ᠢᠦᠶ ᠴᠢᠤᠸᠠᠨ ᠲᠣᠭᠤᠷᠢᠭ ᠤᠨ ᠭᠤᠣᠯ ᠰᠠᠯᠠᠭ᠎ᠠ ᠮᠥᠴᠢᠷ ᠬᠠᠷᠢᠭᠤᠴᠠᠯᠭ᠎ᠠ ᠪᠠᠨ ᠢᠳᠡᠪᠬᠢᠲᠡᠶ ᠭᠦᠢᠴᠡᠳᠭᠡᠭᠰᠡᠨ ᠠᠴᠠ ᠡᠳᠦᠷ ᠳᠠᠷᠠᠭᠠᠯᠠᠨ ᠣᠷᠤᠭᠰᠠᠨ ᠪᠣᠷᠣᠭᠠᠨ  ᠳᠤ ᠬᠦᠨᠳᠦ ᠶᠡᠭᠡ ᠠᠶᠤᠯ ᠲᠦᠭᠰᠢᠭᠦᠷᠢᠲᠦ ᠪᠠᠶᠢᠳᠠᠯ ᠭᠠᠷᠤᠭᠰᠠᠨ ᠦᠭᠡᠢ
ᠨᠡᠶᠢᠲᠡᠯᠡᠭᠰᠡᠨ ᠴᠠᠭ᠄
2018-07-19
     ᠬᠡᠳᠦᠨ ᠡᠳᠦᠷ ᠤᠨ ᠲᠤᠷᠰᠢ᠂ ᠮᠠᠨ ᠤ ᠬᠤᠲᠠ  ᠳᠤ ᠦᠷᠭᠦᠯᠵᠢᠯᠡᠨ ᠪᠣᠷᠣᠭᠠᠨ ᠤᠷᠤᠵᠤ᠂ ᠭᠠᠩ ᠬᠠᠭᠰᠠᠷᠭᠠᠨ ᠢ ᠠᠶᠠᠳᠠᠭᠤᠯᠤᠭᠰᠠᠨ ᠪᠤᠯᠪᠠᠴᠤ  ᠬᠤᠲᠠ ᠶᠢᠨ ᠠᠷᠠᠳ ᠤᠨ ᠭᠠᠳᠠᠭᠰᠢ ᠭᠠᠷᠬᠤ  ᠳᠤ ᠵᠣᠬᠢᠬᠤ ᠨᠥᠯᠥᠭᠡ ᠤᠴᠠᠷᠠᠭᠤᠯᠤᠭᠰᠠᠨ ᠪᠠᠶᠢᠨ᠎ᠠ᠃ ᠢᠦᠶ ᠴᠢᠤᠸᠠᠨ ᠲᠣᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠦᠶᠡᠷ ᠢ ᠰᠡᠷᠭᠡᠶᠢᠯᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠡᠯ᠎ᠡ ᠪᠠᠯᠭᠠᠰᠤ᠂ ᠵᠡᠭᠡᠯᠢ᠂ ᠬᠤᠯᠪᠣᠭᠳᠠᠯ ᠪᠦᠬᠦᠢ ᠰᠠᠯᠠᠭ᠎ᠠ ᠮᠦᠴᠢᠷ ᠤᠨ ᠦᠶᠡᠷ ᠢ ᠰᠡᠷᠭᠡᠶᠢᠯᠡᠬᠦ ᠠᠵᠢᠯ ᠢ  ᠰᠠᠶᠢᠲᠤᠷ ᠬᠢᠬᠦ ᠶᠢ ᠲᠦᠷᠭᠡᠨ ᠢᠶᠠᠷ ᠲᠣᠬᠢᠷᠠᠭᠤᠯᠤᠨ ᠪᠠᠶᠢᠷᠢᠯᠠᠭᠤᠯᠪᠠ᠃ ᠡᠯ᠎ᠡ ᠬᠠᠷᠢᠭᠤᠴᠠᠯᠭ᠎ᠠ ᠡᠭᠦᠷᠭᠡᠯᠡᠵᠦ ᠪᠦᠬᠦᠢ ᠨᠢᠭᠡᠴᠡ ᠢᠳᠡᠪᠬᠢᠲᠡᠶ ᠬᠠᠷᠢᠭᠤᠴᠠᠯᠭ᠎ᠠ ᠪᠠᠨ ᠭᠦᠢᠴᠡᠳᠬᠡᠵᠦ᠂ ᠲᠦᠷᠭᠡᠨ ᠢᠶᠠᠷ ᠬᠠᠷᠢᠭᠤ ᠦᠢᠯᠡᠳᠦᠯ ᠭᠠᠷᠭᠠᠨ᠂ ᠠᠵᠢᠯᠯᠠᠬᠤ ᠬᠦᠮᠦᠨ ᠲᠣᠮᠢᠯᠠᠵᠤ᠂ ᠲᠡᠷᠭᠡ ᠬᠥᠰᠬᠡ ᠲᠣᠨᠤᠭ ᠲᠥᠬᠦᠭᠡᠷᠦᠮᠵᠢ ᠶᠢ ᠨᠢᠭᠡᠳᠦᠭᠡᠷ ᠹᠷᠣᠨᠲ ᠲᠤ ᠪᠠᠶᠢᠷᠢᠯᠠᠭᠤᠯᠵᠤ᠂ ᠦᠷᠬᠦᠯᠵᠢᠯᠡᠭᠰᠡᠨ ᠪᠣᠷᠣᠭᠠᠨ ᠠᠴᠠ ᠪᠣᠯᠣᠭᠰᠠᠨ ᠭᠠᠶ ᠭᠠᠮᠰᠢᠭ ᠢ ᠪᠦᠲᠦᠮᠵᠢᠲᠡᠶ ᠪᠠᠭᠤᠷᠠᠭᠤᠯᠵᠤ᠂ ᠣᠳᠣᠬᠠᠨ ᠪᠣᠯᠲᠠᠯ᠎ᠠ᠂ ᠬᠠᠷᠢᠶ᠎ᠠ  ᠭᠠᠵᠠᠷ ᠲᠤ ᠬᠦᠨᠳᠦ ᠶᠡᠭᠡ  ᠠᠶᠤᠯ ᠲᠦᠭᠰᠢᠭᠦᠷᠢᠲᠦ ᠪᠠᠶᠢᠳᠠᠯ ᠭᠠᠷᠤᠭᠰᠠᠨ ᠤᠢᠭᠡᠢ᠃
           ᠪᠣᠷᠣᠭᠠᠨ ᠣᠷᠤᠵᠤ ᠪᠠᠶᠢᠭ᠎ᠠ ᠬᠤᠭᠤᠴᠠᠭᠠᠨ ᠳᠤ᠂  ᠲᠣᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠣᠯ ᠬᠠᠷᠢᠭᠤᠴᠠᠯᠭᠠᠲᠠᠨ ᠪᠣᠷᠣᠭᠠᠨ ᠤ ᠳᠤᠮᠳᠠ ᠨᠡᠶᠢᠭᠡᠮ ᠲᠣᠭᠤᠷᠢᠭ᠂ ᠵᠡᠭᠡᠯᠢ ᠭᠤᠳᠣᠮᠵᠢ ᠶᠢᠨ ᠲᠤᠬᠠᠢ ᠶᠢᠨ ᠲᠠᠯᠠᠪᠤᠷ ᠲᠤ ᠬᠦᠷᠴᠦ ᠦᠶᠡᠷ ᠤᠨ ᠪᠠᠶᠢᠳᠠᠯ ᠢ ᠪᠠᠶᠢᠴᠠᠭᠠᠵᠤ᠂ ᠨᠢᠭᠡᠳᠦᠭᠡᠷ ᠹᠷᠣᠨᠲ ᠲᠤ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠪᠠᠯᠭᠠᠰᠤ ᠵᠡᠭᠡᠯᠢ ᠭᠤᠳᠤᠮᠵᠢ ᠶᠢᠨ ᠦᠶᠡᠷ ᠢ ᠰᠡᠷᠭᠡᠶᠢᠯᠡᠬᠦ ᠪᠠᠴᠢᠮ ᠲᠥᠰᠦᠯ ᠢ ᠰᠠᠶᠢᠲᠤᠷ ᠬᠢᠬᠦ ᠶᠢ ᠵᠢᠯᠤᠭᠤᠳᠴᠤ᠂ ᠬᠠᠷᠢᠭᠤᠴᠠᠯᠭ᠎ᠠ ᠶᠢ ᠪᠠᠲᠤᠵᠢᠭᠤᠯᠵᠤ᠂ ᠬᠠᠷᠢᠶ᠎ᠠ ᠭᠠᠵᠠᠷ ᠤᠨ ᠰᠠᠭᠤᠭᠠᠯᠢ ᠠᠷᠠᠳ ᠤᠨ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠠᠲᠤᠯᠠᠨ᠎ᠠ᠃ 7 ᠳ᠋ᠤᠭᠠᠷ ᠰᠠᠷ᠎ᠠ ᠶᠢᠨ 15 ᠤ ᠡᠳᠦᠷ᠂  ᠲᠣᠭᠤᠷᠢᠭ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ᠂ ᠲᠠᠷᠢᠶᠠᠯᠠᠩ ᠮᠠᠯᠵᠢᠯ᠂ ᠵᠠᠮ ᠬᠠᠷᠢᠯᠴᠠᠭᠠᠨ ᠤ ᠬᠠᠮᠢᠶᠠᠷᠤᠯᠲᠠ ᠵᠡᠷᠭᠡ ᠰᠠᠯᠠᠭ᠎ᠠ ᠮᠥᠴᠢᠷ  ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠲᠤᠪᠴᠢᠶ᠎ᠠ ᠲᠠᠢ ᠬᠠᠮᠲᠤᠷᠠᠨ 60 ᠭᠠᠷᠤᠶ ᠡᠯ᠎ᠡ ᠲᠥᠷᠥᠯ ᠤᠨ ᠲᠡᠷᠭᠡ ᠬᠥᠰᠬᠡ᠂ 700 ᠭᠠᠷᠤᠶ ᠠᠵᠢᠯᠲᠠᠨ ᠢ ᠲᠤᠮᠢᠯᠠᠨ ᠦᠶᠡᠷ ᠢ ᠰᠡᠷᠭᠡᠶᠢᠯᠡᠨ ᠠᠶᠤᠯ ᠠᠴᠠ ᠠᠪᠤᠷᠠᠬᠤ ᠠᠵᠢᠯ  ᠬᠢᠪᠡ᠃  ᠬᠤᠲᠠ ᠲᠤᠭᠤᠷᠢᠭᠰᠠᠨ ᠡᠮᠦᠨ᠎ᠡ ᠬᠤᠶᠠᠳᠤᠭᠠᠷ ᠵᠠᠮ᠂ ᠣᠷᠳᠣᠰ ᠪᠠᠷᠠᠭᠤᠨ ᠵᠡᠭᠡᠯᠢ ᠵᠡᠷᠭᠡ ᠬᠦᠨᠳᠦ ᠨᠣᠴᠢᠲᠠᠶ ᠤᠰᠤ ᠲᠤᠭᠲᠠᠭᠰᠠᠨ ᠵᠠᠮ ᠤᠨ ᠬᠡᠰᠡᠭ ᠲᠤ᠂ ᠴᠠᠭ ᠲᠤᠬᠠᠶ ᠳᠤᠨᠢ ᠵᠠᠮ ᠤᠨ ᠬᠠᠵᠠᠭᠤ ᠶᠢᠨ ᠤᠰᠤ ᠭᠠᠳᠠᠭᠰᠢᠯᠠᠭᠤᠯᠬᠤ ᠱᠦᠭᠦᠷ ᠢ ᠪᠥᠭᠯᠡᠭᠰᠡᠨ ᠬᠤᠭ ᠨᠣᠪᠰᠢ ᠶᠢ ᠴᠡᠪᠡᠷᠯᠡᠨ ᠭᠠᠷᠭᠠᠵᠤ᠂ ᠬᠠᠮᠲᠤ ᠳᠤᠨᠢ ᠬᠤᠭ ᠰᠣᠷᠣᠬᠤ ᠲᠡᠷᠭᠡ᠂ ᠴᠡᠪᠡᠷᠯᠡᠭᠡ ᠶᠢᠨ ᠮᠠᠰᠢᠨ ᠲᠡᠷᠭᠡ ᠵᠡᠷᠭᠡ ᠮᠧᠬᠠᠨᠢᠬᠵᠢᠬᠰᠠᠨ ᠲᠡᠷᠭᠡ ᠰᠢᠯᠵᠢᠭᠦᠯᠦᠨ  ᠲᠤᠬᠢᠷᠠᠭᠤᠯᠵᠤ᠂ ᠬᠤᠷᠠᠭᠰᠠᠨ ᠤᠰᠤ ᠶᠢ ᠰᠤᠷᠤᠵᠤ ᠭᠠᠳᠠᠭᠰᠢᠯᠠᠭᠤᠯᠪᠠ᠃ ᠬᠠᠷᠢᠶ᠎ᠠ ᠭᠠᠵᠠᠷ ᠤᠨ ᠭᠤᠣᠯ ᠤᠨ ᠵᠠᠮ ᠤᠨ ᠤᠰᠤᠨ ᠲᠦᠪᠰᠢᠨ ᠢ ᠨᠢᠭᠲᠠ ᠠᠩᠬᠠᠷᠴᠤ᠂ ᠠᠮᠤᠷ ᠲᠦᠪᠰᠢᠨ ᠢ ᠵᠢᠭᠰᠠᠭᠠᠨ ᠪᠠᠶᠢᠴᠠᠭᠠᠬᠤ ᠠᠵᠢᠯ ᠪᠠ ᠰᠡᠷᠭᠡᠶᠢᠯᠡᠬᠦ ᠠᠵᠢᠯ ᠢ ᠰᠠᠶᠢᠲᠤᠷ ᠬᠢᠨ᠎ᠡ᠃ ᠴᠠᠭ ᠲᠤᠬᠠᠶ ᠳᠤᠨᠢ ᠰᠢᠢᠳᠪᠦᠷᠢᠯᠡᠵᠦ᠂ ᠠᠷᠭ᠎ᠠ ᠬᠡᠮᠵᠢᠶ᠎ᠡ  ᠪᠤᠲᠠᠲᠠᠶᠢᠵᠢᠭᠰᠠᠨ ᠠᠴᠠ ᠬᠦᠨᠳᠦ ᠶᠡᠭᠡ ᠠᠶᠤᠯ ᠲᠦᠭᠰᠢᠭᠦᠷᠢᠲᠦ ᠪᠠᠶᠢᠳᠠᠯ ᠭᠠᠷᠤᠭᠰᠠᠨ ᠦᠭᠡᠶ᠂ ᠰᠠᠭᠤᠭᠠᠯᠢ ᠠᠷᠠᠳ ᠠᠮᠤᠷ ᠠᠮᠤᠭᠤᠯᠠᠩ᠃ ᠡᠭᠦᠨ ᠤ ᠵᠡᠷᠭᠡᠴᠡᠭᠡᠪᠡᠷ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠂  ᠪᠠᠯᠭᠠᠰᠤᠨ ᠤ ᠠᠯᠪᠠᠨ ᠭᠡᠷ 24  ᠴᠠᠭ ᠢᠶᠠᠷ ᠵᠢᠵᠢᠭᠦᠷᠯᠡᠨ ᠰᠠᠬᠢᠬᠤ ᠲᠦᠷᠢᠮ ᠢ ᠴᠢᠩᠭ᠎ᠠ ᠬᠡᠷᠡᠭᠵᠢᠭᠦᠯᠵᠦ᠂ ᠭᠡᠨᠡᠳᠲᠡ ᠶᠢᠨ ᠪᠠᠶᠢᠳᠠᠯ ᠢ ᠲᠡᠷᠡ ᠳᠣᠣᠷ᠎ᠠ ᠨᠢ  ᠰᠢᠢᠳᠪᠦᠷᠢᠯᠡᠬᠦ ᠶᠢ  ᠦᠨᠡᠨᠬᠦ ᠪᠠᠲᠤᠯᠠᠵᠤ᠂ ᠦᠶᠡᠷ ᠢ  ᠰᠡᠷᠭᠡᠶᠢᠯᠡᠨ ᠠᠶᠤᠯ ᠠᠴᠠ ᠠᠪᠤᠷᠠᠬᠤ ᠠᠵᠢᠯ ᠤᠨ ᠤᠷᠤᠭᠰᠢᠲᠠᠶ ᠶᠠᠪᠤᠭᠳᠠᠬᠤ ᠶᠢ  ᠪᠠᠲᠤᠯᠠᠨ᠎ᠠ᠃
 
ᠢᠷᠡᠯᠲᠡ᠄ ᠢᠤᠢ ᠴᠢᠤᠸᠠᠨ ᠲᠤᠭᠤᠷᠢᠭ ᠤᠨ ᠠᠷᠠᠳ ‍ᠤᠨ‌ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号