ᠦᠪᠦᠷ ᠮᠤᠩᠭᠤᠯ ᠤᠨ ᠮᠠᠯ ᠤᠨ ᠠᠰᠢᠬ ᠰᠢᠮ᠎ᠠ ᠲᠠᠷᠢᠶᠠᠯᠠᠩ ᠤᠨ ᠪᠦᠳᠦᠭᠡᠭᠳᠡᠬᠦᠨ ᠤᠰᠤᠨ ᠭᠠᠷᠤᠯᠳᠠ ᠶᠢᠨ ᠶᠡᠷᠦᠩᠭᠡᠢ ᠬᠢᠷᠢ ᠲᠡᠩᠴᠡᠯᠳᠠ ᠶᠢᠨ ᠨᠤᠷᠮ᠎ᠠ 97.8% ᠳᠤ ᠬᠦᠷᠴᠠᠢ
ᠨᠡᠶᠢᠲᠡᠯᠡᠭᠰᠡᠨ ᠴᠠᠭ᠄
2018-07-19
      ᠳᠡᠭᠡᠷ᠎ᠠ ᠬᠠᠭᠠᠰ ᠵᠢᠯ ᠤᠨ ᠰᠤᠭᠤᠴᠢᠨ ᠪᠠᠶᠢᠴᠠᠭᠠᠯᠳᠠ ᠳᠤ᠂ ᠦᠪᠦᠷ ᠮᠤᠩᠬᠤᠯ ᠤᠨ ᠮᠠᠯ ᠤᠨ ᠠᠰᠢᠬ ᠰᠢᠮ᠎ᠠ ᠲᠠᠷᠢᠶᠠᠯᠠᠩ ᠤᠨ ᠪᠦᠳᠦᠭᠡᠭᠳᠡᠬᠦᠨ ᠤᠰᠤᠨ ᠭᠠᠷᠤᠯᠳᠠ ᠶᠢᠨ ᠶᠡᠷᠦᠩᠭᠡᠢ ᠬᠢᠷᠢ ᠲᠡᠩᠴᠡᠭᠰᠡᠨ ᠨᠤᠷᠮ᠎ᠠ 97.8% ᠳᠤ ᠬᠦᠷᠪᠡ᠃ ᠡᠬᠦᠨ ᠳᠤ ᠲᠠᠷᠢᠮᠠᠯ ᠤᠨ ᠪᠦᠳᠦᠭᠡᠭᠳᠡᠬᠦᠨ᠂ ᠮᠠᠯ ᠵᠢᠬᠦᠷᠳᠡᠨ ᠤ ᠠᠰᠢᠬ ᠰᠢᠮ᠎ᠠ᠂ ᠤᠰᠤᠨ ᠭᠠᠷᠤᠯᠳᠠ ᠶᠢᠨ ᠪᠦᠳᠦᠭᠡᠭᠳᠡᠬᠦᠨ ᠤ ᠬᠢᠷᠢ ᠲᠡᠩᠴᠡᠭᠰᠡᠨ ᠨᠤᠷᠮ᠎ᠠ ᠲᠤᠰ ᠲᠤᠰ 97.1%᠂ 99.2% ᠪᠠ 98% ᠳᠤ ᠬᠦᠷᠴᠦ᠂ ᠮᠠᠯ ᠤᠨ ᠠᠰᠢᠬ ᠰᠢᠮ᠎ᠠ ᠲᠠᠷᠢᠶᠠᠯᠠᠩ ᠤᠨ ᠪᠦᠳᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠪᠠᠶᠢᠳᠠᠯ ᠢ ᠶᠡᠷᠦᠩᠭᠡᠢ ᠳᠡᠭᠡᠨ ᠲᠤᠭᠳᠠᠭᠤᠨ ᠪᠠᠶᠢᠳᠠᠯ ᠢᠶᠠᠨ ᠬᠠᠳᠠᠭᠠᠯᠠᠵᠤ ᠰᠠᠶᠢᠵᠢᠷᠠᠯᠳᠠ ᠲᠠᠢ ᠪᠤᠯᠵᠠᠢ᠃      ᠪᠦᠬᠦ ᠤᠯᠤᠰ ᠤᠨ ᠶᠠᠰᠤ ᠴᠢᠨᠠᠷ ᠢᠶᠠᠷ ᠲᠠᠷᠢᠶᠠᠯᠠᠩ ᠢ ᠬᠦᠭᠵᠢᠬᠦᠯᠦᠨ ᠮᠠᠨᠳᠤᠭᠤᠯᠵᠦ ᠪᠤᠬᠢᠷᠳᠤᠯ ᠦᠭᠡᠢ ᠪᠠᠷ ᠲᠠᠷᠢᠶᠠᠯᠠᠩ ᠢ ᠬᠦᠭᠵᠢᠬᠦᠯᠦᠨ ᠮᠠᠨᠳᠤᠭᠤᠯᠵᠦ ᠨᠡᠷᠡᠳᠦ ᠲᠦᠷᠦᠯ ᠳᠡᠮᠳᠡᠭ ᠢᠶᠠᠷ ᠲᠠᠷᠢᠶᠠᠯᠠᠩ ᠢ ᠬᠦᠴᠦᠷᠭᠡᠭᠵᠢᠬᠦᠯᠬᠦ ᠶᠢ ᠠᠬᠢᠭᠤᠯᠬᠤ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠦ ᠂ ᠲᠠᠷᠢᠶᠠᠯᠠᠩ ᠤᠨ ᠶᠠᠰᠤ ᠴᠢᠨᠠᠷ ᠤᠨ ᠤᠨ ᠤ ᠠᠵᠢᠯ ᠢ ᠠᠬᠢᠭᠤᠯᠬᠤ ᠶᠢᠨ ᠲᠦᠯᠦᠭᠡ᠂ ᠦᠪᠦᠷ ᠮᠤᠩᠬᠤᠯ ᠮᠠᠯ ᠠᠵᠤ ᠠᠬᠤᠢ ᠲᠠᠷᠢᠶᠠᠯᠠᠩ ᠤᠨ ᠴᠢᠨᠠᠷ ᠰᠠᠶᠢᠳᠠᠢ ᠬᠦᠭᠵᠢᠯᠳᠠ ᠶᠢ ᠲᠦᠷᠭᠡᠳᠭᠡᠨ ᠠᠬᠢᠭᠤᠯᠬᠤ 10 ᠶᠡᠭᠡ ᠭᠤᠷᠪᠡᠨ ᠵᠢᠯ ᠤᠨ ᠲᠦᠯᠦᠪᠯᠡᠭᠡ ᠶᠢ ᠲᠤᠭᠳᠠᠭᠠᠨ ᠬᠡᠷᠡᠭᠵᠢᠬᠦᠯᠦᠭᠰᠡᠨ ᠪᠠᠶᠢᠨ᠎ᠠ᠃ ᠡᠬᠦᠨ ᠳᠤ ᠮᠠᠯ ᠤᠨ ᠠᠰᠢᠬ ᠰᠢᠮ᠎ᠠ ᠲᠠᠷᠢᠶᠠᠯᠠᠩ ᠤᠨ ᠪᠦᠳᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠡᠨ ᠭᠡᠮᠵᠢᠯᠳᠠ ᠪᠠ ᠮᠦᠷᠳᠡᠯᠳᠡ ᠬᠠᠮᠢᠶᠠᠷᠤᠯᠳᠠ ᠶᠢᠨ ᠠᠵᠢᠯᠯᠠᠭᠠᠨ ᠤ ᠲᠦᠯᠦᠪᠯᠡᠭᠡ ᠨᠢ ᠦᠪᠦᠷ ᠮᠤᠩᠭᠤᠯ ᠤᠨ ᠮᠠᠯ ᠤᠨ ᠠᠰᠢᠬ ᠰᠢᠮ᠎ᠠ ᠲᠠᠷᠢᠶᠠᠯᠠᠩ ᠤᠨ ᠪᠦᠳᠦᠭᠡᠭᠳᠡᠬᠦᠨ ᠤ ᠮᠦᠷᠳᠠᠯᠳᠡ ᠬᠠᠮᠢᠶᠠᠷᠤᠯᠳᠠ ᠶᠢᠨ ᠴᠢᠳᠠᠪᠤᠷᠢ᠂ ᠭᠡᠮ ᠰᠤᠭᠤᠬ ᠢ ᠰᠢᠭᠰᠢᠨ ᠪᠠᠶᠢᠴᠠᠭᠠᠬᠤ ᠴᠢᠳᠠᠪᠤᠷᠢ ᠪᠤᠯᠤᠨ ᠡᠵᠡᠰᠳᠡᠯ ᠢ ᠰᠡᠷᠭᠡᠶᠢᠯᠡᠨ ᠡᠵᠡᠮᠳᠡᠬᠦ ᠴᠢᠳᠠᠪᠤᠷᠢ ᠶᠢ ᠭᠤᠤᠯᠳᠠᠯᠭ᠎ᠠ ᠲᠠᠢ ᠳᠡᠭᠡᠭᠰᠢᠯᠡᠬᠦᠯᠵᠦ᠂ ᠮᠠᠯ ᠤᠨ ᠠᠰᠢᠬ ᠰᠢᠮ᠎ᠠ ᠲᠠᠷᠢᠶᠠᠯᠠᠩ ᠤᠨ ᠪᠦᠳᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠪᠠᠳᠤᠯᠠᠬᠤ ᠪᠠᠷ ᠵᠤᠷᠢᠯᠳᠠ ᠪᠠᠨ ᠪᠤᠯᠭᠠᠵᠠᠢ ᠃ ᠡᠨᠡ ᠵᠢᠯ ᠤᠨ ᠳᠡᠭᠡᠷ᠎ᠠ ᠬᠠᠭᠠᠰ ᠵᠢᠯ ᠳᠤ᠂ ᠦᠪᠦᠷ ᠮᠤᠩᠬᠤᠯ ᠤᠨ ᠰᠤᠭᠤᠴᠢᠨ ᠪᠠᠶᠢᠴᠠᠭᠠᠬᠤ ᠬᠦᠴᠦᠯᠡᠴᠡ ᠪᠠᠨ ᠴᠢᠩᠬᠠᠳᠬᠠᠬᠤ᠂ ᠰᠤᠭᠤᠴᠢᠨ ᠪᠠᠶᠢᠴᠠᠭᠠᠬᠤ ᠳᠠᠪᠳᠠᠮᠵᠢ ᠪᠤᠯᠤᠨ ᠬᠢᠨᠠᠨ ᠬᠡᠮᠵᠢᠬᠦ ᠪᠤᠯᠵᠤᠯᠳᠦ ᠲᠤᠭ᠎ᠠ ᠶᠢ ᠨᠡᠮᠡᠭᠳᠡᠬᠦᠯᠬᠦ ᠂ ᠪᠤᠯᠪᠠᠰᠤᠷᠠᠯ ᠬᠠᠮᠢᠶᠠᠷᠤᠯᠳᠠ ᠪᠠᠨ ᠡᠷᠴᠢᠮᠵᠢᠬᠦᠯᠬᠦ ᠵᠡᠷᠭᠡ ᠠᠷᠭ᠎ᠠ ᠭᠡᠮᠵᠢᠶ᠎ᠠ ᠪᠠᠷ ᠲᠠᠮᠵᠢᠨ ᠰᠤᠭᠤᠴᠢᠨ ᠪᠠᠶᠢᠴᠠᠭᠠᠵᠦ ᠬᠢᠨᠡᠨ ᠭᠡᠮᠵᠢᠬᠦ ᠪᠠ ᠵᠦᠪᠳᠡᠯᠴᠡᠨ ᠵᠠᠳᠠᠯᠬᠤ ᠶᠢ ᠦᠨᠡᠨ ᠬᠦ ᠴᠢᠩᠬᠠᠳᠬᠠᠵᠦ᠂ ᠢᠳᠡᠰᠢᠨ ᠨᠤᠭᠤᠭ᠎ᠠ᠂ ᠵᠢᠮᠢᠰ᠂ ᠮᠠᠯ ᠵᠢᠬᠦᠷᠳᠡᠨ ᠤ ᠠᠰᠢᠬ ᠰᠢᠮ᠎ᠠ ᠪᠤᠯᠤᠨ ᠤᠰᠤᠨ ᠭᠠᠷᠤᠯᠳᠠ ᠶᠢᠨ ᠪᠦᠳᠦᠭᠡᠭᠳᠡᠬᠦᠨ ᠵᠡᠷᠭᠡ ᠲᠦᠷᠪᠡᠨ ᠶᠡᠭᠡ ᠲᠦᠷᠦᠯ ᠤᠨ 48 ᠵᠦᠢᠯ ᠤᠨ 3760 ᠳᠡᠭᠡᠵᠢ ᠶᠢ ᠰᠤᠭᠤᠴᠢᠨ ᠪᠠᠶᠢᠴᠠᠭᠠᠵᠦ᠂ 12 ᠠᠶᠢᠮᠠᠬ ᠬᠤᠳᠠ᠂ 1 ᠲᠤᠰᠠᠭᠠᠷ ᠲᠦᠯᠦᠪᠯᠡᠭᠡᠳᠦ ᠬᠤᠳᠠ᠂ 53 ᠬᠤᠰᠢᠭᠤ ᠰᠢᠶᠠᠨ ︵ᠲᠤᠭᠤᠷᠢᠭ︶ ᠢ ᠬᠠᠮᠤᠷᠤᠭᠰᠠᠨ ᠪᠠᠶᠢᠨ᠎ᠠ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号