| | | | | | | | | | | | | | | | 2018 ᠣᠨ ᠤ 7 ᠳ᠋ᠤᠭᠠᠷ ᠰᠠᠷ᠎ᠠ ᠶᠢᠨ 10 ᠤ ᠡᠳᠦᠷ ᠠᠴᠠ 13 ᠤ ᠡᠳᠦᠷ ᠪᠣᠯᠲᠠᠯ᠎ᠠ ᠰᠢᠶᠠᠨ ᠤ ᠨᠠᠮ ᠤᠨ | ᠬᠤᠷᠢᠶ᠎ᠠ ᠶᠢᠨ ᠱᠦᠵᠢ ᠶᠦᠨ ᠯᠢᠨ ᠴᠢᠶᠦ᠋ᠩ ᠨᠠᠷ ᠬᠤᠲᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ᠂ ᠬᠤᠷᠢᠨᠭᠡᠷ ᠰᠢᠶᠠᠨ ᠤ ᠨᠠᠮ ᠤᠨ ᠬᠤᠷᠢᠶ᠎ᠠ ᠶᠢᠨ ᠱᠦᠵᠢ ᠸᠠᠩ ᠸᠧᠢ | ᠯᠢᠶᠠᠩ᠂ ᠬᠤᠳᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ | ᠬᠤᠲᠠ ᠶᠢᠨ ᠴᠢᠬᠤᠯᠠ ᠶᠡᠭᠡ ᠲᠥᠷᠥᠯ ᠵᠦᠢᠯ ᠤᠨ ᠠᠯᠪᠠᠨ ᠭᠡᠷ ᠤᠨ ᠡᠷᠬᠢᠯᠡᠭᠴᠢ ᠵᠠᠩ ᠭᠦᠸᠧ ᠫᠢᠩ ᠤᠨ | ᠳᠠᠭᠠᠭᠤᠯᠭ᠎ᠠ ᠳᠣᠣᠷ᠎ᠠ᠂ ᠬᠤᠷᠢᠨᠭᠡᠷ ᠰᠢᠶᠠᠨ ᠤ ᠬᠤᠳᠠᠯᠳᠤᠭᠠᠴᠢᠨ ᠤᠷᠢᠬᠤ ᠰᠢᠨᠵᠢᠯᠡᠨ ᠪᠠᠶᠢᠴᠠᠭᠠᠬᠤ ᠪᠦᠯᠬᠦᠮ ᠲᠠᠢ | ᠬᠠᠮᠲᠤ ᠪᠠᠷ ᠵᠧᠵᠢᠶᠠᠩ ᠮᠤᠵᠢ ᠳᠤ ᠬᠦᠷᠴᠦ ᠬᠤᠳᠠᠯᠳᠤᠭᠠᠴᠢᠨ ᠤᠷᠢᠬᠤ ᠪᠠᠶᠢᠴᠠᠭᠠᠯᠲᠠ ᠶᠢᠨ ᠠᠵᠢᠯᠯᠠᠭ᠎ᠠ ᠢ | ᠥᠷᠨᠢᠭᠦᠯᠪᠡ᠂ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠢᠶᠠᠨ ᠤ ᠨᠠᠮ ᠤᠨ ᠬᠤᠷᠢᠶ᠎ᠠ ᠶᠢᠨ | ᠠᠯᠪᠠᠨ ᠭᠡᠷ ᠤᠨ ᠡᠷᠬᠢᠯᠡᠭᠴᠢ ᠯᠢ ᠯᠢᠦ ᠰᠢᠶᠣᠣ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ | ᠳᠡᠳ᠋ ᠱᠦᠵᠢ᠂ ᠰᠢᠶᠠᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠨᠠᠮ ᠤᠨ ᠠᠵᠢᠯᠯᠠᠬᠤ | ᠬᠤᠷᠢᠶ᠎ᠠ ᠶᠢᠨ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠳ᠋ᠦ᠋ ᠬᠦᠢ ᠵᠦᠩ᠂ ᠵᠠᠰᠠᠭ ᠤᠨ ᠣᠷᠳᠣᠨ ᠤ | ᠳᠡᠳ᠋ ᠳᠠᠷᠤᠭ᠎ᠠ ᠱᠢ ᠶᠦᠩ ᠫᠢᠩ ᠵᠡᠷᠭᠡ ᠪᠠᠶᠢᠴᠠᠭᠠᠯᠲᠠ ᠳᠤ ᠣᠷᠣᠯᠴᠠᠪᠠ᠃ | ᠰᠢᠶᠠᠨ ᠤ ᠨᠠᠮ ᠤᠨ ᠬᠤᠷᠢᠶ᠎ᠠ ᠶᠢᠨ ᠱᠦᠵᠢ ᠶᠦᠨ ᠯᠢᠨ ᠴᠢᠶᠦ᠋ᠩ ᠨᠠᠷ ᠬᠠᠩᠵᠧᠦ ᠶᠢᠨ ᠿᠢ ᠴᠠᠩ ᠱᠧᠩ | ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠶ ᠬᠡᠯᠲᠡᠰ ᠵᠢᠴᠢ ᠺᠣᠮᠫᠠᠨᠢ ᠶᠢᠨ ᠬᠠᠷᠢᠶᠠᠲᠤ ᠹᠦ᠋ ᠶᠠᠩ ᠬᠤᠩ | ᠱᠧᠩ ᠪᠠᠷᠢᠯᠭ᠎ᠠ ᠶᠢᠨ ᠶᠠᠰᠤᠯᠢᠭ ᠮᠠᠲ᠋ᠧᠷᠢᠶᠠᠯ ᠦᠢᠯᠡᠳᠪᠦᠷᠢᠯᠡᠬᠦ᠂ ᠨᠣᠭᠤᠭᠠᠷᠠᠭᠤᠯᠬᠤ ᠰᠠᠭᠤᠷᠢᠨ ᠭᠠᠵᠠᠷ ᠢ | ᠭᠤᠣᠯᠳᠠᠯᠭ᠎ᠠ ᠲᠠᠢ ᠪᠠᠷ ᠪᠠᠶᠢᠴᠠᠭᠠᠨ ᠦᠵᠡᠭᠰᠡᠨ ᠪᠥᠭᠡᠳ ᠡᠮᠦᠨᠡᠬᠢ ᠬᠤᠭᠤᠴᠠᠭᠠᠨ ᠤ ᠠᠵᠤ ᠠᠬᠤᠶᠢᠯᠠᠯ ᠭᠠᠵᠠᠷ | ᠣᠷᠣᠨ ᠬᠤᠶᠠᠷ ᠡᠲᠡᠭᠡᠳ ᠤᠨ ᠭᠦᠢᠴᠡᠳ ᠪᠠᠶᠢᠴᠠᠭᠠᠨ ᠨᠤᠲᠠᠯᠠᠯᠲᠠ᠂ ᠨᠡᠪᠲᠡᠷᠡᠯᠴᠡᠨ ᠵᠥᠪᠳᠡᠯᠴᠡᠭᠰᠡᠨ ᠰᠠᠭᠤᠷᠢᠨ | ᠳᠡᠭᠡᠷ᠎ᠡ᠂ ᠿᠢ ᠴᠠᠩ ᠱᠧᠩ ᠪᠦᠯᠦᠭᠯᠡᠯ ᠯᠤᠭ᠎ᠠ ᠵᠢᠩᠬᠢᠨᠢ ᠪᠠᠷ ᠬᠠᠮᠵᠢᠯᠴᠠᠭ᠎ᠠ ᠶᠢᠨ ᠰᠠᠨᠠᠮᠵᠢ ᠪᠠᠨ ᠲᠣᠬᠢᠷᠠᠯᠴᠠᠭᠰᠠᠨ ᠤ | ᠬᠠᠮᠲᠤ ᠲᠤᠰ ᠺᠤᠮᠫᠠᠨᠢ ᠯᠤᠭ᠎ᠠ ᠪᠠᠯᠠ ᠣᠷᠣᠭᠤᠯᠤᠯᠲᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠤ ᠭᠠᠷ ᠤᠨ | ᠦᠰᠦᠭ ᠵᠢᠷᠤᠪᠠ᠃ | ᠡᠭᠦᠨ ᠤ ᠬᠠᠮᠲᠤ᠂ ᠵᠧᠵᠢᠶᠠᠩ ᠮᠤᠵᠢ ᠶᠢᠨ ᠬᠠᠩ ᠰᠢᠶᠤᠤ ᠪᠤᠯᠤᠳ ᠪᠦᠲᠦᠴᠡ ᠪᠦᠯᠦᠭᠯᠡᠯ ᠤᠨ ᠬᠢᠵᠠᠭᠠᠷᠲᠤ | ᠺᠣᠮᠫᠠᠨᠢ ᠪᠣᠯᠤᠨ ᠵᠧᠵᠢᠶᠠᠩ ᠮᠤᠵᠢ ᠶᠢᠨ ᠵᠦ ᠬᠤᠸᠠ ᠬᠠᠶ ᠠᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ | ᠶᠡᠷᠦᠩᠬᠡᠶ ᠬᠡᠯᠲᠡᠰ ᠬᠢᠭᠡᠳ ᠲᠡᠭᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠲᠣᠭᠤᠷᠢᠨ ᠦᠵᠡᠵᠦ ᠰᠢᠨᠵᠢᠯᠡᠨ | ᠪᠠᠶᠢᠴᠠᠭᠠᠪᠠ᠃ ᠰᠢᠨᠵᠢᠯᠡᠨ ᠪᠠᠶᠢᠴᠠᠭᠠᠬᠤ ᠬᠤᠭᠤᠴᠠᠭᠠᠨ ᠳᠤ᠂ ᠶᠦᠨ ᠯᠢᠨ ᠴᠢᠶᠦ᠋ᠩ ᠱᠦᠵᠢ ᠣᠴᠢᠭᠰᠠᠨ ᠭᠠᠵᠠᠷ | ᠪᠣᠯᠭᠠᠨ ᠤ ᠠᠵᠤ ᠠᠬᠤᠶᠢᠯᠠᠯ ᠤᠨ ᠡᠵᠡᠩᠨᠡᠯᠲᠡ ᠶᠢᠨ ᠣᠳᠣᠬᠢ ᠪᠠᠶᠢᠳᠠᠯ᠂ ᠲᠤᠬᠠᠶᠢᠯᠠᠭᠰᠠᠨ ᠠᠵᠢᠯ ᠤᠨ ᠬᠡᠪᠴᠢᠶ᠎ᠡ᠂ | ᠡᠵᠡᠩᠨᠡᠯᠲᠡ ᠶᠢᠨ ᠬᠡᠯᠪᠡᠷᠢ᠂ ᠮᠡᠷᠭᠡᠵᠢᠯ ᠤᠨ ᠰᠤᠳᠤᠯᠤᠨ ᠨᠡᠭᠡᠭᠡᠯᠲᠡ᠂ ᠵᠠᠬ᠎ᠠ ᠳᠡᠯᠭᠡᠭᠦᠷ ᠤᠨ ᠢᠷᠡᠭᠡᠳᠦᠶ᠂ | ᠲᠥᠯᠥᠪᠵᠢᠭᠦᠯᠭᠡ ᠪᠦᠳᠦᠬᠡᠨ ᠪᠠᠶᠢᠭᠤᠯᠤᠯᠲᠠ᠂ ᠪᠡᠯᠡ ᠣᠷᠣᠭᠤᠯᠤᠯᠲᠠ ᠶᠢᠨ ᠴᠢᠭᠯᠡᠯ ᠵᠡᠷᠭᠡ ᠦᠨᠳᠦᠰᠦᠨ ᠪᠠᠶᠢᠳᠠᠯ ᠢ | ᠨᠠᠷᠢᠨ ᠣᠶᠢᠯᠠᠭᠠᠵᠤ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠲᠠᠨᠢᠯᠴᠠᠭᠤᠯᠭ᠎ᠠ ᠶᠢ ᠨᠠᠷᠢᠨ ᠬᠢᠨᠠᠮᠠᠭᠠᠶ | ᠰᠣᠨᠣᠰᠭᠰᠠᠨ ᠪᠥᠭᠡᠳ ᠮᠠᠨ ᠰᠢᠶᠠᠨ ᠤ ᠣᠷᠣᠨ ᠪᠠᠶᠢᠷᠢ᠂ ᠡᠬᠢ ᠰᠤᠷᠪᠤᠯᠵᠢ᠂ ᠵᠠᠮ ᠬᠠᠷᠢᠯᠴᠠᠭ᠎ᠠ᠂ ᠠᠵᠤ ᠦᠢᠯᠡᠰ | ᠵᠡᠷᠭᠡ ᠲᠠᠯ᠎ᠠ ᠪᠠᠷ ᠢᠳᠡᠪᠬᠢᠲᠡᠶ ᠲᠠᠨᠢᠯᠴᠠᠭᠤᠯᠬᠤ᠂ ᠮᠠᠨ ᠤ ᠰᠢᠶᠠᠨ ᠤ ᠳᠠᠪᠠᠭᠤᠯᠢᠭ ᠵᠢᠴᠢ ᠠᠵᠤ ᠠᠬᠤᠶᠢᠯᠠᠯ ᠤᠨ | ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠶᠢ ᠤᠶᠠᠯᠳᠤᠭᠤᠯᠤᠨ ᠭᠦᠨᠵᠡᠭᠡᠶ ᠶᠠᠷᠢᠯᠴᠠᠨ ᠵᠣᠯᠭᠠᠭᠤᠯᠵᠦ᠂ ᠳᠡᠭᠡᠷ᠎ᠡ | ᠳᠤᠷᠠᠳᠤᠭᠰᠠᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠪᠤᠯᠤᠳ ᠪᠦᠲᠦᠴᠡ᠂ ᠵᠢᠭᠤᠯᠴᠢᠯᠠᠯ᠂ ᠭᠠᠵᠠᠷ | ᠬᠦᠷᠦᠩᠭᠡ ᠨᠡᠭᠡᠭᠡᠨ ᠬᠥᠭᠵᠢᠭᠦᠯᠬᠦ᠂ ᠰᠹᠠᠨᠳᠤᠺᠰ ᠬᠢᠮᠢ ᠶᠢᠨ ᠠᠵᠤ ᠦᠢᠯᠡᠳᠪᠦᠷᠢ ᠶᠢᠨ ᠲᠦᠭᠦᠬᠡᠶ ᠮᠠᠲ᠋ᠧᠷᠢᠶᠠᠯ ᠵᠡᠷᠭᠡ | ᠲᠥᠷᠥᠯ ᠵᠦᠢᠯ ᠤᠨ ᠲᠤᠬᠠᠢ ᠵᠥᠪᠯᠡᠨ ᠨᠡᠪᠲᠡᠷᠡᠯᠴᠡᠵᠦ᠂ ᠢᠯᠡᠳᠲᠡ ᠦᠷ᠎ᠡ ᠪᠦᠲᠦᠮᠵᠢ ᠣᠯᠵᠠᠶ᠃ | ᠡᠭᠦᠨ ᠤ ᠬᠠᠮᠲᠤ᠂ ᠲᠦᠷᠦᠯ ᠵᠦᠢᠯ ᠤᠨ ᠮᠠᠨ ᠤ ᠰᠢᠶᠠᠨ ᠳᠤ ᠲᠦᠷᠭᠡᠨ ᠣᠷᠣᠬᠤ ᠶᠢ ᠠᠬᠢᠭᠤᠯᠬᠤ ᠶᠢᠨ | ᠲᠤᠰᠠᠳᠠ᠂ ᠶᠦᠨ ᠯᠢᠨ ᠴᠢᠶᠦ᠋ᠩ ᠿᠢ ᠴᠠᠩ ᠱᠧᠩ ᠪᠦᠯᠦᠭᠯᠡᠯ᠂ ᠬᠠᠩ ᠰᠢᠶᠤᠤ ᠪᠤᠯᠤᠳ ᠪᠦᠲᠦᠴᠡ᠂ ᠬᠤᠸᠠ | ᠬᠠᠶ ᠠᠨ ᠵᠡᠷᠭᠡ ᠠᠵᠤ ᠠᠬᠤᠶᠢᠯᠠᠯ ᠤᠨ ᠳᠡᠭᠡᠳᠦ ᠳᠠᠪᠬᠤᠷᠭ᠎ᠠ ᠶᠢᠨ ᠮᠠᠨ ᠤ ᠰᠢᠶᠠᠨ ᠳᠤ ᠢᠷᠡᠵᠦ ᠲᠣᠭᠤᠷᠢᠨ | ᠪᠠᠶᠢᠴᠠᠭᠠᠯᠲᠠ ᠥᠷᠨᠢᠭᠦᠯᠬᠦ ᠶᠢ ᠬᠠᠯᠠᠭᠤᠮᠰᠤᠭ ᠢᠶᠠᠷ ᠤᠷᠢᠵᠤ᠂ ᠪᠠᠯᠠ ᠣᠷᠣᠭᠤᠯᠬᠤ ᠲᠥᠷᠥᠯ ᠵᠦᠢᠯ ᠤᠨ ᠲᠤᠬᠠᠢ | ᠨᠢᠭᠲᠠ ᠵᠣᠯᠭᠠᠯᠳᠤᠭᠤᠯᠤᠨ ᠶᠠᠷᠢᠯᠴᠠᠵᠤ᠂ ᠲᠥᠷᠥᠯ ᠵᠦᠢᠯ ᠤᠨ ᠡᠷᠲᠡᠬᠡᠨ ᠨᠠᠶᠢᠳᠠᠪᠤᠷᠢᠵᠢᠭᠤᠯᠬᠤ ᠳᠤ ᠨᠥᠬᠦᠴᠡᠯ | ᠪᠦᠷᠢᠯᠳᠦᠭᠦᠯᠵᠦ ᠥᠭᠪᠡ᠃ | | |