ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠬᠤᠯᠪᠣᠭᠳᠠᠯ ᠪᠦᠬᠦᠢ ᠬᠠᠷᠠᠭᠠᠯᠵᠠᠯ ᠳᠤ ᠲᠣᠬᠢᠷᠠᠭᠤᠯᠤᠯᠲᠠ ᠬᠢᠬᠦ ᠲᠤᠬᠠᠶ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2018-07-18
               ᠬᠥᠬᠡᠬᠤᠲᠠ ᠵᠠᠰᠠᠭ ᠠᠯᠪᠠᠨ ᠲᠠᠷᠬᠠᠭᠠᠭᠰᠠᠨ ﹇2018﹈ 22 ᠳ᠋ᠤᠭᠠᠷ ᠲᠣᠭᠠᠲᠤ      ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠄      ᠬᠤᠳᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠬᠤᠯᠪᠣᠭᠳᠠᠯ ᠪᠦᠬᠦᠢ ᠬᠠᠷᠠᠭᠠᠯᠵᠠᠯ ᠢ ᠲᠣᠬᠢᠷᠠᠭᠤᠯᠬᠤ ᠲᠤᠬᠠᠢ ᠤᠴᠢᠷ ᠤᠳ ᠢ ᠳᠣᠣᠷᠠᠬᠢ ᠮᠡᠲᠦ ᠮᠡᠳᠡᠭᠳᠡᠶ᠎ᠡ᠄      ᠨᠢᠭᠡ᠂ ᠰᠢᠨ᠎ᠡ ᠬᠡᠷᠡᠬᠦ ᠡᠪᠡᠳᠴᠢᠨ᠂ ᠰᠦᠷᠢᠶ᠎ᠡ ᠡᠪᠡᠳᠴᠢᠨ ᠢ ᠰᠦᠢᠳᠬᠡᠯ ᠬᠤᠷᠢᠶᠠᠬᠤ ᠦᠭᠡᠶ ᠪᠠᠷ ᠡᠮᠴᠢᠯᠡᠵᠦ ᠂ ᠡᠮᠨᠡᠯᠭᠡ ᠶᠢᠨ ᠵᠠᠷᠤᠳᠠᠯ ᠢ ᠤᠷᠢᠳᠠᠪᠠᠷ ᠬᠤᠳᠠ ᠬᠥᠳᠡᠭᠡ ᠶᠢᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠲᠣᠭᠲᠠᠭᠠᠯ ᠶᠣᠰᠣᠭᠠᠷ ᠳᠠᠩᠰᠠ ᠳᠡᠶᠢᠯᠵᠦ᠂ ᠬᠤᠪᠢ ᠬᠥᠮᠦᠨ ᠤ ᠡᠭᠦᠷᠭᠡᠯᠡᠬᠦ ᠵᠠᠷᠤᠳᠠᠯ ᠢ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠵᠠᠷᠤᠳᠠᠯ ᠠᠴᠠ ᠡᠭᠦᠷᠭᠡᠯᠡᠨ᠎ᠡ᠃      ᠬᠤᠶᠠᠷ᠂ ᠳᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯ ᠲᠠᠢ ᠬᠥᠮᠦᠨ ᠠᠮᠠ ᠶᠢᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠡᠮᠨᠡᠯᠭᠡ ᠳᠤ ᠰᠠᠭᠤᠬᠤ ᠡᠬᠢᠯᠡᠵᠦ ᠥᠭᠬᠦ ᠱᠤᠭᠤᠮ ᠢ 50% ᠪᠠᠷ ᠪᠠᠭᠤᠷᠠᠭᠤᠯᠵᠤ᠂ ᠣᠨ ᠤ ᠳᠣᠲᠣᠷ᠎ᠠ ᠠᠳᠠᠯᠢ ᠱᠠᠲᠤᠨ ᠤ ᠡᠮᠴᠢᠯᠡᠭᠡᠨ ᠤ ᠪᠠᠶᠢᠭᠤᠯᠤᠮᠵᠢ ᠳᠤ ᠳᠠᠬᠢᠨᠲᠠ ᠡᠮᠨᠡᠯᠭᠡ ᠳᠤ ᠰᠠᠭᠤᠭᠰᠠᠨ ᠪᠠᠶᠢᠪᠠᠯ ᠡᠬᠢᠯᠡᠵᠦ ᠥᠭᠬᠦ ᠱᠤᠭᠤᠮ ᠢ ᠬᠦᠴᠦᠨ ᠦᠭᠡᠢ ᠪᠣᠯᠭᠠᠨ᠎ᠠ︔ ᠳᠠᠩᠰᠠ ᠲᠠᠶᠢᠯᠬᠤ ᠬᠠᠷᠢᠴᠠᠯ ᠢ ᠨᠢ ᠣᠨᠢᠨ ᠳᠡᠭᠡᠷ᠎ᠡ ᠨᠢ ᠶᠠᠳᠠᠭᠤ ᠶᠢ ᠲᠡᠳᠬᠦᠬᠦ ᠪᠤᠰᠤ ᠬᠥᠮᠥᠰ ᠤᠨ ᠰᠦᠢᠳᠬᠡᠯ ᠥᠭᠬᠦ ᠪᠠᠷᠢᠮᠵᠢᠶ᠎ᠠ ᠶᠢᠨ ᠰᠠᠭᠤᠷᠢᠨ ᠳᠡᠭᠡᠷ᠎ᠡ ᠠᠴᠠ 10% ᠪᠠᠷ ᠳᠡᠭᠡᠭᠰᠢᠯᠡᠭᠦᠯᠦᠨ᠎ᠡ᠃ ᠬᠤᠶᠠᠳᠤᠭᠠᠷ ᠳᠡᠰ ᠠᠴᠠ ᠳᠡᠭᠡᠭᠰᠢᠬᠢ ᠡᠮᠴᠢᠯᠡᠭᠡᠨ ᠤ ᠪᠠᠶᠢᠭᠤᠯᠤᠮᠵᠢ ᠶᠢᠨ ᠳᠠᠩᠰᠠ ᠲᠠᠶᠢᠯᠬᠤ ᠬᠠᠷᠢᠴᠠᠯ ᠨᠢ 90% ᠳᠤ ᠬᠦᠷᠦᠭᠰᠡᠨ ᠪᠠᠶᠢᠪᠠᠯ ᠲᠠᠬᠢᠵᠤ ᠳᠡᠭᠡᠭᠰᠢᠯᠡᠭᠦᠯᠬᠦ ᠦᠭᠡᠢ︔ ᠨᠢᠭᠡᠳᠦᠭᠡᠷ ᠳᠡᠰ ᠤᠨ ᠡᠮᠴᠢᠯᠡᠭᠡᠨ ᠤ ᠪᠠᠶᠢᠭᠤᠯᠤᠮᠵᠢ ᠶᠢᠨ ᠳᠠᠩᠰᠠ ᠲᠠᠶᠢᠯᠬᠤ ᠬᠠᠷᠢᠴᠠᠯ ᠨᠢ 95% ᠳᠤ ᠬᠦᠷᠦᠭᠰᠡᠨ ᠪᠠᠶᠢᠪᠠᠯ ᠲᠠᠬᠢᠵᠤ ᠳᠡᠭᠡᠭᠰᠢᠯᠡᠭᠦᠯᠬᠦ ᠦᠭᠡᠢ᠃      ᠭᠤᠷᠪᠠ᠂ ᠳᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯ ᠲᠠᠢ ᠬᠥᠮᠦᠨ ᠠᠮᠠ ᠨᠢ ᠡᠭᠦᠳᠡᠨ ᠡᠮᠨᠡᠯᠭᠡ ᠶᠢᠨ ᠣᠨᠴᠠᠭᠠᠶ ᠤᠳᠠᠭᠠᠨ ᠴᠢᠨᠠᠷᠲᠠᠶ ᠡᠪᠡᠳᠴᠢᠨ ᠢᠶᠠᠷ ᠮᠠᠭᠠᠳᠯᠠᠨ ᠲᠣᠭᠲᠠᠭᠠᠭᠳᠠᠭᠰᠠᠨ ᠪᠠᠶᠢᠪᠠᠯ᠂ ᠡᠭᠦᠳᠡᠨ ᠡᠮᠨᠡᠯᠭᠡ ᠶᠢᠨ ᠡᠮ ᠡᠮᠨᠡᠯᠭᠡ ᠶᠢᠨ ᠵᠠᠷᠤᠳᠠᠯ ᠤᠨ ᠳᠠᠩᠰᠠ ᠲᠠᠶᠢᠯᠬᠤ ᠬᠠᠷᠢᠴᠠᠯ ᠢ ᠤᠤᠯ ᠤᠨ ᠪᠠᠷᠢᠮᠵᠢᠶᠠᠨ ᠤ ᠰᠠᠭᠤᠷᠢᠨ ᠳᠡᠭᠡᠷ᠎ᠡ 15% ᠪᠠᠷ ᠳᠡᠭᠡᠭᠰᠢᠯᠡᠭᠦᠯᠦᠨ᠎ᠡ᠃ ᠣᠨᠢᠨ ᠳᠡᠭᠡᠷ᠎ᠡ ᠨᠢ ᠶᠠᠳᠠᠭᠤ ᠶᠢ ᠲᠡᠳᠬᠦᠬᠦ ᠬᠥᠮᠥᠰ ᠴᠢᠭ᠋ ᠲᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢ ᠥᠪᠡᠷ ᠢᠶᠠᠨ ᠰᠣᠩᠭᠤᠵᠤ ᠡᠪᠡᠳᠴᠢᠨ ᠢᠶᠠᠨ ᠵᠠᠰᠠᠭᠤᠯᠵᠤ ᠪᠣᠯᠣᠨ᠎ᠠ᠃       ᠲᠦᠷᠪᠡ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠬᠦᠨᠳᠦ ᠡᠪᠡᠳᠴᠢᠨ ᠤ ᠨᠦᠬᠦᠪᠦᠷᠢ ᠳᠠᠭᠠᠳᠬᠠᠯ ᠤᠨ ᠪᠡᠯᠡ ᠮᠥᠩᠭᠦ ᠴᠤᠭᠯᠠᠭᠤᠯᠬᠤ ᠪᠠᠷᠢᠮᠵᠢᠶ᠎ᠠ ᠶᠢ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠴᠠ ᠲᠣᠭᠲᠠᠭᠠᠵᠤ᠂ ᠰᠠᠭᠤᠷᠢ ᠮᠥᠩᠭᠦᠨ ᠤ ᠠᠵᠢᠯᠯᠠᠭᠠᠨ ᠤ ᠪᠠᠶᠢᠳᠠᠯ ᠢ ᠦᠨᠳᠦᠰᠦᠯᠡᠨ ᠴᠠᠭ ᠲᠤᠬᠠᠶ ᠳᠤᠨᠢ ᠲᠣᠬᠢᠷᠠᠭᠤᠯᠤᠯᠲᠠ ᠬᠢᠨ᠎ᠡ᠃ ᠬᠡᠷᠡᠭᠰᠡᠬᠦ ᠰᠠᠭᠤᠷᠢ ᠮᠥᠩᠭᠦ ᠶᠢ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠦᠨᠳᠦᠰᠦᠨ ᠳᠠᠭᠠᠳᠬᠠᠯ ᠤᠨ ᠨᠢᠭᠡᠳᠦᠯᠲᠡᠶ ᠲᠥᠯᠥᠪᠯᠡᠬᠦ ᠰᠠᠭᠤᠷᠢ ᠮᠥᠩᠭᠦ ᠠᠴᠠ ᠰᠢᠯᠵᠢᠭᠦᠯᠦᠨ ᠥᠭᠴᠦ᠂ ᠰᠠᠭᠤᠭᠠᠯᠢ ᠠᠷᠠᠳ ᠤᠨ ᠬᠤᠪᠢ ᠬᠥᠮᠦᠨ ᠠᠴᠠ ᠳᠠᠬᠢᠵᠤ ᠰᠦᠢᠳᠬᠡᠯ ᠲᠤᠰᠢᠶᠠᠬᠤ ᠬᠡᠷᠡᠭ ᠦᠭᠡᠢ᠃      ᠲᠠᠪᠤ᠂ ᠬᠤᠳᠠ ᠶᠢᠨ ᠬᠥᠳᠡᠭᠡ ᠠᠵᠤ ᠠᠬᠤᠶ ᠶᠢᠨ ᠵᠥᠪᠯᠡᠯ ᠤᠨ 2018 ᠣᠨ ᠤ 1 ᠳ᠋ᠦ᠋ᠭᠡᠷ ᠰᠠᠷ᠎ᠠ ᠶᠢᠨ 10 ᠤ ᠡᠳᠦᠷ ᠲᠤ ᠳᠠᠷᠤᠮᠠᠯᠯᠠᠨ ᠲᠠᠷᠬᠠᠭᠠᠭᠰᠠᠨ ︽ᠪᠥᠬᠦ ᠬᠤᠲᠠ ᠶᠢᠨ ᠳᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠲᠡᠶ ᠬᠥᠮᠦᠨ ᠠᠮᠠ ︵ᠶᠠᠳᠠᠭᠤ ᠶᠢ ᠲᠡᠳᠬᠦᠬᠦ ᠲᠦᠷᠦ ᠶᠢᠨ ᠪᠤᠳᠤᠯᠭ᠎ᠠ ᠶᠢ ᠬᠦᠷᠲᠡᠬᠦ︶ ᠶᠢᠨ ᠬᠤᠯᠪᠣᠭᠳᠠᠯ ᠪᠦᠬᠦᠢ ᠪᠠᠶᠢᠳᠠᠯ ᠤᠨ ᠲᠤᠬᠠᠶ ᠲᠣᠳᠣᠷᠬᠠᠶᠢᠯᠠᠯᠲᠠ︾ ︵ ﹇2018﹈ — 4︶ ᠳᠤ ᠲᠣᠭᠲᠠᠭᠰᠠᠨ ᠳᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯ ᠲᠠᠢ 38491 ᠬᠥᠮᠦᠨ ᠠᠮᠠ ᠶᠢ ᠪᠥᠬᠦᠨ ᠢ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠶᠡᠭᠡ ᠡᠪᠡᠳᠴᠢᠨ ᠤ ᠨᠥᠬᠦᠪᠥᠷᠢ ᠳᠠᠭᠠᠳᠬᠠᠯ ᠤᠨ ᠪᠠᠲᠤᠯᠠᠭ᠎ᠠ ᠶᠢᠨ ᠲᠦᠷᠦ ᠶᠢᠨ ᠪᠤᠳᠤᠯᠭ᠎ᠠ ᠶᠢᠨ ᠲᠤᠬᠢᠷᠠᠭᠤᠯᠤᠯᠳᠠ ᠶᠢᠨ ᠬᠡᠪᠴᠢᠶ᠎ᠡ ᠳᠤ ᠣᠷᠣᠭᠤᠯᠤᠨ᠎ᠠ᠃ ᠡᠭᠦᠨ ᠤ ᠬᠤᠶᠢᠰᠢᠳᠠ ᠣᠨ ᠤ ᠶᠡᠭᠡ ᠡᠪᠡᠳᠴᠢᠨ ᠤ ᠨᠥᠬᠦᠪᠥᠷᠢ ᠳᠠᠭᠠᠳᠬᠠᠯ ᠤᠨ ᠪᠠᠲᠤᠯᠠᠭ᠎ᠠ ᠶᠢᠨ ᠬᠡᠪᠴᠢᠶ᠎ᠡ ᠶᠢ ᠮᠥᠨ ᠬᠦ ᠬᠤᠲᠠ ᠶᠢᠨ ᠬᠥᠳᠡᠭᠡ ᠠᠵᠤ ᠠᠬᠤᠶ ᠶᠢᠨ ᠵᠥᠪᠯᠡᠯ ᠤᠨ ᠲᠤᠬᠠᠶ ᠶᠢᠨ ᠵᠢᠯ ᠤᠨ ᠳᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠲᠤᠭ᠎ᠠ ᠪᠠᠷᠢᠮᠲᠠ ᠪᠠᠷ ᠲᠣᠭᠲᠠᠭᠠᠨ᠎ᠠ᠃ ᠲᠤᠰ ᠤᠳᠠᠭᠠᠨ ᠤ ᠲᠤᠬᠢᠷᠠᠭᠤᠯᠤᠯᠳᠡ ᠶᠢᠨ ᠪᠣᠳᠠᠲᠠᠶ ᠲᠦᠷᠦ ᠶᠢᠨ ᠪᠤᠳᠤᠯᠭ᠎ᠠ ᠶᠢ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠴᠠ ᠠᠰ ᠲᠤᠨᠢ ᠲᠣᠭᠲᠠᠭᠠᠨ᠎ᠠ᠃       ᠵᠢᠷᠭᠤᠭ᠎ᠠ᠂ ᠲᠤᠰ ᠮᠡᠳᠡᠭᠳᠡᠯ ᠢ ᠠᠯᠪᠠᠨ ᠪᠢᠴᠢᠭ ᠲᠠᠷᠬᠠᠭᠠᠭᠰᠠᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号