ᠦᠪᠦᠷ ᠮᠤᠩᠭᠤᠯ ᠤᠨ ᠬᠤᠷᠢᠨ ᠨᠠᠢᠮᠠᠳᠤᠭᠠᠷ ᠬᠤᠭᠤᠴᠠᠭᠠᠨ ᠤ ᠠᠶᠠᠯᠠᠯ ᠵᠢᠭᠤᠯᠴᠢᠯᠠᠯ ᠤᠨ ᠨᠠᠭᠠᠳᠤᠮ ᠤᠨ ᠶᠡᠭᠡ ᠬᠤᠷᠠᠯ 8 ᠰᠠᠷ᠎ᠠ ᠶᠢᠨ 11 ᠤ ᠡᠳᠦᠷ ᠨᠡᠬᠡᠬᠡᠯᠳᠡ ᠪᠠᠨ ᠬᠢᠨ᠎ᠡ
ᠨᠡᠶᠢᠲᠡᠯᠡᠭᠰᠡᠨ ᠴᠠᠭ᠄
2018-07-19
      ᠰᠢᠨᠬᠤᠸᠠ ᠮᠤᠩᠭᠤᠯ ᠨᠧᠲ ᠬᠦᠬᠡᠬᠤᠲᠠ ᠶᠢᠨ 7 ᠰᠠᠷ᠎ᠠ ᠶᠢᠨ 18 ᠤ ᠡᠳᠦᠷ ᠤᠨ ᠴᠠᠬᠢᠯᠭᠠᠨ ᠮᠡᠳᠡᠭᠡ ︵ᠪᠤᠯᠤᠷᠴᠡᠴᠡᠭ᠂ ᠨᠠᠬᠢᠶ᠎ᠠ︶ 18 ᠤ ᠡᠳᠦᠷ ᠬᠤᠷᠠᠯᠳᠤᠭᠰᠠᠨ ᠬᠡᠪᠯᠡᠯ ᠮᠡᠳᠡᠬᠡᠯᠡᠯ ᠤᠨ ᠬᠤᠷᠠᠯ ᠠᠴᠠ ᠤᠶᠢᠯᠠᠭᠠᠭᠰᠠᠨ ᠢᠶᠠᠷ᠂ ︽ᠦᠵᠡᠰᠬᠦᠯᠡᠩᠳᠤ ᠦᠪᠦᠷ ᠮᠤᠩᠭᠤᠯ᠂ ᠲᠠᠯ᠎ᠠ ᠨᠤᠲᠤᠭ ᠤᠨ ᠨᠠᠭᠠᠳᠤᠮ︾ ᠭᠤᠤᠯ ᠰᠡᠳᠦᠪᠲᠤ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠬᠤᠷᠢᠨ ᠨᠠᠢᠮᠠᠳᠤᠭᠠᠷ ᠬᠤᠭᠤᠴᠠᠭᠠᠨ ᠤ ᠠᠶᠠᠯᠠᠯ ᠵᠢᠭᠤᠯᠴᠢᠯᠠᠯ ᠤᠨ ᠨᠠᠭᠠᠳᠤᠮ ᠤᠨ ᠶᠡᠭᠡ ᠬᠤᠷᠠᠯ 8 ᠰᠠᠷ᠎ᠠ ᠶᠢᠨ 11 ᠤ ᠡᠳᠦᠷ ᠠᠴᠠ 13 ᠤ ᠡᠳᠦᠷ ᠪᠤᠯᠲᠠᠯ᠎ᠠ ᠤᠯᠠᠭᠠᠨᠴᠠᠪ ᠬᠤᠳᠠ ᠶᠢᠨ ᠳᠦᠷᠪᠡᠳ ᠬᠤᠰᠢᠭᠤᠨ ᠤ ᠭᠡᠭᠡᠨᠲᠠᠯ᠎ᠠ ᠶᠢᠨ ᠵᠢᠭᠤᠯᠴᠢᠯᠠᠯ ᠤᠨ ᠲᠦᠪ ᠲᠤ ᠵᠤᠬᠢᠶᠠᠨ ᠪᠠᠶᠢᠭᠤᠯᠤᠭᠳᠠᠨ᠎ᠠ᠃      ᠲᠤᠰ ᠬᠤᠭᠤᠴᠠᠭᠠᠨ ᠤ ᠨᠠᠭᠠᠳᠤᠮ ᠤᠨ ᠶᠡᠭᠡ ᠬᠤᠷᠠᠯ ᠢᠶᠠᠷ ᠮᠤᠷᠢ ᠤᠷᠤᠯᠳᠤᠬᠤ᠂ ᠰᠤᠷ ᠬᠠᠪᠤᠬᠤ᠂ ᠪᠦᠬᠡ ᠪᠠᠷᠢᠯᠳᠤᠬᠤ᠂ ᠪᠢᠯᠠᠭᠤ ᠰᠢᠳᠡᠬᠦ᠂ ᠰᠢᠳᠠᠷ᠎ᠠ ᠮᠦᠷᠦ᠋ᠢᠴᠡᠬᠦ ᠵᠡᠷᠭᠡ ᠤᠯᠠᠮᠵᠢᠯᠠᠯᠲᠤ ᠲᠠᠮᠢᠷ ᠤᠨ ᠤᠷᠤᠯᠳᠤᠭᠠᠨ ᠵᠤᠬᠢᠶᠠᠨ ᠪᠠᠶᠢᠭᠤᠯᠬᠤ ᠠᠴᠠ ᠭᠠᠳᠠᠨ᠎ᠠ ᠲᠤᠭᠤᠢ ᠲᠡᠷᠭᠡ ᠶᠢᠨ ᠮᠡᠷᠭᠡᠵᠢᠯ ᠤᠨ ᠲᠤᠭᠯᠠᠯᠲᠠ ᠶᠠᠪᠤᠭᠳᠠᠨ᠎ᠠ᠂ ᠮᠦᠨ ᠦᠨᠳᠦᠰᠦᠲᠡᠨ ᠤ ᠳᠠᠭᠤᠤ ᠪᠦᠵᠢᠭ ᠤᠨ ᠤᠯᠠᠮᠵᠢᠯᠠᠯᠲᠤ ᠳᠤᠭᠯᠠᠯᠳᠠ ᠠᠴᠠ ᠭᠠᠳᠠᠨ᠎ᠠ ᠮᠤᠤᠳ᠋ ᠮᠠᠶ᠋᠊ᠢᠭ ᠤᠨ ᠦᠨᠳᠦᠰᠦᠲᠡᠨ ᠤ ᠬᠤᠪᠴᠠᠰᠤ ᠵᠠᠰᠠᠯ ᠤᠨ ᠦᠵᠡᠭᠦᠯᠦᠯᠭᠡ ᠰᠤᠨᠢᠷᠬᠠᠭᠤᠯᠤᠨ᠎ᠠ᠃ ᠳᠤᠬᠠᠢ ᠶᠢᠨ ᠦᠶ᠎ᠡ ᠳᠤ᠂ ᠵᠢᠭᠤᠯᠴᠢᠳ ᠤᠪᠤᠭ᠎ᠠ ᠲᠠᠬᠢᠬᠤ᠂ ᠮᠤᠩᠭᠤᠯ ᠭᠡᠷ ᠪᠠᠷᠢᠬᠤ ᠵᠡᠷᠭᠡ ᠡᠯ᠎ᠡ ᠲᠦᠷᠦᠯ ᠤᠨ ᠵᠠᠩ ᠦᠢᠯᠡ ᠶᠢᠨ ᠬᠦᠳᠡᠯᠭᠡᠭᠡᠨ ᠳᠤ ᠤᠷᠤᠯᠴᠠᠨ᠂ ᠨᠤᠳᠤᠭ ᠤᠨ ᠠᠮᠳᠠᠳᠤ ᠬᠤᠭᠤᠯᠠ ᠤᠮᠳᠠ ᠲᠠᠢ ᠳᠠᠨᠢᠯᠴᠠᠬᠤ ᠳᠡᠳᠦᠢ ᠦᠬᠡᠢ ᠳᠤᠮᠳᠠᠳᠤ ᠮᠤᠩᠭᠤᠯ ᠤᠷᠤᠰ ᠤᠨ ᠤᠨᠴᠠᠯᠢᠭᠲᠤ ᠪᠠᠷᠠᠭ᠎ᠠ ᠪᠦᠳᠦᠬᠡᠭᠳᠡᠬᠦᠨ ᠢ ᠬᠤᠳᠠᠯᠳᠤᠨ ᠠᠪᠬᠤ ᠪᠤᠯᠤᠮᠵᠢ ᠲᠠᠢ᠃ ᠮᠦᠨ ᠭᠠᠷ ᠤᠨ ᠠᠶ᠎ᠠ ᠪᠠᠷ ᠬᠡᠷᠡᠯ ᠵᠢᠷᠤᠭ ᠠᠪᠴᠤ ︽ᠵᠠᠭᠤᠨ ᠪᠠᠭ ᠳᠦᠮᠡᠨ ᠬᠦᠮᠦᠨ︾ ᠤ ᠠᠶᠠᠯᠠᠯ ᠤᠨ ᠠᠵᠢᠯᠯᠠᠭᠠᠨ ᠳᠤ ᠤᠷᠤᠯᠴᠠᠵᠤ ᠪᠤᠯᠤᠨ᠎ᠠ᠃      ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠪᠠᠨ ᠲᠠᠪᠤᠳᠤᠭᠠᠷ ᠬᠤᠭᠤᠴᠠᠭᠠᠨ ᠤ ᠮᠤᠩᠭᠤᠯ ᠬᠤᠪᠴᠠᠰᠤ ᠵᠠᠰᠠᠯ ᠤᠨ ᠤᠷᠠᠯᠢᠭ ᠤᠨ ᠨᠠᠶᠢᠷ ᠤᠨ ᠤᠯᠠᠭᠠᠨᠴᠠᠪ ᠲᠠᠬᠢ ᠪᠡᠯᠡᠳᠬᠡᠯ ᠤᠷᠤᠯᠳᠤᠭᠠᠨ ᠵᠢᠴᠢ ᠮᠤᠩᠭᠤᠯ ᠦᠨᠳᠦᠰᠦᠳᠡᠨ ᠤ ᠰᠤᠩᠭᠤᠳᠠᠭ ᠬᠤᠪᠴᠠᠰᠤ ᠵᠠᠰᠠᠯ ᠤᠨ ᠦᠵᠡᠬᠦᠯᠦᠯᠬᠡ ᠨᠢ ᠴᠤ ᠡᠨᠡᠬᠦ ᠨᠠᠭᠠᠳᠤᠮ ᠤᠨ ᠬᠤᠭᠤᠴᠠᠭᠠᠨ ᠳᠤ ᠵᠤᠬᠢᠶᠠᠨ ᠪᠠᠶᠢᠭᠤᠯᠤᠭᠳᠠᠨ᠎ᠠ᠃
 
ᠢᠷᠡᠯᠲᠡ᠄ ᠰᠢᠨᠬᠤᠸᠠ ᠮᠤᠩᠭᠤᠯ ᠨᠧᠲ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号