ᠬᠤᠷᠢᠨᠭᠡᠷ ᠰᠢᠶᠠᠨ ︽ᠠᠵᠣ ᠠᠬᠤᠶᠢᠯᠠᠯ ᠡᠭᠦᠯᠡᠨ ᠪᠣᠳᠣᠯᠲᠠ ᠶᠢᠨ ᠲᠠᠪᠴᠠᠩ ᠳᠤ ᠭᠠᠷᠬᠤ︾ ᠶᠢ ᠲᠦᠯᠬᠢᠨ ᠠᠬᠢᠭᠤᠯᠬᠤ ᠶᠡᠭᠡ ᠬᠤᠷᠠᠯ ᠢ ᠡᠷᠬᠢᠯᠡᠨ ᠬᠤᠷᠠᠯᠳᠣᠭᠤᠯᠪᠠ
ᠨᠡᠶᠢᠲᠡᠯᠡᠭᠰᠡᠨ ᠴᠠᠭ᠄
2018-07-02
     6 ᠳ᠋ᠤᠭᠠᠷ ᠰᠠᠷ᠎ᠠ ᠶᠢᠨ 28 ᠤ ᠡᠳᠦᠷ᠂ ︽ᠬᠤᠷᠢᠨᠭᠡᠷ ᠰᠢᠶᠠᠨ ᠤ ︿ᠠᠵᠣ ᠠᠬᠤᠶᠢᠯᠠᠯ ᠡᠭᠦᠯᠡᠨ ᠪᠣᠳᠣᠯᠲᠠ ᠶᠢᠨ ᠲᠠᠪᠴᠠᠩ ᠳᠤ ᠭᠠᠷᠬᠤ﹀ ᠶᠢ ᠲᠦᠯᠬᠢᠨ ᠠᠬᠢᠭᠤᠯᠬᠤ ᠶᠡᠭᠡ ᠬᠤᠷᠠᠯ︾ ᠬᠤᠷᠢᠨᠭᠡᠷ ᠰᠢᠶᠠᠨ ᠤ ᠵᠢᠥᠢ ᠬᠤᠸᠠ ᠪᠠᠭᠤᠳᠠᠯ ᠳᠤ ᠬᠤᠷᠠᠯᠳᠣᠭᠤᠯᠪᠠ᠃ ᠡᠨᠡ ᠣᠳᠠᠭᠠᠨ ᠤ ᠬᠤᠷᠠᠯ ᠢ ᠬᠤᠷᠢᠨᠭᠡᠷ ᠰᠢᠶᠠᠨ ᠤ ᠠᠵᠣ ᠠᠬᠤᠢ ᠮᠡᠳᠡᠭᠡ ᠵᠠᠩᠭᠢᠴᠢᠯᠠᠯᠲᠠ ᠶᠢᠨ ᠲᠣᠪᠴᠢᠶ᠎ᠠ ᠠᠴᠠ ᠭᠤᠣᠯᠯᠠᠨ ᠡᠷᠬᠢᠯᠡᠵᠦ᠂ ᠳᠣᠮᠳᠠᠳᠣ ᠣᠯᠣᠰ ᠤᠨ ᠰᠢᠯᠵᠢᠮᠡᠯ ᠬᠤᠯᠪᠣᠭ᠎ᠠ ᠶᠢᠨ ᠬᠤᠷᠢᠨᠭᠡᠷ ᠲᠠᠬᠢ ᠬᠤᠪᠢᠶᠠᠷᠢ ᠺᠤᠮᠫᠠᠨᠢ᠂ ᠳᠣᠮᠳᠠᠳᠣ ᠣᠯᠣᠰ ᠤᠨ ᠨᠢᠭᠡᠳᠦᠮᠡᠯ ᠬᠤᠯᠪᠣᠭ᠎ᠠ ᠶᠢᠨ ᠬᠤᠷᠢᠨᠭᠡᠷ ᠲᠠᠬᠢ ᠬᠤᠪᠢᠶᠠᠷᠢ ᠺᠤᠮᠫᠠᠨᠢ᠂ ᠳᠣᠮᠳᠠᠳᠣ ᠣᠯᠣᠰ ᠤᠨ ᠴᠠᠬᠢᠯᠭᠠᠨ ᠮᠡᠳᠡᠭᠡ ᠬᠤᠯᠪᠣᠭ᠎ᠠ ᠶᠢᠨ ᠬᠤᠷᠢᠨᠭᠡᠷ ᠲᠠᠬᠢ ᠬᠤᠪᠢᠶᠠᠷᠢ ᠺᠤᠮᠫᠠᠨᠢ ᠬᠤᠯᠪᠣᠭᠠᠯᠠᠨ ᠳᠠᠭᠠᠭᠠᠨ ᠡᠷᠬᠢᠯᠡᠵᠦ᠂ ᠯᠠᠩ ᠴᠤᠤ ᠵᠥᠭᠡᠯᠡᠨ ᠲᠣᠨᠤᠭ ᠤᠨ ᠪᠦᠯᠦᠭᠯᠡᠯ ᠤᠨ ᠬᠢᠵᠠᠭᠠᠷᠲᠣ ᠺᠣᠮᠫᠠᠨᠢ᠂ ᠥᠪᠥᠷ ᠮᠣᠩᠭᠤᠯ ᠤᠨ ᠡᠭᠦᠯᠡᠨ ᠰᠢᠨᠵᠢᠯᠡᠬᠦ ᠮᠡᠷᠭᠡᠵᠢᠯ ᠤᠨ ᠲᠤᠭ᠎ᠠ ᠪᠠᠷᠢᠮᠲᠠ ᠶᠢᠨ ᠦᠢᠯᠡᠴᠢᠯᠡᠭᠡ ᠶᠢᠨ ᠬᠢᠵᠠᠭᠠᠷᠲᠣ ᠺᠣᠮᠫᠠᠨᠢ᠂ ᠥᠪᠥᠷ ᠮᠣᠩᠭᠤᠯ ᠤᠨ ᠮᠸᠢ ᠢ ᠲᠦᠩ ᠰᠢᠨᠵᠢᠯᠡᠬᠦ ᠣᠬᠠᠭᠠᠨ ᠮᠡᠷᠭᠡᠵᠢᠯ ᠤᠨ ᠬᠢᠵᠠᠭᠠᠷᠲᠣ ᠺᠣᠮᠫᠠᠨᠢ ᠬᠠᠮᠵᠢᠯᠴᠠᠨ ᠡᠷᠬᠢᠯᠡᠪᠡ᠃ ᠬᠤᠲᠠ ᠶᠢᠨ ᠠᠵᠣ ᠠᠬᠤᠢ ᠮᠡᠳᠡᠭᠡ ᠵᠠᠩᠭᠢᠴᠢᠯᠠᠯᠲᠠ ᠶᠢᠨ ᠵᠥᠪᠯᠡᠯ ᠤᠨ ᠳᠡᠳ᠋ ᠪᠠᠶᠢᠴᠠᠭᠠᠨ ᠰᠣᠳᠣᠯᠣᠭᠴᠢ ᠿᠧᠨ ᠶᠢᠩ ᠾᠦᠢ ᠬᠤᠯᠪᠣᠭᠳᠠᠯ ᠪᠦᠬᠦᠢ ᠰᠠᠯᠠᠭ᠎ᠠ ᠲᠠᠰᠤᠭ ᠤᠨ ᠬᠠᠷᠢᠭᠤᠴᠠᠯᠭᠠᠲᠠᠨ ᠢ ᠳᠠᠭᠠᠭᠤᠯᠵᠣ ᠬᠤᠷᠠᠯ ᠳᠤ ᠰᠠᠭᠠᠲᠠᠵᠣ᠂ ᠬᠤᠶᠠᠷ ᠵᠠᠭᠤ ᠭᠠᠷᠣᠢ ᠠᠵᠣ ᠠᠬᠤᠶᠢᠯᠠᠯᠲᠠᠨ ᠤ ᠲᠦᠯᠦᠭᠡᠯᠡᠭᠴᠢ ᠲᠣᠰ ᠣᠳᠠᠭᠠᠨ ᠤ ᠬᠤᠷᠠᠯ ᠳᠤ ᠣᠷᠣᠯᠴᠠᠭᠰᠠᠨ ᠪᠠᠶᠢᠨ᠎ᠠ᠃      ᠡᠨᠡ ᠤᠳᠠᠭᠠᠨ ᠤ ᠶᠡᠭᠡ ᠬᠤᠷᠠᠯ ᠨᠢ ︽ᠵᠠᠭᠤᠨ ᠠᠵᠣ ᠠᠬᠤᠶᠢᠯᠠᠯ ᠣᠶᠣᠨ ᠪᠢᠯᠢᠭ ᠢᠶᠠᠷ ᠬᠤᠯᠪᠣᠭᠠᠰᠣ ᠪᠣᠯᠭᠠᠵᠣ᠂ ᠡᠭᠦᠯᠡᠨ ᠪᠣᠳᠣᠯᠲᠠ ᠪᠠᠷ ᠢᠷᠡᠭᠡᠳᠦᠢ ᠪᠠᠨ ᠴᠣᠭᠴᠠᠯᠠᠰᠣᠭᠠᠢ︾ ᠪᠠᠷ ᠭᠤᠣᠯ ᠰᠡᠳᠦᠪ ᠪᠣᠯᠭᠠᠵᠣ᠂ ᠭᠤᠣᠯ ᠵᠣᠷᠢᠯᠭ᠎ᠠ ᠨᠢ ᠳᠠᠷᠣᠢ ᠬᠤᠷᠢᠨᠭᠡᠷ ᠰᠢᠶᠠᠨ ᠤ ᠠᠵᠣ ᠠᠬᠤᠶᠢᠯᠠᠯ ᠤᠳ ᠤᠨ ᠢᠨᠲ᠋ᠧᠷ ᠰᠦᠯᠵᠢᠶ᠎ᠡ᠂ ᠲᠣᠮᠤ ᠳ᠋ᠠᠶᠢᠲ᠋ᠠ ᠡᠭᠦᠯᠡᠨ ᠪᠣᠳᠣᠯᠲᠠ ᠵᠡᠷᠭᠡ ᠰᠢᠨ᠎ᠡ ᠨᠢᠭᠡᠨ ᠦᠶ᠎ᠡ ᠶᠢᠨ ᠰᠣᠷᠠᠭ ᠵᠠᠩᠭᠢ ᠶᠢᠨ ᠮᠡᠷᠭᠡᠵᠢᠯ ᠢ ᠠᠰᠢᠭᠯᠠᠵᠣ ᠰᠢᠨ᠎ᠡ ᠶᠢ ᠡᠭᠦᠳᠬᠦ ᠬᠦᠭᠵᠢᠯᠲᠡ ᠶᠢᠨ ᠴᠢᠳᠠᠪᠣᠷᠢ ᠶᠢ ᠲᠦᠯᠬᠢᠨ  ᠣᠷᠣᠭᠰᠢᠯᠠᠭᠤᠯᠬᠤ ᠶᠢ ᠠᠬᠢᠭᠤᠯᠬᠤ ᠳᠤ ᠪᠠᠶᠢᠵᠣ᠂ ᠠᠵᠣ ᠠᠬᠤᠶᠢᠯᠠᠯ ᠤᠨ ᠰᠢᠨ᠎ᠡ ᠬᠡᠪ ᠪᠠᠶᠢᠳᠠᠯ ᠤᠨ ᠳᠣᠣᠷᠠᠬᠢ ᠬᠦᠭᠵᠢᠯᠲᠡ ᠶᠢᠨ ᠬᠦᠳᠡᠯᠭᠡᠬᠦ ᠬᠦᠴᠦᠨ ᠢ ᠨᠡᠮᠡᠭᠳᠡᠭᠦᠯᠵᠦ᠂ ︽ᠠᠵᠣ ᠠᠬᠤᠶᠢᠯᠠᠯ ᠡᠭᠦᠯᠡᠨ ᠪᠣᠳᠣᠯᠲᠠ ᠶᠢᠨ ᠲᠠᠪᠴᠠᠩ ᠳᠤ ᠭᠠᠷᠬᠤ︾ ᠣᠬᠠᠮᠰᠠᠷ ᠬᠢᠭᠡᠳ ᠠᠵᠣ ᠦᠢᠯᠡᠰ ᠤᠨ ᠦᠷᠢᠰᠦᠯᠳᠦᠬᠦ ᠬᠦᠴᠦᠨ ᠢ ᠳᠡᠭᠡᠭᠰᠢᠭᠦᠯᠵᠦ᠂ ᠰᠢᠶᠠᠨ ᠤ ᠠᠵᠣ ᠦᠢᠯᠡᠳᠪᠦᠷᠢ ᠶᠢᠨ ᠠᠵᠣ ᠠᠬᠤᠢ ᠶᠢᠨ ᠬᠡᠯᠪᠡᠷᠢ ᠪᠠᠨ ᠬᠤᠪᠢᠷᠠᠭᠤᠯᠣᠨ ᠳᠡᠰ ᠳᠡᠪᠰᠢᠬᠦ ᠶᠢ ᠠᠬᠢᠭᠤᠯᠵᠣ᠂ ᠡᠭᠦᠯᠡᠨ ᠪᠣᠳᠣᠯᠲᠠ ᠶᠢᠨ ᠮᠡᠷᠭᠡᠵᠢᠯ ᠤᠨ ᠬᠡᠷᠡᠭᠯᠡᠯᠲᠡ ᠶᠢ ᠲᠦᠷᠭᠡᠳᠬᠡᠨ᠂ ᠦᠢᠯᠡᠴᠢᠯᠡᠭᠡᠨ ᠤ ᠰᠢᠰᠲ᠋ᠧᠮ ᠢ ᠪᠦᠷᠢᠨᠰᠢᠭᠦᠯᠵᠦ᠂ ᠠᠮᠢ ᠠᠬᠤᠢ ᠶᠢᠨ ᠬᠡᠯᠬᠢᠶᠡᠵᠢᠯ ᠢ ᠪᠦᠷᠢᠯᠳᠦᠭᠦᠯᠦᠨ᠎ᠡ᠃ ᠶᠡᠭᠡ ᠬᠤᠷᠠᠯ ᠢ ᠡᠷᠬᠢᠯᠡᠨ ᠶᠠᠪᠣᠭᠳᠠᠭᠤᠯᠣᠭᠰᠠᠨ ᠨᠢ ᠬᠤᠷᠢᠨᠭᠡᠷ ᠰᠢᠶᠠᠨ ᠤ ᠠᠵᠣ ᠠᠬᠤᠶᠢᠯᠠᠯ ᠤᠨ ᠡᠭᠦᠯᠡᠨ ᠪᠣᠳᠣᠯᠲᠠ ᠶᠢᠨ ᠲᠠᠪᠴᠠᠩ ᠳᠤ ᠭᠠᠷᠣᠭᠰᠠᠨ ᠬᠦᠰᠢᠭᠡ ᠶᠢ ᠢᠷᠠᠭᠰᠠᠨ ᠪᠠᠶᠢᠨ᠎ᠠ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号