ᠥᠪᠦᠷ ᠮᠣᠩᠭᠤᠯ ᠠᠴᠠ ᠬᠦᠴᠢᠷᠳᠡᠯᠲᠡᠢ ᠣᠯᠠᠨ ᠲᠥᠮᠡᠨ ᠢ ᠲᠤᠰᠠᠯᠠᠬᠤ ᠨᠥᠬᠦᠪᠦᠷᠢ ᠮᠥᠩᠬᠦ ᠶᠢᠨ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠭᠠᠷᠭᠠᠪᠠ
ᠨᠡᠶᠢᠲᠡᠯᠡᠭᠰᠡᠨ ᠴᠠᠭ᠄
2018-07-19
      ᠣᠷᠴᠢᠮ ᠤᠨ ᠡᠳᠦᠷ ᠲᠤ᠂ ᠬᠦᠴᠢᠷᠳᠡᠯᠲᠡᠢ ᠣᠯᠠᠨ ᠲᠥᠮᠡᠨ ᠢ ᠲᠤᠰᠠᠯᠠᠨ ᠳᠡᠮᠵᠢᠬᠦ ᠪᠡᠯᠡ ᠮᠥᠩᠬᠦ ᠶᠢᠨ ᠬᠠᠮᠢᠶᠠᠷᠤᠯᠲᠠ‌‍ᠶᠢ ᠳᠦᠷᠢᠮᠵᠢᠭᠦᠯᠵᠦ᠂ ᠠᠷᠠᠳ ᠲᠤ ᠠᠰᠢᠭ ᠬᠦᠷᠲᠡᠭᠡᠬᠦ ᠡᠯ᠎ᠡ  ᠲᠥᠷᠥᠯ   ᠤᠨ  ᠲᠥᠷᠦ   ᠶᠢᠨ  ᠪᠣᠳᠣᠯᠭ᠎ᠠ   ᠶᠢᠨ  ᠪᠦᠲᠦᠮᠵᠢᠲᠡᠢ‌ᠨᠠᠶᠢᠲᠠᠪᠤᠷᠢᠵᠢᠭᠤᠯᠬᠤ ᠶᠢ ᠠᠬᠢᠭᠤᠯᠤᠨ᠂ ᠬᠦᠴᠢᠷᠳᠡᠯᠲᠡᠢ ᠣᠯᠠᠨ  ᠲᠦᠮᠡᠨ   ᠤ  ᠤᠯᠵᠠᠭᠤᠷᠬᠠᠯᠳᠤ  ᠰᠡᠳᠬᠢᠭᠳᠡᠯ  ᠬᠢᠭᠡᠳ  ᠵᠣᠯ‌ᠵᠢᠷᠭᠠᠯᠲᠤ ᠰᠡᠳᠭᠢᠭᠳᠡᠯ ᠢ ᠦᠨᠡᠨ ᠬᠦ ᠳᠡᠭᠡᠭᠰᠢᠯᠡᠬᠦᠯᠬᠦ ᠶᠢᠨ ᠲᠤᠰᠠᠳᠠ ᠥᠪᠡᠷᠲᠡᠭᠡᠨ ᠵᠠᠰᠠᠬᠤ ᠣᠷᠣᠨ ᠤ ᠡᠳ᠋ ᠤᠨ  ᠵᠠᠰᠠᠭ  ‍ᠤᠨ‌‍ᠲ᠋ᠢᠩᠬᠢᠮ ᠪᠠ ᠠᠷᠠᠳ ᠤᠨ ᠶᠠᠪᠤᠳᠠᠯ ᠤᠨ ᠲᠢᠩᠬᠢᠮ  ᠠᠴᠠ《ᠥᠪᠦᠷ  ᠮᠣᠩᠭᠤᠯ   ᠤᠨ  ᠥᠪᠡᠷᠲᠡᠭᠡᠨ  ᠵᠠᠰᠠᠬᠤ  ᠣᠷᠣᠨ  ‍ᠤ‌‍ᠬᠦ᠋ᠴᠢᠷᠳᠡᠯᠲᠡᠢ ᠣᠯᠠᠨ ᠲᠥᠮᠡᠨ ᠢ ᠲᠤᠰᠠᠯᠠᠬᠤ ᠨᠥᠬᠦᠪᠦᠷᠢ ᠮᠥᠩᠬᠦ ᠶᠢᠨ  ᠬᠠᠮᠢᠶᠠᠷᠤᠯᠲᠠ   ᠶᠢᠨ  ᠠᠷᠭ᠎ᠠ  ᠬᠡᠮᠵᠢᠶ᠎ᠡ》︵ᠲᠤᠤᠷ᠎ᠠ《ᠠᠷᠭ᠎ᠠ ᠬᠡᠮᠵᠢᠶ᠎ᠡ》 ᠭᠡᠵᠦ ᠲᠤᠪᠴᠢᠯᠠᠨ᠎ᠠ︶ ᠶᠢ ᠬᠠᠮᠲᠤᠷᠠᠨ ᠲᠠᠷᠬᠠᠭᠠᠪᠠ᠃              《ᠠᠷᠭ᠎ᠠ ᠬᠡᠮᠵᠢᠶ᠎ᠡ》 ᠳᠤ᠂ ᠬᠦᠴᠢᠷᠳᠡᠯᠲᠡᠢ ᠣᠯᠠᠨ ᠲᠥᠮᠡᠨ ᠢ ᠲᠤᠰᠠᠯᠠᠬᠤ ᠨᠥᠬᠦᠪᠦᠷᠢ ᠮᠥᠩᠬᠦ ᠪᠣᠯ ᠲᠥᠪ  ‍ᠤᠨ‌ᠡᠳ᠋ ᠤᠨ ᠵᠠᠰᠠᠭ ᠪᠣᠯᠣᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠡᠯ᠎ᠡ ᠠᠶᠢᠮᠠᠭ ᠬᠤᠲᠠ ᠶᠢᠨ ᠬᠤᠲᠠ ᠬᠥᠳᠡᠭᠡ‌‍ᠶᠢᠨ ᠨᠠᠭᠠᠳᠤ ᠵᠠᠬ᠎ᠠ ᠢᠶᠠᠨ ᠠᠮᠢᠲᠤᠷᠠᠯ ᠤᠨ ᠪᠠᠲᠤᠯᠠᠭ᠎ᠠ᠂ ᠣᠨᠴᠠ ᠬᠦᠴᠢᠷᠳᠡᠯᠲᠡᠢ ᠬᠦᠮᠦᠰ ᠤᠨ  ᠠᠰᠠᠷᠠᠨ  ᠲᠡᠵᠢᠭᠡᠯᠲᠡ᠂  ᠲᠦᠷ‌‍ᠴᠠᠭ ᠤᠨ ᠲᠤᠰᠠᠯᠠᠯᠲᠠ᠂ ᠲᠡᠨᠦᠭᠦᠯᠴᠢᠳ ᠪᠠ ᠭᠤᠶᠢᠷᠠᠨᠴᠢᠳ ᠲᠤ ᠦᠵᠡᠬᠦᠯᠬᠦ  ᠲᠤᠰᠠᠯᠯᠠᠲᠠ᠂  ᠥᠨᠥᠴᠢᠨ  ᠬᠡᠦᠬᠡᠳ  ᠬᠢᠭᠡᠳ‌ᠠᠶᠢᠽ ᠡᠪᠳᠴᠢᠨ ᠳᠤ ᠨᠡᠷᠪᠡᠭᠳᠡᠭᠰᠡᠨ ᠬᠡᠦᠬᠡᠳ ᠤᠨ ᠠᠮᠢᠳᠤᠷᠠᠯ ᠤᠨ ᠦᠨᠳᠦᠰᠦᠨ ᠪᠠᠲᠤᠯᠠᠭ᠎ᠠ ᠶᠢ ᠪᠠᠲᠤᠯᠠᠬᠤ ᠵᠡᠷᠭᠡ ᠠᠵᠢᠯ ᠳ᠋ᠤ᠋‌ᠵᠠᠷᠤᠴᠠᠭᠤᠯᠬᠤ ᠪᠡᠯᠡ ᠮᠥᠩᠬᠦ ᠪᠣᠯᠬᠤ ᠪᠦᠭᠡᠳ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ  ᠲᠣᠬᠢᠷᠠᠭᠤᠯᠤᠯᠲᠠ  ᠨᠢ‌ᠡᠯ᠎ᠡ ᠠᠶᠢᠮᠠᠭ ᠬᠤᠲᠠ  ᠠᠴᠠ ᠵᠠᠰᠠᠭ ᠤᠨ ᠣᠷᠳᠣᠨ ᠨᠡᠶᠢᠭᠡᠮ ᠤᠨ ᠲᠤᠰᠠᠯᠠᠯᠲᠠ ᠶᠢᠨ ᠦᠢᠯᠡᠴᠢᠯᠡᠭᠡᠨ ᠤ ᠠᠵᠢᠯ   ᠢ  ᠬᠤᠳᠠᠯᠳᠤᠨ‌ᠠᠪᠬᠤ ᠳᠤ ᠬᠡᠷᠡᠭᠯᠡᠬᠦ ᠪᠡᠯᠡ ᠮᠥᠩᠬᠦ ᠪᠣᠯᠭᠠᠬᠤ ᠶᠢ ᠳᠡᠮᠵᠢᠨ᠎ᠡ ᠭᠡᠵᠦ ᠲᠤᠭᠲᠠᠭᠠᠭᠰᠠᠨ ᠪᠠᠶᠢᠨ᠎ᠠ᠃              ᠬᠤᠰᠢᠭᠤ ᠰᠢᠶᠠᠨ ︵ᠬᠤᠲᠠ᠂ ᠲᠤᠭᠤᠷᠢᠭ︶ ᠤᠨ ᠡᠳ᠋ ᠤᠨ ᠵᠠᠰᠠᠭ᠂ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ  ᠨᠢ‌‍ᠭᠡᠷ ᠪᠦᠯᠢ ᠪᠤᠶᠤ ᠬᠤᠪᠢ ᠬᠥᠮᠦᠨ ᠢ ᠲᠤᠰᠠᠯᠠᠬᠤ ᠶᠢᠨ ᠡᠭᠦᠳᠡᠨ ᠠᠴᠠ ᠣᠷᠣᠯᠠᠭᠴᠢ ᠮᠥᠩᠬᠦᠨ ᠬᠦᠢᠯᠭᠡᠭᠡᠨ ᠤ ᠪᠠᠶᠢᠭᠤᠯᠦᠮᠵᠢ ᠳ᠋ᠤ᠋‌‍ᠲ᠋ᠤᠰᠠᠯᠠᠮᠵᠢ ᠶᠢᠨ ᠮᠥᠩᠬᠦ ᠶᠢ ᠬᠦᠯᠢᠶᠡᠵᠦ ᠴᠢᠳᠠᠬᠤ ᠮᠥᠩᠭᠦᠨ ᠤ ᠳᠠᠩᠰᠠᠨ ᠡᠷᠦᠬᠡ ᠭᠠᠷᠭᠠᠵᠤ ᠪᠤᠯᠤᠨ᠎ᠠ᠃ ᠪᠠᠰᠠ  ᠨᠡᠶᠢᠭᠡᠮ  ‍ᠤᠨ‌‍ᠪᠠᠲᠤᠯᠭᠠᠲᠤ ᠺᠠᠷᠲ ᠡᠰᠡᠭᠦᠯ᠎ᠡ ᠡᠳ᠋ ᠤᠨ ᠵᠠᠰᠠᠭ ᠤᠨ ᠨᠥᠬᠦᠪᠦᠷᠢ ᠮᠥᠩᠬᠦ《ᠪᠥᠬᠦᠨ ᠳᠤ ᠨᠡᠪᠲᠡᠷᠡᠬᠦ ᠺᠠᠷᠲ》 ᠵᠡᠷᠭᠡ ᠬᠡᠯᠪᠡᠷᠢ‌‍ᠪᠠᠷ ᠨᠥᠬᠦᠪᠦᠷᠢ ᠮᠥᠩᠬᠦ ᠣᠯᠭᠤᠵᠤ ᠪᠣᠯᠣᠨ᠎ᠠ᠃ ᠭᠡᠬᠦ  ᠳᠡᠭᠡᠨ ᠣᠷᠣᠯᠠᠭᠴᠢ ᠮᠥᠩᠭᠦᠨ ᠬᠦᠢᠯᠭᠡᠭᠡᠨ ᠤ ᠪᠠᠶᠢᠭᠤᠯᠤᠮᠵᠢ  ᠲᠤᠰᠠᠯᠠᠮᠵᠢ‌‍ᠬᠦ᠋ᠯᠢᠶᠡᠨ ᠠᠪᠬᠤ ᠭᠡᠷ ᠪᠦᠯᠢ ᠪᠣᠶᠣ ᠬᠤᠪᠢ ᠬᠦᠮᠦᠨ ᠠᠴᠠ ᠶᠠᠮᠠᠷᠪᠠ  ᠬᠡᠯᠪᠡᠷᠢ   ᠪᠠᠷ  ᠮᠥᠩᠭᠦᠨ   ᠤ  ᠳᠠᠩᠰᠠᠨ  ᠡᠷᠦᠬᠡ  ᠵᠢᠨ‌ᠬᠠᠮᠢᠶᠠᠷᠤᠯᠲᠠ ᠶᠢᠨ ᠲᠦᠯᠦᠪᠦᠷᠢ ᠬᠤᠷᠢᠶᠠᠵᠤ ᠪᠤᠯᠬᠤ ᠦᠭᠡᠢ᠃ ᠡᠭᠦᠨ ᠤ ᠵᠡᠷᠭᠡᠴᠡᠭᠡ ᠪᠠᠷ᠂ ᠡᠯ᠎ᠡ ᠱᠠᠲᠤᠨ ᠤ ᠡᠳ᠋ ᠤᠨ ᠵᠠᠰᠠᠭ᠂ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠨᠢ ᠮᠥᠩᠭᠦᠨ ᠤ ᠬᠢᠨᠡᠯᠲᠠ ᠶᠢᠨ ᠲᠣᠭᠲᠠᠯᠴᠠᠭ᠎ᠠ ᠶᠢ ᠪᠠᠶᠢᠭᠤᠯᠤᠨ ᠲᠡᠭᠦᠯᠳᠡᠷᠵᠢᠭᠦᠯᠬᠦ‌‍ᠬᠡᠷᠡᠭᠲᠡᠢ᠃ ᠨᠥᠬᠦᠪᠦᠷᠢ ᠮᠥᠩᠭᠦᠨ ᠤ ᠬᠡᠷᠡᠭᠯᠡᠭᠡᠨ ᠤ ᠬᠠᠮᠢᠶᠠᠷᠤᠯᠲᠠ ᠶᠢᠨ ᠪᠠᠶᠢᠳᠠᠯ   ᠳᠤ  ᠲᠣᠭᠲᠠᠮᠠᠯ  ᠪᠣᠶᠣ  ᠲᠣᠭᠲᠠᠮᠠᠯ  ᠪᠣᠰᠤ‌ᠬᠤᠭᠤᠴᠠᠭ᠎ᠠ ᠲᠠᠢ ᠪᠠᠷ ᠪᠠᠶᠢᠴᠠᠭᠠᠯᠲᠠ ᠬᠢᠵᠦ᠂ ᠬᠤᠯᠪᠤᠭᠳᠠᠯ ᠪᠥᠬᠦᠢ ᠠᠰᠠᠭᠤᠳᠠᠯ ᠢ ᠴᠠᠭ  ᠲᠤᠬᠠᠢ   ᠳᠤ   ᠨᠢ  ᠰᠡᠷᠡᠨ  ᠮᠡᠳᠡᠵᠦ‌ᠵᠠᠯᠠᠷᠠᠭᠤᠯᠤᠨ᠂ ᠮᠥᠩᠭᠦᠨ ᠣᠯᠭᠤᠭᠰᠠᠨ ᠪᠠᠶᠢᠳᠠᠯ ᠢ ᠨᠡᠶᠢᠲᠡ ᠳᠤ ᠵᠠᠷᠯᠠᠨ᠂ ᠣᠯᠠᠨ ᠲᠥᠮᠡᠨ ᠤ ᠬᠢᠨᠠᠯᠲᠠ ᠶᠢ ᠬᠦᠯᠢᠶᠡᠬᠦ ᠬᠡᠷᠡᠭᠲᠡᠢ‌‍ᠭᠡᠵᠦ《ᠠᠷᠭ᠎ᠠ ᠬᠡᠮᠵᠢᠶ᠎ᠡ》 ᠳᠤ ᠲᠣᠭᠲᠠᠭᠠᠭᠰᠠᠨ ᠪᠠᠶᠢᠨ᠎ᠠ᠃              ᠡᠯ᠎ᠡ ᠱᠠᠳᠤᠨ ᠤ ᠡᠳ᠋ ᠤᠨ ᠵᠠᠰᠠᠭ᠂ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠪᠠ ᠭᠠᠷᠳᠠᠨ ᠬᠢᠬᠦ  ᠪᠠᠶᠢᠭᠤᠯᠦᠮᠵᠢ‌ᠨᠢ ᠬᠤᠯᠪᠤᠭᠳᠠᠯ ᠪᠥᠬᠦᠢ ᠪᠡᠯᠡ ᠮᠥᠩᠬᠦ ᠶᠢ ᠲᠤᠭᠳᠠᠭᠠᠯ ᠶᠤᠰᠤᠭᠠᠷ ᠬᠡᠷᠡᠭᠯᠡᠬᠦ ᠬᠡᠷᠡᠭᠲᠡᠢ᠃ ᠵᠠᠷᠤᠯᠭ᠎ᠠ  ᠶᠢᠨ ᠬᠦᠷᠢᠶ᠎ᠡ ᠬᠡᠪᠴᠢᠶ᠎ᠡ ᠵᠢ‌‍ᠲ᠋ᠤᠷ᠎ᠠ ᠲᠠᠪᠠ ᠪᠠᠷ ᠥᠷᠭᠡᠳᠭᠡᠵᠦ ᠪᠣᠯᠬᠤ ᠦᠭᠡᠢ᠃  ᠶᠠᠮᠠᠷᠪᠠ  ᠬᠡᠯᠪᠡᠷᠢ   ᠪᠠᠷ  ᠡᠵᠡᠯᠡᠬᠦ᠂  ᠨᠡᠭᠦᠯᠬᠡᠨ  ᠬᠡᠷᠡᠭᠯᠡᠬᠦ᠂  ᠲᠠᠰᠤᠳᠠᠨ‌ᠦᠯᠡᠳᠡᠭᠡᠬᠦ ᠪᠣᠶᠣ ᠰᠠᠭᠠᠲᠠᠭᠠᠵᠤ ᠪᠣᠯᠬᠤ ᠦᠭᠡᠢ᠂ ᠲᠤᠰᠠᠯᠠᠮᠵᠢ ᠬᠦᠯᠢᠶᠡᠨ ᠠᠪᠤᠭᠴᠢ ᠡᠲᠡᠭᠡᠳ   ᠠᠴᠠ  ᠶᠠᠮᠠᠷᠪᠠ  ᠬᠠᠮᠢᠶᠠᠷᠤᠯᠲᠠ‌‍ᠶᠢᠨ ᠲᠦᠯᠦᠪᠦᠷᠢ ᠬᠤᠷᠢᠶᠠᠵᠤ ᠪᠣᠯᠬᠤ ᠦᠭᠡᠢ᠃ ᠡᠨᠡ ᠬᠦ ᠠᠷᠭ᠎ᠠ  ᠬᠡᠮᠵᠢᠶᠡᠨ   ᠤ  ᠲᠤᠭᠳᠠᠭᠠᠯ   ᠠᠴᠠ  ᠵᠥᠷᠢᠴᠡᠭᠰᠡᠨ  ᠦᠢᠯᠡ‌ᠠᠵᠢᠯᠯᠠᠭ᠎ᠠ ᠪᠣᠶᠣ ᠡᠷᠬᠡ ᠲᠤᠰᠢᠶᠠᠯ ᠢᠶᠠᠨ ᠳᠣᠷ᠎ᠠ ᠪᠠᠷ ᠢᠶᠠᠨ  ᠬᠡᠷᠡᠭᠯᠡᠬᠦ᠂  ᠲᠤᠰᠢᠶᠠᠯ  ᠬᠠᠷᠢᠭᠤᠴᠠᠯᠭ᠎ᠠ   ᠪᠠᠨ  ᠤᠮᠳᠠᠭᠠᠶᠢᠯᠠᠬᠤ᠂ᠨᠢᠭᠤᠷ ᠲᠠᠯ᠎ᠠ ᠬᠠᠷᠠᠵᠤ ᠬᠠᠣᠯᠢ ᠶᠣᠰᠣ ᠶᠢ ᠵᠥᠷᠢᠴᠡᠬᠦ ᠵᠡᠷᠭᠡ ᠬᠠᠣᠯᠢ ᠴᠠᠭᠠᠵᠠ᠂ ᠳᠦᠷᠢᠮ ᠲᠤᠭᠲᠠᠭᠠᠯ  ᠵᠥᠷᠢᠴᠡᠭᠰᠡᠨ  ᠪᠣᠰᠣᠳ‌ᠦᠢᠯᠡ ᠠᠵᠢᠯᠯᠠᠭ᠎ᠠ ᠪᠠᠶᠢᠪᠠᠯ ᠬᠤᠯᠪᠤᠭᠳᠠᠯ ᠪᠦᠬᠦᠢ ᠲᠤᠭᠲᠠᠭᠠᠯ ᠢᠶᠠᠷ ᠬᠠᠷᠠᠭᠠᠯᠵᠠᠭᠰᠠᠨ ᠬᠠᠷᠢᠭᠤᠴᠠᠯᠭ᠎ᠠ  ᠨᠡᠬᠡᠮᠵᠢᠯᠡᠨ᠎ᠡ᠃  ᠶᠠᠯ᠎ᠠ‌‍ᠬᠢᠭᠰᠡᠨ ᠰᠡᠵᠢᠭᠯᠡᠯᠲᠡᠢ ᠪᠠᠶᠢᠪᠠᠯ ᠬᠠᠣᠯᠢ ᠶᠣᠰᠤᠭᠠᠷ ᠬᠠᠣᠯᠢ ᠶᠢᠨ ᠪᠠᠶᠢᠭᠤᠯᠤᠯᠭ᠎ᠠ ᠳᠤ ᠬᠦᠷᠭᠡᠵᠦ ᠴᠢᠩᠭ᠎ᠠ   ᠪᠠᠷ  ᠰᠢᠢᠳᠪᠦᠷᠢᠯᠡᠨ᠎ᠡ‌‍ᠭᠡᠵᠦ 《ᠠᠷᠭ᠎ᠠ ᠬᠡᠮᠵᠢᠶ᠎ᠡ》 ᠳᠤ ᠲᠣᠭᠲᠠᠭᠠᠭᠰᠠᠨ ᠪᠠᠶᠢᠨ᠎ᠠ᠃ ︵ᠥᠪᠦᠷ ᠮᠣᠩᠭᠤᠯ ᠤᠨ ᠡᠳᠦᠷ ᠤᠨ  ᠰᠣᠨᠢᠨ   ᠤ  ᠨᠡᠶᠢᠭᠡᠮ‌ᠠᠵᠦ ᠠᠬᠤᠢ ᠶᠢᠨ ᠰᠣᠷᠪᠣᠯᠵᠢᠯᠠᠭᠴᠢ ᠾᠸᠧ ᠰᠢᠶᠦᠦ ᠷᠦᠩ︶   ᠣᠷᠴᠢᠭᠤᠯᠣᠭᠰᠠᠨ ᠨᠢ᠄ ᠳᠠᠳᠣᠯᠭ᠎ᠠ ᠶᠢᠨ ᠰᠣᠷᠣᠭᠴᠢ ᠭᠤᠷᠤᠬ᠎ᠠ
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号