ᠶᠢᠨ ᠴᠦᠨ ᠯᠢᠶᠠᠩ ᠬᠠᠷ᠎ᠠ ᠬᠤᠰᠢᠭᠤ ᠰᠢᠶᠠᠩ ᠤᠨ ᠦᠶᠡᠷ ᠤᠰᠠᠳᠤᠯ ᠤᠨ ᠪᠠᠶᠢᠳᠠᠯ ᠢ ᠪᠠᠶᠢᠴᠠᠭᠠᠨ ᠦᠵᠡᠪᠡ
ᠨᠡᠶᠢᠲᠡᠯᠡᠭᠰᠡᠨ ᠴᠠᠭ᠄
2018-07-19
     ᠣᠶᠢᠷ᠎ᠠ ᠶᠢᠨ ᠡᠳᠤᠷ ᠮᠠᠨ ᠤ ᠰᠢᠶᠠᠨ ᠤ ᠪᠣᠷᠤᠭᠠᠨ ᠨᠡᠮᠡᠭᠳᠡᠵᠤ᠂ ᠵᠠᠷᠢᠮ ᠬᠡᠰᠡᠭ ᠠᠭᠤᠯᠠᠨ ᠣᠷᠤᠨ ᠳᠤ ᠦᠶᠡᠷ ᠢᠷᠡᠵᠤ᠂ ᠣᠰᠤᠯᠠᠯᠲᠠ ᠶᠢᠨ ᠲᠠᠷᠢᠶ᠎ᠠ᠂ ᠬᠤᠳᠳᠤᠭ ᠲᠤ ᠬᠤᠬᠢᠷᠠᠯ ᠤᠴᠠᠷᠠᠭᠤᠯᠪᠠ᠃ 7 ᠳ᠋ᠤᠭᠠᠷ ᠰᠠᠷ᠎ᠠ ᠶᠢᠨ16 ᠤ ᠡᠳᠤᠷ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠰᠢᠶᠠᠨ ᠤ ᠳᠠᠷᠤᠭ᠎ᠠ ᠶᠢᠨ ᠴᠦᠨ ᠯᠢᠶᠠᠩ ᠬᠠᠷ᠎ᠠ ᠬᠤᠰᠢᠭᠤ ᠰᠢᠶᠠᠩ ᠳᠤ ᠭᠦᠨᠵᠡᠭᠡᠶᠢᠷᠡᠨ ᠦᠶᠡᠷ ᠤᠰᠠᠳᠤᠯ ᠤᠨ ᠪᠠᠶᠢᠳᠠᠯ ᠢ ᠪᠠᠶᠢᠴᠠᠭᠠᠨ ᠦᠵᠡᠪᠡ᠂ ᠸᠠᠩ ᠶᠤᠸᠡᠢ ᠬᠤᠩ᠂ ᠷᠧᠨ ᠶᠠᠨ ᠰᠢᠶᠠᠩ ᠵᠢᠴᠢ ᠤᠰᠤᠨ ᠤ ᠶᠠᠪᠤᠳᠠᠯ ᠤᠨ ᠲᠣᠪᠴᠢᠶ᠎ᠠ᠂ ᠠᠷᠠᠳ ᠤᠨ ᠶᠠᠪᠤᠳᠠᠯ ᠤᠨ ᠲᠤᠪᠴᠢᠶᠠᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ ᠨᠥᠭᠦᠳ ᠪᠠᠷ᠎ᠠ ᠪᠤᠯᠠᠪᠠ᠃       ᠶᠢᠨ ᠴᠦᠨ ᠯᠢᠶᠠᠩ ᠨᠠᠷ ᠤᠷᠢᠳ ᠬᠤᠵᠢᠳ ᠮᠢᠶᠣᠣ ᠭᠸᠤ ᠲᠤᠰᠬᠤᠨ᠂ ᠬᠠᠶᠢᠯᠠᠰᠤᠲᠠᠢ ᠲᠤᠰᠬᠤᠨ᠂ ᠬᠠᠯᠠᠭᠠᠢ ᠶᠢᠨ ᠲᠣᠬᠤᠢ ᠲᠤᠰᠬᠤᠨ᠂ ᠢᠮᠠᠭᠠᠲᠤ ᠲᠤᠰᠬᠤᠨ ᠤ ᠭᠤᠣᠯ ᠳᠠᠭᠤ ᠶᠢᠨ ᠬᠠᠰᠢᠯᠭ᠎ᠠ ᠶᠢᠨ ᠡᠪᠳᠡᠭᠳᠡᠯ ᠵᠢᠴᠢ ᠦᠶᠡᠷ ᠤᠰᠠᠳᠤᠯ ᠤᠨ ᠭᠠᠮᠰᠢᠭ ᠤᠨ ᠪᠠᠶᠢᠳᠠᠯ ᠢ ᠪᠠᠶᠢᠴᠠᠭᠠᠨ ᠦᠵᠡᠪᠡ᠃ ᠶᠢᠨ ᠴᠦᠨ ᠯᠢᠶᠠᠩ ᠵᠢᠭᠠᠵᠤ ᠭᠠᠷᠭᠠᠭᠰᠠᠨ  ᠨᠢ᠂ ᠬᠠᠷ᠎ᠠ ᠬᠤᠰᠢᠭᠤ ᠰᠢᠶᠠᠩ ᠵᠢᠴᠢ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠬᠢᠨ ᠪᠠᠴᠢᠮ ᠪᠠᠶᠢᠳᠠᠯ ᠢ ᠠᠷᠭᠠᠴᠠᠬᠤ ᠲᠥᠰᠦᠯ ᠢ ᠳᠠᠷᠤᠢ ᠲᠦᠷᠭᠡᠨ ᠬᠡᠷᠡᠭᠵᠢᠭᠦᠯᠵᠤ᠂ ᠠᠷᠠᠳ ᠲᠥᠮᠡᠨ ᠤ ᠠᠮᠢ ᠨᠠᠰᠤ ᠡᠳ᠋ ᠬᠥᠷᠦᠩᠭᠡ ᠶᠢᠨ ᠠᠮᠤᠷ ᠲᠥᠪᠰᠢᠨ ᠢ ᠪᠠᠲᠤᠯᠠᠬᠤ ᠶᠢ ᠲᠡᠷᠢᠭᠦᠨ ᠪᠠᠶᠢᠷᠢᠨ ᠳᠤ ᠲᠠᠯᠪᠢᠵᠤ᠂ ᠭᠤᠣᠯ ᠤᠨ ᠭᠤᠯᠳᠤᠷᠢᠯ ᠢ ᠳᠠᠷᠤᠢ ᠲᠦᠷᠭᠡᠨ ᠯᠠᠶᠢᠳᠠᠵᠤ᠂ ᠴᠠᠭ ᠢ ᠵᠠᠪᠳᠤᠨ ᠭᠤᠣᠯ ᠳᠠᠭᠤ ᠶᠢᠨ ᠡᠪᠳᠡᠭᠳᠡᠭᠰᠡᠨ ᠬᠠᠰᠢᠯᠭ᠎ᠠ ᠶᠢ ᠵᠠᠰᠠᠵᠤ᠂ ᠡᠭᠦᠰᠦᠮᠡᠯ ᠭᠠᠮᠰᠢᠭ ᠡᠭᠦᠰᠬᠦ ᠦᠭᠡᠢ ᠪᠠᠶᠢᠬᠤ ᠶᠢ ᠪᠠᠲᠤᠯᠠᠵᠤ᠂ ᠭᠠᠮᠰᠢᠭ ᠲᠤ ᠤᠴᠠᠷᠠᠭᠰᠠᠨ ᠣᠯᠠᠨ ᠲᠦᠮᠡᠨ ᠤ ᠡᠳ᠋ ᠬᠦᠷᠦᠩᠭᠡ ᠶᠢᠨ ᠬᠤᠬᠢᠷᠠᠯ ᠢ ᠬᠠᠮᠤᠭ ᠪᠠᠭ᠎ᠠ ᠪᠤᠯᠲᠠᠯ᠎ᠠ ᠪᠠᠭᠤᠷᠠᠭᠤᠯᠬᠤ ᠶᠢᠨ ᠬᠠᠮᠲᠤ ᠭᠠᠮᠰᠢᠭ ‍ᠤᠨ‌‍ᠪᠦ᠋ᠷᠢᠳᠬᠡᠨ ᠳᠠᠩᠰᠯᠠᠬᠤ ᠠᠵᠢᠯ ᠢ ᠰᠠᠶᠢᠨ ᠬᠢᠵᠤ᠂ ᠭᠠᠮᠰᠢᠭ ᠲᠤ ᠤᠴᠠᠷᠠᠭᠰᠠᠨ ᠣᠯᠠᠨ ᠲᠥᠮᠡᠨ ᠢ ᠬᠠᠪᠰᠤᠷᠴᠤ ᠬᠦᠴᠢᠷ ᠢ ᠲᠤᠭᠤᠯᠬᠤ ᠬᠡᠷᠡᠭᠲᠠᠢ ᠭᠡᠪᠡ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号