ᠮᠠᠨ ᠤ ᠬᠤᠲᠠ ᠶᠢᠨ ᠠᠵᠤ ᠦᠢᠯᠡᠳᠪᠦᠷᠢ ᠶᠢᠨ ᠠᠵᠤ ᠠᠬᠤᠶᠢᠯᠠᠯ  ﹇ᠴᠡᠴᠡᠷᠯᠢᠭ ᠮᠠᠶ᠋ᠢᠭ ᠤᠨ ᠠᠵᠤ ᠠᠬᠤᠶᠢᠯᠠᠯ  ᠠᠮᠢ ᠠᠬᠤᠢ ᠶᠢᠨ ᠬᠡᠯᠪᠡᠷᠢ ᠶᠢᠨ ᠬᠦᠷᠢᠶᠡᠯᠡᠩ﹈ ᠢ ᠴᠣᠭᠴᠠᠯᠠᠬᠤ ᠪᠠᠷ ᠪᠠᠶᠢᠨ᠎ᠠ
ᠨᠡᠶᠢᠲᠡᠯᠡᠭᠰᠡᠨ ᠴᠠᠭ᠄
2018-07-19
      ᠰᠤᠷᠪᠤᠯᠵᠢᠯᠠᠭᠴᠢ ᠲᠦᠷᠦᠭᠦᠬᠡᠨ ᠣᠶᠢᠯᠭᠠᠭᠰᠠᠨ ᠢᠶᠠᠷ  ᠂ ᠬᠤᠲᠠ ᠶᠢᠨ ᠠᠵᠤ ᠠᠬᠤᠢ ᠪᠠ ᠮᠡᠳᠡᠭᠡ ᠵᠠᠩᠭᠢᠴᠢᠯᠠᠯᠲᠠ ᠶᠢᠨ ᠵᠥᠪᠯᠡᠯ ᠠᠴᠠ ᠲᠣᠭᠲᠠᠭᠠᠭᠰᠠᠨ ︽ᠬᠥᠬᠡᠬᠤᠲᠠ ᠶᠢᠨ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠣᠷᠴᠢᠨ ᠲᠣᠭᠤᠷᠢᠨ ᠤ ᠠᠷᠢᠭᠤᠨ ᠴᠡᠪᠡᠷ ᠢ ᠶᠡᠷᠦᠩᠬᠡᠶᠢᠯᠡᠨ ᠵᠠᠰᠠᠬᠤ ᠲᠤᠰᠬᠠᠢ ᠠᠵᠢᠯᠯᠠᠭ᠎ᠠ ᠶᠢ ᠬᠡᠷᠡᠭᠵᠢᠭᠦᠯᠬᠦ ᠲᠥᠰᠥᠯ︾ ᠨᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠵᠦ  ᠂ ᠵᠢᠩᠬᠢᠨᠢ ᠪᠠᠷ ᠳᠠᠷᠤᠮᠠᠯᠯᠠᠨ ᠲᠠᠷᠬᠠᠭᠠᠭᠰᠠᠨ ᠪᠠᠶᠢᠨ᠎ᠠ  ᠃       ︽ᠲᠥᠰᠥᠯ︾  ᠳᠤ ᠳᠤᠷᠠᠳᠤᠭᠰᠠᠨ ᠨᠢ  ᠂ 6 ᠳ᠋ᠤᠭᠠᠷ ᠰᠠᠷ᠎ᠠ ᠠᠴᠠ ᠡᠬᠢᠯᠡᠨ 4 ᠰᠠᠷ᠎ᠠ ᠶᠢᠨ ᠴᠠᠭ ᠢ ᠵᠠᠷᠤᠴᠠᠭᠤᠯᠵᠤ᠂ ᠭᠤᠷᠪᠠᠨ ᠱᠠᠲᠤ ᠬᠤᠪᠢᠶᠠᠨ ᠪᠦᠬᠦ ᠬᠤᠲᠠ  ᠶᠢᠨ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠳᠣᠲᠣᠷ᠎ᠠ ᠵᠢᠴᠢ ᠣᠶᠢᠷ᠎ᠠ ᠬᠠᠪᠢ ᠪᠠᠷ ᠣᠷᠴᠢᠨ ᠲᠣᠭᠤᠷᠢᠨ ᠤ ᠠᠷᠢᠭᠤᠨ ᠴᠡᠪᠡᠷ ᠢ ᠶᠡᠷᠦᠩᠬᠡᠶᠢᠯᠡᠨ ᠵᠠᠰᠠᠬᠤ ᠲᠤᠰᠬᠠᠢ ᠠᠵᠢᠯᠯᠠᠭ᠎ᠠ ᠶᠢ ᠥᠷᠨᠢᠭᠦᠯᠦᠨ᠎ᠡ  ᠃ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠳᠣᠲᠣᠷ᠎ᠠ ᠵᠢᠴᠢ ᠣᠶᠢᠷ᠎ᠠ ᠬᠠᠪᠢ ᠶᠢᠨ ᠣᠷᠴᠢᠨ ᠲᠣᠭᠤᠷᠢᠨ  ᠤ ᠠᠷᠢᠭᠤᠨ ᠴᠡᠪᠡᠷ ᠲᠤ ᠣᠷᠣᠰᠢᠵᠤ ᠪᠠᠶᠢᠭ᠎ᠠ ᠳᠣᠪᠣᠶᠢᠮ᠎ᠠ ᠠᠰᠠᠭᠤᠳᠠᠯ  ᠢ ᠭᠤᠣᠯᠳᠠᠭ᠎ᠠ ᠲᠠᠢ ᠵᠠᠰᠠᠨ ᠴᠡᠭᠴᠡᠯᠡᠬᠦ  ᠪᠠᠷ ᠳᠠᠮᠵᠢᠨ᠂  ﹇ᠪᠤᠵᠠᠷ ᠡᠮᠬᠢ ᠵᠠᠮᠪᠠᠷᠠᠭ᠎ᠠ ᠦᠭᠡᠢ ᠠᠨᠠᠢ﹈ ᠶᠢ ᠬᠠᠮᠢᠶᠠᠷᠴᠤ᠂  ﹇ᠴᠡᠪᠡᠷ ᠨᠣᠭᠤᠭᠠᠨ ᠦᠵᠡᠮᠵᠢ﹈  ᠶᠢ ᠦᠯᠡᠳᠡᠭᠡᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠪᠠᠶᠢᠩᠭᠤ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂  ﹇ᠴᠡᠴᠡᠷᠯᠢᠭ ᠮᠠᠶ᠋ᠢᠭ ᠤᠨ ᠠᠵᠤ ᠠᠬᠤᠶᠢᠯᠠᠯ  ᠠᠮᠢ ᠠᠬᠤᠢ ᠶᠢᠨ ᠬᠡᠯᠪᠡᠷᠢ ᠶᠢᠨ ᠬᠦᠷᠢᠶᠡᠯᠡᠩ﹈ ᠢ ᠴᠢᠷᠮᠠᠶᠢᠨ ᠴᠣᠭᠴᠠᠯᠠᠨ᠎ᠠ  ᠃ ᠡᠨᠡ ᠤᠳᠠᠭᠠᠨ  ᠤ ᠴᠡᠭᠴᠡᠯᠡᠨ ᠵᠠᠰᠠᠬᠤ ᠠᠵᠢᠯᠯᠠᠭ᠎ᠠ  ᠨᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠳᠣᠲᠣᠷᠠᠬᠢ ᠦᠢᠯᠡᠳᠪᠦᠷᠢ ᠶᠢᠨ ᠥᠩᠭᠡ ᠲᠥᠷᠬᠦ  ᠂ ᠠᠷᠢᠭᠤᠨ ᠴᠡᠪᠡᠷ ᠲᠤ ᠠᠩᠬᠠᠷᠤᠭᠳᠠᠬᠤ ᠦᠭᠡᠢ ᠥᠨᠴᠥᠭ ᠪᠤᠯᠤᠩ᠂ ᠵᠠᠮ ᠬᠤᠭᠤᠰᠤᠨ ᠭᠠᠵᠠᠷ᠂ ᠡᠳ᠋ ᠪᠣᠳᠠᠰ ᠣᠪᠣᠭᠠᠯᠠᠭᠰᠠᠨ ᠲᠠᠯᠠᠪᠠᠢ᠂ ᠳᠣᠲᠣᠭᠠᠳᠤ ᠶᠢᠨ ᠲᠡᠷᠭᠡ ᠤᠨᠤᠭ᠎ᠠ  ᠂  ﹇ᠭᠤᠷᠪᠠᠨ ᠬᠠᠶᠠᠭᠳᠠᠮᠠᠯ﹈ ᠢ ᠭᠠᠳᠠᠭᠰᠢᠯᠠᠭᠤᠯᠬᠤ ᠪᠣᠯᠣᠨ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠣᠶᠢᠷ᠎ᠠ ᠬᠠᠪᠢ ᠶᠢᠨ ᠠᠮᠢᠳᠤᠷᠠᠯ ᠤᠨ ᠲᠣᠭᠤᠷᠢᠭ ᠤᠨ ᠠᠷᠢᠭᠤᠨ ᠴᠡᠪᠡᠷ ᠲᠤ ᠠᠩᠬᠠᠷᠤᠭᠳᠠᠬᠤ ᠦᠭᠡᠢ ᠥᠨᠴᠥᠭ ᠪᠤᠯᠤᠩ  ᠂ ᠥᠪᠡᠷᠲᠡᠭᠡᠨ ᠪᠣᠰᠬᠠᠵᠤ ᠳᠤᠷ᠎ᠠ ᠪᠠᠷ ᠪᠠᠶᠢᠭᠤᠯᠤᠭᠰᠠᠨ  ᠂ ᠰᠠᠭᠤᠷᠢ ᠪᠡᠯᠡᠳᠬᠡᠮᠵᠢ ᠶᠢᠨ ᠠᠰᠠᠭᠤᠳᠠᠯ᠂ ᠵᠠᠮ ᠳᠠᠭᠠᠤ ᠶᠢᠨ ᠣᠷᠴᠢᠨ ᠲᠣᠭᠤᠷᠢᠨ᠂ ᠡᠳ᠋ ᠪᠣᠳᠠᠰ ᠲᠡᠭᠡᠭᠡᠪᠦᠷᠢᠯᠡᠬᠦ ᠮᠠᠰᠢᠨ  ᠂ ᠬᠦᠷᠢᠶᠡᠯᠡᠩ ᠤᠨ ᠨᠣᠭᠤᠭᠠᠷᠠᠭᠤᠯᠤᠯᠲᠠ ᠦᠵᠡᠮᠵᠢ ᠵᠡᠷᠭᠡ 12 ᠲᠠᠯ᠎ᠠ ᠳᠤ ᠲᠤᠰᠬᠠᠢ ᠵᠠᠰᠠᠨ ᠴᠡᠭᠴᠡᠯᠡᠯᠲᠡ ᠬᠢᠭᠰᠡᠨ ᠪᠠᠶᠢᠨ᠎ᠠ  ᠃      ᠣᠳᠣᠬᠠᠨ᠂ ᠡᠯ᠎ᠡ ᠭᠠᠵᠠᠷ ᠤᠨ ᠬᠢᠨ ᠶᠠᠭ ᠳᠠᠶᠢᠴᠢᠯᠠᠯᠲᠠ ᠬᠢᠵᠦ ᠪᠠᠶᠢᠷᠢᠯᠠᠭᠤᠯᠵᠤ ᠪᠠᠶᠢᠨ᠎ᠠ  ᠃ ᠳᠠᠷᠠᠭᠠᠴᠢ  ᠶᠢᠨ ᠠᠯᠬᠤᠮ ᠳᠤ  ᠂ ᠬᠤᠲᠠ ᠶᠢᠨ ᠠᠵᠤ ᠠᠬᠤᠢ ᠪᠠ ᠮᠡᠳᠡᠭᠡ ᠵᠠᠩᠭᠢᠴᠢᠯᠠᠯᠲᠠ ᠶᠢᠨ ᠵᠥᠪᠯᠡᠯ ᠠᠴᠠ ᠪᠤᠰᠤᠳ ᠪᠠᠶᠢᠭᠤᠯᠭ᠎ᠠ ᠨᠢᠭᠡᠴᠡ ᠲᠠᠢ ᠬᠠᠮᠵᠢᠯᠴᠠᠵᠤ ᠪᠠᠶᠢᠭᠠᠳ ᠡᠯ᠎ᠡ ᠬᠠᠷᠢᠶ᠎ᠠ ᠭᠠᠵᠠᠷ ᠤᠨ ᠠᠵᠤ ᠦᠢᠯᠡᠳᠪᠦᠷᠢ ᠶᠢᠨ ᠠᠵᠤ ᠠᠬᠤᠶᠢᠯᠠᠯ  ᠤᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠶᠡᠷᠦᠩᠬᠡᠶᠢᠯᠡᠨ ᠵᠠᠰᠠᠨ ᠴᠡᠭᠴᠡᠯᠡᠬᠦ ᠲᠤᠰᠬᠠᠢ ᠠᠵᠢᠯᠯᠠᠭ᠎ᠠ ᠶᠢᠨ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠶᠢ ᠬᠢᠨᠠᠨ ᠪᠠᠶᠢᠴᠠᠭᠠᠵᠤ᠂ ᠵᠠᠰᠠᠨ ᠴᠡᠭᠴᠡᠯᠡᠬᠦ ᠲᠤᠰᠬᠠᠢ ᠠᠵᠢᠯᠯᠠᠭ᠎ᠠ ᠶᠢᠨ ᠪᠣᠳᠠᠲᠤ ᠦᠷ᠎ᠡ ᠪᠦᠲᠦᠮᠵᠢ ᠣᠯᠬᠤ ᠶᠢ ᠪᠠᠲᠤᠯᠠᠨ᠎ᠠ  ᠃ ︵ᠰᠤᠷᠪᠤᠯᠵᠢᠯᠠᠭᠴᠢ  ᠰᠥᠩ ᠰᠢᠶᠠᠩ ᠬᠤᠸᠠ︶
 
ᠢᠷᠡᠯᠲᠡ᠄ ᠬᠥᠬᠡᠬᠤᠲᠠ ᠶᠢᠨ ᠡᠳᠦᠷ  ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号