤᠨ ᠣᠷᠳᠣᠨ ᠠᠴᠠ ᠬᠠᠷᠢᠭᠤᠴᠠᠵᠤ ᠵᠣᠬᠢᠰᠲᠠᠢ ᠲᠥᠪᠬᠢᠨᠡᠭᠦᠯᠵᠦ᠂ ᠲᠥᠪᠬᠢᠨᠡᠭᠦᠯᠬᠦ  ᠳᠤ ᠪᠤᠶ ᠪᠣᠯᠤᠭᠰᠠᠨ ᠵᠠᠷᠤᠳᠠᠯ ᠢ ᠨᠡᠭᠡᠭᠡᠨ ᠪᠠᠶᠢᠭᠤᠯᠣᠭᠰᠠᠨ ᠨᠢᠭᠡᠴᠡ ᠡᠭᠦᠷᠭᠡᠯᠡᠨ᠎ᠡ᠃ ᠨᠤᠷᠠᠭᠠᠵᠤ ᠪᠣᠯᠬᠤ ᠥᠭᠡᠢ ᠶᠢ ᠨᠢ ᠪᠣᠳᠠᠲᠤ ᠶᠠᠭᠤᠮ᠎ᠠ ᠪᠤᠶᠤ ᠬᠠᠤᠯᠢ ᠠᠴᠠ ᠵᠥᠷᠢᠴᠡᠵᠦ ᠣᠯᠤᠭᠰᠠᠨ ᠣᠷᠣᠯᠭ᠎ᠠ ᠶᠢ ᠨᠢ ᠬᠤᠷᠢᠶᠠᠨ ᠠᠪᠬᠤ ᠶᠢᠨ ᠬᠠᠮᠲᠣ ᠪᠥᠳᠥᠭᠡᠨ ᠪᠠᠶᠢᠭᠤᠯᠬᠤ ᠪᠠᠷᠢᠯᠭ᠎ᠠ ᠶᠢᠨ ᠦᠨ᠎ᠡ ᠶᠢᠨ ᠵᠠᠭᠤᠨ ᠤ ᠠᠷᠪᠠ ᠠᠴᠠ ᠳᠣᠷᠣᠭᠰᠢ ᠵᠣᠭᠤᠰ ᠢᠶᠠᠷ ᠲᠣᠷᠭᠠᠬᠤ ᠪᠠᠷ ᠰᠢᠢᠳᠬᠡᠨ᠎ᠡ᠃      ᠭᠤᠷᠪᠠ᠂ ᠠᠵᠢᠯ ᠳᠠᠭᠤᠰᠤᠭᠰᠠᠨ ᠢ ᠰᠢᠯᠭᠠᠨ ᠠᠪᠴᠣ ᠳᠠᠩᠰᠠᠯᠠᠬᠤ ᠰᠢᠢᠳᠪᠦᠷᠢᠯᠡᠬᠦ ᠰᠠᠨᠠᠯ᠃ ᠲᠥᠪᠯᠡᠷᠡᠭᠦᠯᠦᠨ ᠵᠠᠰᠠᠬᠤ ᠬᠡᠪᠴᠢᠶᠡᠨ ᠳᠤ ᠣᠷᠣᠭᠰᠠᠨ ᠲᠦᠷᠥᠯ ᠵᠦᠢᠯ ᠢ ᠬᠢᠨᠠᠨ ᠬᠠᠮᠢᠶᠠᠷᠴᠤ ᠪᠠᠶᠢᠭ᠎ᠠ ᠪᠦᠳᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠠᠴᠠ ᠨᠣᠲᠠᠯᠠᠨ ᠲᠣᠭᠲᠠᠭᠠᠵᠣ᠂ ᠪᠦᠲᠦᠴᠡ ᠨᠢ ᠠᠮᠤᠷ ᠲᠦᠪᠰᠢᠨ᠂ ᠴᠢᠬᠤᠯᠠ ᠶᠡᠭᠡ ᠴᠢᠳᠠᠮᠵᠢ ᠶᠢᠨ ᠳᠤᠲᠠᠭᠳᠠᠯ ᠦᠭᠡᠢ ᠲᠦᠷᠥᠯ ᠵᠦᠢᠯ ᠳᠤ᠂ ᠭᠡᠷ ᠪᠠᠶᠢᠰᠢᠩ ᠤᠨ ᠥᠮᠴᠢᠯᠡᠯ ᠤᠨ ᠡᠷᠬᠡ ᠶᠢᠨ ᠰᠠᠨᠠᠯ ᠢ ᠣᠷᠢᠳᠠᠪᠠᠷ ᠭᠠᠷᠭᠠᠵᠤ ᠥᠭᠬᠦ ᠶᠢᠨ ᠬᠠᠮᠲᠤ  ᠠᠵᠢᠯ ᠳᠠᠭᠤᠰᠴᠣ ᠰᠢᠯᠭᠠᠨ ᠠᠪᠬᠤ ᠭᠠᠷ ᠭᠦᠢᠴᠡᠳᠬᠡᠯ ᠢ ᠨᠢ ᠨᠥᠬᠦᠪᠥᠷᠢᠯᠡᠨ ᠲᠡᠭᠦᠯᠳᠡᠷᠵᠢᠭᠦᠯᠵᠦ ᠥᠭᠬᠦ ᠬᠡᠷᠡᠭᠲᠡᠢ᠃      ᠪᠦᠲᠦᠭᠡᠨ ᠪᠠᠶᠢᠭᠤᠯᠣᠯᠲᠠ ᠶᠢᠨ ᠰᠠᠯᠠᠭ᠎ᠠ ᠮᠦᠴᠢᠷ ᠠᠴᠠ ᠬᠢᠨᠠᠨ ᠬᠠᠮᠢᠶᠠᠷᠣᠯᠲᠠ ᠬᠡᠷᠡᠭᠵᠢᠭᠦᠯᠦᠭᠡ ᠦᠭᠡᠢ ᠪᠣᠶᠣ ᠴᠢᠨᠠᠷ ᠴᠢᠨᠰᠠᠭ᠎ᠠ᠂ ᠠᠮᠣᠷ ᠲᠥᠪᠰᠢᠨ ᠤ ᠮᠠᠲ᠋ᠧᠷᠢᠶᠠᠯ ᠪᠦᠷᠢᠨ ᠪᠣᠰᠤ ᠲᠦᠷᠥᠯ ᠵᠦᠢᠯ ᠢ ᠨᠡᠭᠡᠭᠡᠨ ᠪᠠᠶᠢᠭᠤᠯᠣᠭᠰᠠᠨ ᠨᠢᠭᠡᠴᠡ ᠠᠴᠠ ᠬᠦᠬᠡᠬᠤᠲᠠ ᠶᠢᠨ ᠭᠡᠷ ᠪᠠᠶᠢᠰᠢᠩ ᠤᠨ ᠠᠮᠣᠷ ᠲᠦᠪᠰᠢᠨ ᠢ ᠬᠢᠨᠠᠨ ᠲᠣᠭᠲᠠᠭᠠᠬᠤ ᠵᠥᠪᠯᠡᠯ ᠢ ᠨᠠᠶᠢᠳᠠᠵᠣ᠂ ᠭᠡᠷ ᠪᠠᠶᠢᠰᠢᠩ ᠤᠨ ᠪᠦᠲᠦᠴᠡ ᠶᠢᠨ ᠠᠮᠣᠷ ᠲᠦᠪᠰᠢᠨ ᠪᠣᠯᠣᠨ ᠭᠤᠣᠯ ᠴᠢᠳᠠᠮᠵᠢ ᠳᠤ ᠬᠢᠨᠠᠨ ᠲᠣᠭᠲᠠᠭᠠᠯᠲᠠ ᠬᠢᠯᠭᠡᠵᠦ᠂ ᠬᠢᠨᠠᠨ ᠲᠣᠭᠲᠠᠭᠠᠯᠲᠠ ᠪᠠᠷ ᠳᠠᠮᠵᠢᠵᠣ ᠭᠡᠷ ᠪᠠᠶᠢᠰᠢᠩ ᠤᠨ ᠪᠦᠲᠦᠴᠡ ᠠᠮᠣᠷ ᠲᠦᠪᠰᠢᠨ᠂ ᠭᠤᠣᠯ ᠴᠢᠳᠠᠮᠵᠢ ᠨᠢ ᠲᠡᠭᠦᠰ ᠲᠡᠭᠦᠯᠳᠡᠷ ᠪᠠᠶᠢᠪᠠᠯ᠂ ᠪᠦᠲᠦᠭᠡᠨ ᠪᠠᠶᠢᠭᠤᠯᠣᠯᠲᠠ ᠶᠢᠨ ᠰᠠᠯᠠᠭ᠎ᠠ ᠮᠦᠴᠢᠷ ᠬᠢᠨᠠᠨ ᠲᠣᠭᠲᠠᠭᠠᠯᠲᠠ ᠶᠢᠨ ᠮᠡᠳᠡᠭᠦᠯᠦᠯᠲᠡ ᠶᠢ ᠦᠨᠳᠦᠰᠦᠯᠡᠵᠦ᠂ ᠭᠡᠷ ᠪᠠᠶᠢᠰᠢᠩ ᠤᠨ ᠦᠮᠴᠢᠯᠡᠯ ᠤᠨ ᠡᠷᠬᠡ ᠶᠢᠨ ᠰᠠᠨᠠᠯ ᠢ ᠣᠷᠢᠳᠠᠪᠠᠷ ᠭᠠᠷᠭᠠᠵᠣ ᠥᠭᠭᠦᠨ᠎ᠡ᠃ ᠨᠡᠭᠡᠭᠡᠨ ᠪᠠᠶᠢᠭᠤᠯᠣᠭᠰᠠᠨ ᠨᠢᠭᠡᠴᠡ ᠪᠠᠶᠢᠬᠤ ᠦᠭᠡᠢ ᠶᠢ ᠨᠢ ᠲᠦᠷᠥᠯ ᠵᠦᠢᠯ ᠪᠠᠶᠢᠭ᠎ᠠ ᠭᠠᠵᠠᠷ ᠤᠨ ᠵᠠᠰᠠᠭ ᠤᠨ ᠣᠷᠳᠣᠨ ᠠᠴᠠ ᠨᠠᠶᠢᠳᠠᠵᠤ ᠬᠢᠨᠠᠨ ᠲᠣᠭᠲᠠᠭᠠᠯᠲᠠ ᠬᠢᠯᠭᠡᠵᠦ᠂ ᠬᠢᠨᠠᠨ ᠲᠣᠭᠲᠠᠭᠠᠬᠤ ᠰᠦᠢᠳᠬᠡᠯ ᠢ ᠪᠠᠶᠢᠰᠢᠩ ᠤᠨ ᠥᠮᠴᠢᠲᠡᠨ ᠠᠴᠠ ᠳᠠᠭᠠᠭᠠᠨ᠎ᠠ᠃      ᠳᠥᠷᠪᠡ᠂ ᠲᠣᠭᠲᠠᠭᠠᠯᠲᠣ ᠰᠦᠢᠳᠬᠡᠯ ᠢ ᠰᠢᠢᠳᠪᠦᠷᠢᠯᠡᠬᠦ ᠰᠠᠨᠠᠯ᠃ ᠲᠥᠪᠯᠡᠷᠡᠭᠦᠯᠦᠨ ᠵᠠᠰᠠᠬᠤ ᠬᠡᠪᠴᠢᠶᠡᠨ ᠳᠤ ᠣᠷᠣᠭᠰᠠᠨ ᠲᠦᠷᠥᠯ ᠵᠦᠢᠯ ᠢ ︽ᠰᠦᠢᠳᠬᠡᠯ ᠦᠨᠡᠮᠯᠡᠯ ᠢ ᠰᠠᠯᠭᠠᠬᠤ︾ ᠵᠠᠷᠴᠢᠮ ᠶᠣᠰᠣᠭᠠᠷ᠂ ᠭᠡᠷ ᠪᠠᠶᠢᠰᠢᠩ ᠤᠨ ᠠᠷᠠᠯᠵᠢᠶ᠎ᠠ ᠪᠣᠯᠣᠨ ᠦᠯᠦ ᠬᠦᠳᠡᠯᠬᠦ ᠬᠦᠷᠦᠩᠭᠡ ᠶᠢ ᠳᠠᠩᠰᠠᠯᠠᠬᠤ ᠰᠠᠯᠠᠭ᠎ᠠ ᠮᠦᠴᠢᠷ ᠪᠠᠶᠢᠰᠢᠩ ᠤᠨ ᠦᠮᠴᠢᠲᠡᠨ ᠳᠤ ᠣᠷᠢᠳᠠᠪᠠᠷ ᠦᠮᠴᠢᠯᠡᠯ ᠤᠨ ᠡᠷᠬᠡ ᠶᠢᠨ ᠳᠠᠩᠰᠠᠯᠠᠭᠤᠯᠣᠯᠲᠠ ᠶᠢ ᠭᠦᠢᠴᠡᠳᠬᠡᠵᠦ ᠥᠭᠭᠦᠨ᠎ᠡ᠃ ᠨᠡᠭᠡᠭᠡᠨ ᠪᠠᠶᠢᠭᠤᠯᠣᠭᠰᠠᠨ ᠨᠢᠭᠡᠴᠡ ᠲᠣᠭᠲᠠᠭᠠᠯᠲᠣ ᠰᠦᠢᠳᠬᠡᠯ ᠢ ᠲᠤᠰᠢᠶᠠᠭᠠᠳᠣᠢ ᠪᠠᠶᠢᠪᠠᠯ᠂ ᠡᠯ᠎ᠡ ᠰᠦᠢᠳᠬᠡᠯ ᠬᠤᠷᠢᠶᠠᠬᠤ ᠰᠠᠯᠠᠭ᠎ᠠ ᠮᠦᠴᠢᠷ ᠠᠴᠠ ᠬᠠᠷᠢᠭᠤᠴᠠᠨ ᠬᠤᠷᠢᠶᠠᠵᠣ᠂ ᠲᠣᠰ ᠲᠦᠷᠥᠯ ᠵᠦᠢᠯ ᠤᠨ ᠪᠠᠶᠢᠭ᠎ᠠ ᠭᠠᠵᠠᠷ ᠤᠨ ᠵᠠᠰᠠᠭ ᠤᠨ ᠣᠷᠳᠣᠨ ᠪᠣᠯᠣᠨ ᠳᠣᠲᠣᠭᠠᠳᠣ ᠶᠢ ᠬᠠᠮᠠᠭᠠᠯᠠᠬᠤ ᠪᠠᠶᠢᠭᠤᠯᠭ᠎ᠠ ᠪᠦᠬᠦ ᠬᠦᠴᠦᠨ ᠢᠶᠠᠷ ᠬᠠᠮᠵᠢᠯᠴᠠᠵᠣ᠂ ᠣᠯᠣᠰ ᠤᠨ ᠦᠮᠴᠢᠯᠡᠯᠲᠦ ᠬᠦᠷᠦᠩᠭᠡ ᠠᠯᠳᠠᠭᠳᠠᠬᠤ ᠠᠴᠠ ᠵᠠᠶᠢᠯᠠᠰᠬᠢᠨ᠎ᠠ᠃      ᠲᠠᠪᠤ᠂ ᠵᠠᠰᠠᠭ ᠵᠠᠬᠢᠷᠭᠠᠨ ᠤ ᠰᠢᠢᠳᠬᠡᠯ ᠢ ᠰᠢᠢᠳᠪᠦᠷᠢᠯᠡᠬᠦ ᠰᠠᠨᠠᠯ᠃ ᠲᠥᠪᠯᠡᠷᠡᠭᠦᠯᠦᠨ ᠵᠠᠰᠠᠬᠤ ᠬᠡᠪᠴᠢᠶᠡᠨ ᠳᠤ ᠣᠷᠣᠭᠰᠠᠨ ᠲᠦᠷᠥᠯ ᠵᠦᠢᠯ ᠤᠨ ᠬᠠᠤᠯᠢ ᠶᠢ ᠵᠥᠷᠢᠴᠡᠨ ᠭᠠᠵᠠᠷ ᠬᠡᠷᠡᠭᠯᠡᠭᠰᠡᠨ᠂ ᠬᠠᠤᠯᠢ ᠠᠴᠠ ᠵᠦᠷᠢᠴᠡᠨ ᠪᠦᠲᠦᠭᠡᠨ ᠪᠠᠶᠢᠭᠤᠯᠵᠣ ᠰᠢᠢᠳᠬᠡᠯ ᠣᠯᠣᠭᠰᠠᠨ ᠲᠠᠢ ᠬᠤᠯᠪᠣᠭᠳᠠᠬᠤ ᠬᠢᠮᠳᠠ ᠬᠡᠷᠡᠭᠴᠡᠭᠡᠲᠦ ᠣᠷᠣᠨ ᠰᠠᠭᠤᠴᠠ᠂ ᠲᠡᠬᠢᠠ ᠪᠣᠴᠠᠭᠠᠵᠣ ᠲᠥᠪᠬᠢᠨᠡᠭᠦᠯᠬᠦ ᠣᠷᠣᠨ ᠰᠠᠭᠤᠴᠠ ᠵᠡᠷᠭᠡ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢ ᠵᠠᠷᠴᠢᠮ ᠳᠡᠭᠡᠷ᠎ᠡ ᠪᠠᠨ ᠰᠢᠢᠳᠬᠡᠯ ᠠᠴᠠ ᠬᠡᠯᠲᠦᠷᠢᠭᠦᠯᠵᠦ᠂ ᠲᠠᠸᠠᠷ ᠤᠨ ᠣᠷᠣᠨ ᠰᠠᠭᠤᠴᠠ ᠳᠤ ᠰᠢᠢᠳᠬᠡᠯ ᠢ ᠴᠢᠩᠭ᠎ᠠ ᠬᠡᠷᠡᠭᠵᠢᠭᠦᠯᠬᠦ ᠬᠡᠷᠡᠭᠲᠡᠶ᠃ ᠦᠨᠡᠬᠡᠷ ᠬᠦᠴᠢᠷᠳᠡᠯ ᠲᠠᠢ ᠠᠴᠠ ᠪᠣᠯᠵᠤ ᠲᠣᠷᠭᠠᠭᠤᠯᠢ ᠶᠢᠨ ᠬᠤᠭᠤᠴᠠᠭ᠎ᠠ ᠶᠢ ᠤᠷᠲᠤᠳᠬᠠᠬᠤ ᠴᠢᠬᠤᠯᠠ ᠲᠠᠢ ᠪᠤᠶᠤ ᠲᠣᠷᠭᠠᠭᠤᠯᠢ ᠶᠢᠨ ᠮᠦᠩᠭᠦ ᠪᠠᠨ ᠬᠤᠭᠤᠴᠠᠭ᠎ᠠ ᠬᠤᠪᠢᠶᠠᠨ ᠲᠣᠰᠢᠶᠠᠵᠣ ᠪᠠᠶᠢᠭ᠎ᠠ ᠶᠢ ᠨᠢ ᠠᠵᠣ ᠠᠬᠤᠶᠢᠯᠠᠯ ᠠᠴᠠ ᠭᠤᠶᠤᠳᠠᠯ ᠭᠠᠷᠭᠠᠬᠤ ᠪᠠ ᠵᠠᠰᠠᠭ ᠵᠠᠬᠢᠷᠭᠠᠨ ᠤ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠬᠦ ᠪᠠᠷ ᠳᠠᠮᠵᠢᠵᠤ᠂ ᠬᠡᠯᠡᠯᠴᠡᠭᠡᠷ ᠲᠣᠭᠲᠠᠨ ᠬᠤᠶᠢᠰᠢᠯᠠᠭᠤᠯᠤᠨ ᠲᠤᠰᠢᠶᠠᠬᠤ ᠪᠤᠶᠤ ᠬᠤᠭᠤᠴᠠᠭ᠎ᠠ ᠬᠤᠪᠢᠶᠠᠵᠤ ᠲᠣᠰᠢᠶᠠᠯᠭᠠᠨ᠎ᠠ᠃      ᠵᠢᠷᠭᠤᠭ᠎ᠠ᠂ ᠭᠡᠷ ᠪᠠᠶᠢᠰᠢᠩ ᠠᠷᠠᠯᠵᠢᠶᠠᠯᠠᠬᠤ ᠰᠢᠢᠳᠪᠦᠷᠢᠯᠡᠬᠦ ᠰᠠᠨᠠᠯ᠃ ᠭᠡᠷ ᠪᠠᠶᠢᠰᠢᠩ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠨᠡᠭᠡᠭᠡᠨ ᠪᠠᠶᠢᠭᠤᠯᠣᠭᠰᠠᠨ ᠨᠢᠭᠡᠴᠡ ᠶᠢᠨ ᠭᠤᠶᠣᠴᠢᠯᠠᠯ ᠪᠣᠯᠣᠨ ᠭᠠᠵᠠᠷ ᠰᠢᠷᠣᠶ ᠂ ᠲᠦᠯᠦᠪᠵᠢᠭᠦᠯᠭᠡ᠂ ᠠᠵᠢᠯ ᠳᠠᠭᠤᠰᠴᠣ ᠰᠢᠯᠭᠠᠨ ᠠᠪᠴᠤ ᠳᠠᠩᠰᠠᠯᠠᠬᠤ ᠬᠠᠮᠢᠶ᠎ᠠ ᠪᠦᠬᠦᠢ ᠰᠠᠨᠠᠯ ᠶᠣᠰᠣᠭᠠᠷ ᠭᠡᠷ ᠪᠠᠶᠢᠰᠢᠩ ᠢ ᠬᠢᠨᠠᠨ ᠰᠢᠯᠭᠠᠵᠣ᠂ ᠦᠯᠦ ᠬᠥᠳᠡᠯᠬᠦ ᠬᠦᠷᠦᠩᠭᠡ ᠶᠢᠨ ᠠᠩᠬ᠎ᠠ ᠤᠳᠠᠭ᠎ᠠ ᠳᠠᠩᠰᠠᠯᠠᠭᠤᠯᠣᠭᠰᠠᠨ ᠨᠣᠲᠠᠯᠠᠯᠲᠠ ᠶᠢᠨ ᠪᠢᠴᠢᠭ ᠭᠠᠷᠭᠠᠵᠣ ᠥᠭᠭᠦᠨ᠎ᠡ᠃ ᠨᠡᠭᠡᠭᠡᠨ ᠪᠠᠶᠢᠭᠤᠯᠣᠭᠰᠠᠨ ᠨᠢᠭᠡᠴᠡ ᠪᠠᠶᠢᠬᠤ ᠦᠭᠡᠢ ᠶᠢ ᠨᠢ ᠲᠥᠷᠥᠯ ᠵᠦᠢᠯ ᠤᠨ ᠪᠠᠶᠢᠭ᠎ᠠ ᠭᠠᠵᠠᠷ ᠤᠨ ᠵᠠᠰᠠᠭ ᠤᠨ ᠣᠷᠳᠣᠨ ᠠᠴᠠ ᠣᠷᠣᠯᠠᠨ ᠭᠤᠶᠤᠴᠢᠯᠠᠵᠤ ᠭᠦᠢᠴᠡᠳᠬᠡᠨ᠎ᠡ᠃      ᠲᠤᠯᠤᠭ᠎ᠠ᠂ ᠦᠯᠦ ᠬᠥᠳᠡᠯᠬᠦ ᠬᠦᠷᠦᠩᠭᠡ ᠶᠢᠨ ᠲᠠᠩᠰᠠᠯᠠᠯᠳᠠ ᠶᠢᠨ ᠰᠢᠢᠳᠪᠦᠷᠢᠯᠡᠬᠦ ᠰᠠᠨᠠᠯ᠃ ᠥᠯᠥ ᠬᠥᠳᠡᠯᠬᠦ ᠬᠥᠷᠥᠩᠭᠡ ᠶᠢ ᠳᠠᠩᠰᠠᠯᠠᠬᠤ ᠰᠠᠯᠠᠭ᠎ᠠ ᠮᠥᠴᠢᠷ ᠨᠡᠭᠡᠭᠡᠨ ᠪᠠᠶᠢᠭᠤᠯᠣᠭᠰᠠᠨ ᠨᠢᠭᠡᠴᠡ ᠶᠢᠨ ᠭᠤᠶᠤᠴᠢᠯᠠᠯ ᠪᠣᠯᠣᠨ ᠤᠯᠤᠰ ᠤᠨ ᠭᠠᠵᠠᠷ ᠰᠢᠷᠣᠢ ᠡᠬᠢ ᠪᠠᠶᠠᠯᠢᠭ᠂ ᠲᠦᠯᠦᠪᠵᠢᠭᠦᠯᠭᠡ᠂ ᠬᠤᠳᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠦᠯᠲᠡ᠂ ᠪᠦᠲᠦᠭᠡᠨ ᠪᠠᠶᠢᠭᠤᠯᠣᠯᠲᠠ᠂ ᠭᠡᠷ ᠪᠠᠶᠢᠰᠢᠩ ᠤᠨ ᠬᠠᠮᠢᠶᠠᠷᠤᠯᠲᠠ᠂ ᠭᠠᠵᠠᠷ ᠰᠢᠷᠣᠢ ᠶᠢ ᠬᠤᠳᠠᠯᠳᠤᠨ ᠠᠪᠴᠤ ᠨᠥᠭᠡᠴᠡᠯᠡᠬᠦ ᠵᠡᠷᠭᠡ ᠭᠦᠢᠴᠡᠳᠬᠡᠨ ᠬᠤᠷᠢᠶᠠᠬᠤ ᠰᠠᠯᠠᠭ᠎ᠠ ᠮᠦᠴᠢᠷ ᠤᠨ ᠥᠮᠴᠢᠯᠡᠯ ᠤᠨ ᠡᠷᠬᠡ ᠶᠢ ᠳᠠᠩᠰᠠᠯᠠᠭᠤᠯᠬᠤ ᠭᠠᠷ ᠭᠦᠢᠴᠡᠳᠬᠡᠯ ᠢ ᠣᠷᠢᠳᠠᠪᠠᠷ ᠬᠢᠬᠦ ᠵᠢᠴᠢ ᠳᠡᠭᠡᠷ᠎ᠡ ᠳᠤᠷᠠᠳᠤᠭᠰᠠᠨ ᠭᠠᠵᠠᠷ ᠰᠢᠷᠣᠶ᠂ ᠲᠦᠯᠦᠪᠵᠢᠭᠦᠯᠭᠡ᠂ ᠠᠵᠢᠯ ᠳᠠᠭᠤᠰᠴᠣ ᠰᠢᠯᠭᠠᠨ ᠠᠪᠴᠤ ᠳᠠᠩᠰᠠᠯᠠᠬᠤ ᠬᠤᠯᠪᠣᠭᠳᠠᠯ ᠪᠦᠬᠦᠢ ᠰᠠᠨᠠᠯ ᠶᠣᠰᠣᠭᠠᠷ ᠦᠮᠴᠢᠯᠡᠯ ᠤᠨ ᠡᠷᠬᠡ ᠶᠢᠨ ᠳᠠᠩᠰᠠᠯᠠᠯᠲᠠ ᠬᠢᠨ᠎ᠡ᠃ ᠨᠡᠭᠡᠭᠡᠨ ᠪᠠᠶᠢᠭᠤᠯᠣᠭᠰᠠᠨ ᠨᠢᠭᠡᠴᠡ ᠪᠠᠶᠢᠬᠤ ᠦᠭᠡᠢ ᠶᠢ ᠨᠢ ᠲᠥᠷᠥᠯ ᠵᠦᠢᠯ ᠪᠠᠶᠢᠭ᠎ᠠ ᠭᠠᠵᠠᠷ ᠤᠨ ᠵᠠᠰᠠᠭ ᠤᠨ ᠣᠷᠳᠣᠨ ᠠᠴᠠ ᠣᠷᠣᠯᠠᠨ ᠭᠤᠶᠤᠴᠢᠯᠠᠵᠤ ᠪᠣᠯᠤᠨ᠎ᠠ᠃      ᠨᠠᠢᠮᠠ᠂ ᠲᠣᠭᠲᠠᠭᠠᠯ ᠢ ᠵᠥᠷᠢᠴᠡᠨ ᠨᠡᠭᠡᠭᠡᠨ ᠠᠰᠢᠭᠯᠠᠭᠰᠠᠨ ᠠᠵᠤ ᠠᠬᠤᠶᠢᠯᠠᠯ ᠢ ᠰᠢᠢᠳᠪᠦᠷᠢᠯᠡᠬᠦ ᠰᠠᠨᠠᠯ᠃ ᠬᠤᠯᠪᠣᠭᠳᠠᠯ ᠪᠦᠬᠦᠢ ᠭᠠᠷ ᠭᠦᠢᠴᠡᠳᠬᠡᠯ ᠢ ᠤᠳᠠᠭᠠᠰᠢᠷᠠᠭᠤᠯᠤᠭᠰᠠᠨ ᠪᠠᠶᠢᠪᠠᠯ᠂ ᠲᠥᠷᠥᠯ ᠵᠦᠢᠯ ᠪᠠᠶᠢᠭ᠎ᠠ ᠭᠠᠵᠠᠷ ᠤᠨ ᠵᠠᠰᠠᠭ ᠤᠨ ᠣᠷᠳᠣᠨ ᠠᠴᠠ ᠬᠠᠷᠢᠭᠤᠴᠠᠵᠤ ᠨᠡᠭᠡᠭᠡᠨ ᠪᠠᠶᠢᠭᠤᠯᠣᠭᠰᠠᠨ ᠨᠢᠭᠡᠴᠡ ᠶᠢ ᠰᠢᠮᠳᠠᠭᠤᠯᠣᠨ ᠭᠠᠷ ᠭᠦᠢᠴᠡᠳᠬᠡᠯ ᠭᠦᠢᠴᠡᠳᠬᠡᠬᠦ ᠶᠢ ᠨᠢ ᠲᠦᠷᠭᠡᠳᠬᠡᠬᠦ ᠬᠡᠷᠡᠭᠲᠡᠶ᠃ ᠬᠤᠯᠪᠣᠭᠳᠠᠯ ᠪᠦᠬᠦᠢ ᠲᠣᠭᠲᠠᠭᠠᠯᠲᠣ ᠰᠦᠢᠳᠬᠡᠯ ᠢᠶᠠᠨ ᠵᠣᠷᠢᠭᠤᠳᠠ ᠦᠷᠢᠲᠦᠨ ᠣᠳᠠᠭᠠᠰᠢᠷᠠᠭᠤᠯᠣᠭᠰᠠᠨ ᠨᠡᠭᠡᠭᠡᠨ ᠪᠠᠶᠢᠭᠤᠯᠣᠭᠰᠠᠨ ᠨᠢᠭᠡᠴᠡ ᠶᠢ ᠢᠲᠡᠭᠡᠯ ᠠᠯᠳᠠᠭᠰᠠᠨ ᠬᠠᠷ᠎ᠠ ᠲᠠᠩᠰᠠᠨ  ᠳᠤ ᠣᠷᠣᠭᠤᠯᠵᠤ᠂ ᠲᠡᠭᠦᠨ ᠤ ᠬᠥᠬᠡᠬᠤᠲᠠ ᠶᠢᠨ ᠬᠡᠪᠴᠢᠶᠡᠨ ᠳᠤ ᠨᠡᠭᠡᠭᠡᠨ ᠪᠠᠶᠢᠭᠤᠯᠣᠭᠰᠠᠨ ᠡᠵᠡᠩᠨᠡᠯᠲᠡ ᠶᠢᠨ ᠠᠵᠢᠯᠯᠠᠭ᠎ᠠ ᠶᠢ ᠬᠠᠤᠯᠢ ᠶᠣᠰᠣᠭᠠᠷ ᠬᠢᠵᠠᠭᠠᠷᠯᠠᠵᠤ᠂ ᠬᠠᠤᠯᠢ ᠴᠠᠭᠠᠵᠠ ᠶᠢᠨ ᠶᠠᠪᠣᠴᠠ ᠶᠢ ᠨᠢᠭᠡᠨᠲᠡ ᠭᠦᠢᠴᠡᠳᠬᠡᠭᠡᠳ ᠮᠥᠨ ᠯᠡ ᠲᠤᠰᠢᠶᠠᠬᠤ ᠤᠢᠭᠡᠢ ᠪᠠᠶᠢᠪᠠᠯ᠂ ᠠᠷᠠᠳ ᠤᠨ ᠰᠢᠭᠦᠬᠦ ᠬᠤᠷᠢᠶ᠎ᠠ ᠠᠴᠠ ᠨᠡᠭᠡᠭᠡᠨ ᠪᠠᠶᠢᠭᠤᠯᠣᠭᠰᠠᠨ ᠨᠢᠭᠡᠴᠡ ᠶᠢᠨ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠵᠢᠴᠢ ᠬᠠᠷᠢᠭᠤᠴᠠᠯᠭᠠᠲᠠᠨ ᠢ ᠢᠲᠡᠭᠡᠯ ᠠᠯᠳᠠᠭᠰᠠᠳ ᠤᠨ ᠨᠡᠷᠡᠰ ᠲᠤ ᠣᠷᠣᠭᠤᠯᠵᠤ᠂ ᠢᠲᠡᠭᠡᠮᠵᠢ ᠶᠢᠨ ᠵᠠᠯᠬᠠᠭᠠᠯ ᠥᠭᠭᠦᠨ᠎ᠡ᠃ ᠬᠠᠤᠯᠢ ᠶᠢ ᠵᠥᠷᠢᠴᠡᠭᠰᠡᠨ ᠰᠡᠵᠢᠭᠯᠡᠯᠲᠡᠶ ᠪᠠᠶᠢᠪᠠᠯ ᠂ ᠬᠠᠤᠯᠢ ᠶᠣᠰᠣᠭᠠᠷ ᠬᠠᠤᠯᠢ ᠶᠢᠨ ᠬᠠᠷᠢᠭᠤᠴᠠᠯᠭ᠎ᠠ ᠨᠡᠬᠡᠮᠵᠢᠯᠡᠨ᠎ᠡ᠃      ᠶᠢᠰᠦ᠂ ᠲᠤᠰ ᠰᠠᠨᠠᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ ᠬᠡᠷᠡᠭᠵᠢᠭᠦᠯᠵᠦ᠂ ᠨᠢᠭᠡᠨᠲᠡ ᠲᠣᠭᠲᠠᠭᠠᠭᠰᠠᠨ ᠲᠣᠭᠲᠠᠭᠠᠯ ᠲᠤᠰ ᠰᠠᠨᠠᠯ ᠲᠠᠢ ᠨᠢᠭᠡᠳᠦᠯ ᠦᠭᠡᠢ ᠪᠠᠶᠢᠪᠠᠯ᠂ ᠲᠤᠰ ᠰᠠᠨᠠᠯ ᠤᠨ ᠶᠣᠰᠣᠭᠠᠷ ᠬᠡᠷᠡᠭᠵᠢᠭᠦᠯᠦᠨ᠎ᠡ᠂ ᠳᠦᠷᠢᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠨᠢᠭᠡᠲᠦᠯᠲᠡᠢ ᠳ᠋ᠤᠭᠠᠷ ᠨᠢ᠄ ZG —2018 —13᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号