ᠮᠠᠨ ᠤ ᠬᠤᠲᠠ ﹇ᠭᠡᠷᠡᠯᠲᠤ ᠢᠨᠵᠧᠨᠧᠷᠢᠩ﹈ ᠵᠢᠴᠢ ﹇ᠣᠶᠤᠨᠴᠢ ᠳᠣᠲᠣᠭᠠᠳᠤ ᠶᠢ ᠬᠠᠮᠠᠭᠠᠯᠠᠬᠤ﹈ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠠᠬᠤᠢ ᠲᠠᠯᠠᠪᠠᠢ ᠶᠢᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2018-07-18
     ᠥᠴᠥᠭᠡᠳᠦᠷ᠂ ᠮᠠᠨ ᠤ ᠬᠤᠲᠠ ﹇ᠭᠡᠷᠡᠯᠲᠤ ᠢᠨᠵᠧᠨᠧᠷᠢᠩ﹈ ᠵᠢᠴᠢ ﹇ᠣᠶᠤᠨᠴᠢ ᠳᠣᠲᠣᠭᠠᠳᠤ ᠶᠢ ᠬᠠᠮᠠᠭᠠᠯᠠᠬᠤ﹈ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠠᠬᠤᠢ ᠲᠠᠯᠠᠪᠠᠢ ᠶᠢᠨ ᠬᠤᠷᠠᠯ ᠢ ᠬᠤᠷᠠᠯᠳᠤᠭᠤᠯᠪᠠ᠃ ᠬᠤᠷᠠᠯ ᠠᠴᠠ ᠲᠥᠪ ᠤᠨ ᠤᠯᠤᠰ ᠲᠥᠷᠥ ᠬᠠᠤᠯᠢ ᠴᠠᠭᠠᠵᠠ ᠶᠢᠨ ᠵᠥᠪᠯᠡᠯ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠪᠣᠯᠣᠨ ᠳᠣᠲᠣᠭᠠᠳᠤ ᠶᠢ ᠬᠠᠮᠠᠭᠠᠯᠠᠬᠤ ᠶᠠᠮᠤᠨ ᠤ ﹇ᠭᠡᠷᠡᠯᠲᠤ ᠢᠨᠵᠧᠨᠧᠷᠢᠩ﹈ ᠵᠢᠱᠢᠶ᠎ᠡ ᠦᠵᠡᠭᠦᠯᠬᠦ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠳᠤᠮᠳᠠ ᠬᠤᠭᠤᠴᠠᠭᠠᠨ ᠤ ᠪᠠᠶᠢᠴᠠᠭᠠᠯᠲᠠ ᠶᠢᠨ ᠪᠠᠶᠢᠳᠠᠯ ᠤᠨ ᠲᠤᠬᠠᠢ ᠮᠡᠳᠡᠭᠡᠯᠡᠯ ᠤᠨ ᠵᠣᠷᠢᠭ ᠰᠠᠨᠠᠭ᠎ᠠ ᠶᠢ  ᠳᠠᠮᠵᠢᠭᠠᠤᠯᠬᠤ ᠶᠢᠨ ᠬᠠᠮᠲᠤ ᠮᠠᠨ ᠤ ᠬᠤᠲᠠ ᠶᠢᠨ﹇ᠭᠡᠷᠡᠯᠲᠤ ᠢᠨᠵᠧᠨᠧᠷᠢᠩ﹈ ᠪᠣᠯᠣᠨ ﹇ᠣᠶᠤᠨᠴᠢ ᠳᠣᠲᠣᠭᠠᠳᠤ ᠶᠢ ᠬᠠᠮᠠᠭᠠᠯᠠᠬᠤ﹈ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠮᠡᠳᠡᠭᠡᠯᠡᠭᠰᠡᠨ ᠪᠠᠶᠢᠨ᠎ᠠ᠃            ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠥᠵᠢ᠂ ᠤᠯᠤᠰ ᠲᠥᠷᠥ ᠬᠠᠤᠯᠢ ᠴᠠᠭᠠᠵᠠ ᠶᠢᠨ ᠵᠥᠪᠯᠡᠯ ᠤᠨ ᠱᠥᠵᠢ ᠸᠠᠩ ᠾᠧᠩ ᠵᠢᠶᠦ᠋ᠨ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠲᠠ ᠶᠢᠨ ᠳᠡᠳ᠋ ᠳᠠᠷᠤᠭ᠎ᠠ᠂ ᠬᠤᠲᠠ  ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠲᠣᠪᠴᠢᠶᠠᠨ ᠳᠠᠷᠤᠭ᠎ᠠ ᠯᠢ ᡁᠢ ᠪᠢᠨ ᠬᠤᠷᠠᠯ ᠡᠷᠬᠢᠯᠡᠪᠡ᠃      ᠣᠶᠢᠯᠭᠠᠭᠰᠠᠨ ᠢᠶᠠᠷ᠂ ᠣᠳᠤᠬᠠᠨ ᠪᠤᠯᠲᠠᠯ᠎ᠠ᠂ ᠮᠠᠨ ᠤ ᠬᠤᠲᠠ 25871 ᠣᠷᠤᠨ ᠪᠠᠶᠢᠷᠢ ᠳᠤ ᠬᠠᠷᠠᠭᠠᠨ ᠳᠠᠪᠲᠠᠮᠵᠢ ᠶᠢᠨ ᠬᠢᠨᠠᠨ ᠡᠵᠡᠮᠳᠡᠬᠦ ᠴᠡᠭ ᠶᠢ ᠰᠢᠨ᠎ᠡ ᠪᠠᠷ ᠪᠠᠶᠢᠭᠤᠯᠬᠤ ᠶᠢ  ᠪᠡᠶᠡᠯᠡᠭᠦᠯᠵᠤ᠂ ᠡᠯ᠎ᠡ ᠲᠦᠷᠦᠯ ᠤᠨ ᠬᠠᠷᠠᠭᠠᠨ ᠳᠠᠪᠲᠠᠮᠵᠢ ᠶᠢᠨ ᠬᠢᠨᠠᠨ ᠡᠵᠡᠮᠳᠡᠭᠦᠷ ᠢ 40021 ᠰᠠᠤᠷᠢ ᠲᠣᠬᠢᠷᠠᠭᠤᠯᠵᠤ᠂ ᠬᠤᠶᠠᠳᠤᠭᠠᠷ᠂ ᠭᠤᠷᠪᠠᠳᠤᠭᠠᠷ ᠲᠥᠷᠦᠯ ᠤᠨ ᠬᠠᠷᠠᠭᠠᠨ ᠳᠠᠪᠲᠠᠮᠵᠢ ᠶᠢᠨ ᠡᠬᠢ ᠪᠠᠶᠠᠯᠢᠭ ᠢ 49000 ᠭᠠᠷᠤᠢ ᠬᠡᠯᠬᠢᠶ᠎ᠡ ᠨᠡᠶᠢᠯᠡᠭᠦᠯᠵᠤ᠂ ᠪᠥᠬᠦ ᠬᠤᠲᠠ ᠶᠢᠨ ᠬᠠᠷᠠᠭᠠᠨ ᠳᠠᠪᠲᠠᠮᠵᠢ ᠶᠢᠨ ᠬᠢᠨᠠᠨ ᠡᠵᠡᠮᠳᠡᠭᠦᠷ ᠤᠨ ᠠᠩᠬᠠᠨ ᠤ ᠬᠦᠷᠢᠶ᠎ᠡ ᠬᠡᠪᠴᠢᠶ᠎ᠡ᠂ ᠬᠠᠷᠠᠭᠠᠨ ᠳᠠᠪᠲᠠᠮᠵᠢ ᠶᠢᠨ ᠬᠢᠨᠠᠨ ᠡᠵᠡᠮᠳᠡᠭᠦᠷ ᠤᠨ ᠨᠢᠭᠲᠠᠴᠠ ᠵᠢᠴᠢ ᠴᠢᠨᠠᠷᠴᠠ ᠶᠢᠨ ᠬᠡᠮᠵᠢᠶ᠎ᠡ  ᠬᠥᠭᠵᠢᠭᠰᠡᠨ ᠭᠠᠵᠠᠷ ᠣᠷᠤᠨ ᠤ ᠬᠢᠷᠢ ᠲᠥᠪᠰᠢᠨ ᠳᠤ ᠬᠦᠷᠪᠡ᠃ ﹇ᠣᠶᠤᠨᠴᠢ ᠲᠣᠲᠤᠭᠠᠳᠤ ᠶᠢ ᠬᠠᠮᠠᠭᠠᠯᠠᠬᠤ﹈ ᠶᠢ ᠪᠥᠲᠦᠭᠡᠨ ᠪᠠᠶᠢᠭᠤᠯᠬᠤ ᠲᠠᠯ᠎ᠠ ᠪᠠᠷ ᠲᠣᠮᠤ ᠳ᠋ᠠᠶᠢᠲ᠋ᠠ ᠵᠢᠨ‌‍ᠰᠢᠨ᠎ᠡ ᠶᠢ ᠡᠭᠦᠳᠬᠦ ᠳᠤ ᠬᠡᠷᠡᠭᠯᠡᠬᠦ ᠪᠠᠷ ᠠᠴᠢᠶᠠᠯᠠᠭᠴᠢ ᠪᠤᠯᠭᠠᠵᠤ﹇ᠪᠥᠬᠦ ᠤᠯᠤᠰ ᠤᠨ ᠲᠡᠷᠢᠭᠦᠨ ᠳᠤ᠂ ᠪᠥᠬᠦ ᠣᠷᠤᠨ ᠤ ᠲᠦᠷᠦᠭᠦᠨ ᠳᠤ﹈ ᠣᠷᠤᠬᠤ ᠶᠢ ᠵᠣᠷᠢᠵᠤ᠂ ᠪᠥᠬᠦ ᠤᠯᠤᠰ ᠤᠨ ᠣᠷᠤᠶᠢᠯᠠᠭᠰᠠᠨ ᠡᠭᠦᠯᠡᠨ ᠪᠣᠳᠤᠯᠲᠠ ᠪᠠ ᠲᠤᠮᠤ ᠳ᠋ᠠᠶᠢᠲ᠋ᠠ ᠶᠢᠨ ᠮᠡᠷᠭᠡᠵᠢᠯ ᠤᠨ ᠪᠥᠯᠬᠦᠮ ᠲᠠᠢ ᠬᠠᠮᠳᠤᠷᠠᠵᠤ᠂ ᠪᠥᠬᠦ ᠲᠠᠯ᠎ᠠ ᠪᠠᠷ ᠲᠥᠯᠦᠪᠯᠡᠬᠦ᠂ ᠳᠡᠭᠡᠳᠤ ᠳᠡᠰ ᠤᠨ ᠵᠢᠷᠤᠭ ᠲᠥᠯᠦᠪᠯᠡᠭᠡ᠂ ᠬᠠᠮᠲᠤ ᠪᠠᠷ ᠠᠬᠢᠭᠤᠯᠬᠤ ᠪᠠᠷ ᠳᠠᠮᠵᠢᠭᠠᠳ ᠨᠢᠭᠡ ᠪᠥᠯᠦᠭ ﹇ᠬᠥᠮᠦᠨ᠂ ᠲᠡᠷᠭᠡ᠂ ᠴᠠᠬᠢᠯᠭᠠᠨ᠂ ᠰᠦᠯᠵᠢᠶ᠎ᠡ᠂ ᠲᠦᠷᠰᠦ﹈ ᠵᠢᠨ‌ᠣᠯᠠᠨ ᠬᠡᠮᠵᠢᠯᠲᠤ ᠮᠡᠳᠡᠷᠡᠬᠦᠢ᠂ ᠪᠥᠬᠦ ᠬᠡᠮᠵᠢᠶ᠎ᠡ ᠪᠠᠷ ᠴᠤᠭᠯᠠᠭᠤᠯᠤᠭᠰᠠᠨ᠂ ᠡᠮᠬᠢᠯᠡᠨ ᠨᠡᠶᠢᠯᠡᠭᠦᠯᠵᠤ ᠬᠠᠮᠲᠤ ᠪᠠᠷ ᠡᠳ᠋ᠯᠡᠭᠰᠡᠨ ᠲᠣᠮᠤ ᠳ᠋ᠠᠶᠢᠲ᠋ᠠ ᠶᠢᠨ ᠪᠤᠳᠠᠳᠤ  ᠪᠠᠶᠢᠯᠳᠤᠭᠠᠨ ᠤ ᠭᠤᠣᠯᠯᠠᠭᠴᠢ ᠢᠨᠵᠧᠨᠧᠷᠢᠩ ᠢ ᠪᠦᠲᠦᠭᠡᠨ ᠪᠠᠶᠢᠭᠤᠯᠵᠤ ᠬᠡᠷᠡᠭᠵᠢᠭᠦᠯᠦᠭᠰᠡᠨ ᠪᠠᠶᠢᠨ᠎ᠠ᠃      
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号