ᠴᠢᠬᠤᠯᠠ ᠶᠡᠭᠡ ᠬᠤᠪᠢᠰᠬᠠᠯ ᠤᠨ ᠲᠡᠤᠬᠡ ᠪᠠᠷ ᠰᠡᠳᠦᠪᠯᠡᠭᠰᠡᠨ ᠺᠢᠨᠣ᠋《 ᠵᠸᠤ ᠡᠸ᠋ᠨ ᠯᠠᠢ ᠬᠢᠭᠡᠳ ᠤᠯᠠᠭᠠᠨᠮᠥ᠋ᠴᠢᠷ》ᠦᠵᠡᠭᠳᠡᠯ ᠰᠤᠯᠢᠵᠤ ᠦᠴᠦᠸᠠᠨ ᠰᠢᠶᠠᠨ ᠳᠤ ᠢᠷᠡᠵᠤ ᠰᠡᠭᠦᠳᠡᠷᠯᠡᠪᠡ
ᠨᠡᠶᠢᠲᠡᠯᠡᠭᠰᠡᠨ ᠴᠠᠭ᠄
2018-07-02
                 ᠣᠶᠢᠷ᠎ᠠ ᠶᠢᠨ ᠬᠤᠭᠤᠴᠠᠭᠠᠨ ᠳᠤ᠂ ᠴᠢᠬᠤᠯᠠ ᠶᠡᠭᠡ ᠬᠤᠪᠢᠰᠬᠠᠯ ᠤᠨ ᠲᠡᠤᠬᠡ ᠪᠠᠷ ᠰᠡᠳᠦᠪᠯᠡᠭᠰᠡᠨ ᠺᠢᠨᠣ᠋《 ᠵᠸᠤ ᠡᠸ᠋ᠨ ᠯᠠᠢ ᠬᠢᠭᠡᠳ ᠤᠯᠠᠭᠠᠨᠮᠥ᠋ᠴᠢᠷ》 ᠤᠨ ᠰᠡᠭᠦᠳᠡᠷᠯᠡᠬᠦ ᠳᠤᠭᠤᠶᠢᠯᠠᠩ ᠤᠨ ᠬᠢᠨ ᠤᠯᠠᠭᠠᠢ᠂ ᠲᠢᠶᠠᠨᠵᠢᠨ ᠵᠡᠷᠭᠡ ᠭᠠᠵᠠᠷ ᠤᠨ ᠰᠡᠭᠦᠳᠡᠷᠯᠡᠬᠦ ᠡᠭᠦᠷᠭᠡ ᠪᠠᠨ ᠳᠠᠭᠤᠰᠬᠠᠭᠰᠠᠨ ᠤ ᠳᠠᠷᠠᠭ᠎ᠠ᠂ ᠬᠤᠪᠢᠰᠬᠠᠯ ᠤᠨ ᠬᠠᠭᠤᠴᠢᠨ ᠰᠠᠭᠤᠷᠢᠨ ᠦᠴᠦᠸᠠᠨ ᠰᠢᠶᠠᠨ ᠳᠤ ᠬᠦᠷᠴᠣ ᠬᠠᠳᠠᠭ ᠤᠨ ᠦᠨᠳᠦᠷᠯᠢᠭ ᠣᠯᠤᠰ ᠤᠨ ᠣᠢ ᠰᠢᠭᠤᠢ ᠶᠢᠨ ᠴᠡᠴᠡᠷᠯᠢᠭ᠂ ᠪᠠᠶᠠᠨ ᠠᠭᠤᠯᠠ ᠵᠡᠷᠭᠡ ᠭᠠᠵᠠᠷ ᠦᠵᠡᠮᠵᠢ ᠰᠤᠩᠭᠤᠨ ᠦᠵᠡᠭᠳᠡᠯ ᠠᠪᠤᠪᠠ᠃      6 ᠳ᠋ᠤᠭᠠᠷ ᠰᠠᠷ᠎ᠠ ᠶᠢᠨ 29 ᠤ ᠡᠳᠤᠷ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠬᠦᠨ᠂ ᠰᠢᠶᠠᠨ ᠤ ᠨᠠᠮ ᠤᠨ ᠬᠤᠷᠢᠶ᠎ᠠ ᠶᠢᠨ ᠱᠦᠵᠢ ᠶᠦᠨ ᠬᠠᠢ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠰᠢᠶᠠᠨ  ᠤ ᠳᠠᠷᠤᠭ᠎ᠠ ᠶᠢᠨ ᠴᠦᠨ ᠯᠢᠶᠠᠩ᠂ ᠰᠢᠶᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠡᠦ ᠸᠧᠨ ᠪᠢᠶᠣᠣ᠂ ᠰᠢᠶᠠᠨ ᠤ ᠤᠯᠤᠰ ᠲᠥᠷᠦ ᠶᠢᠨ ᠵᠦᠪᠯᠡᠯᠭᠡᠨ ᠤ ᠲᠡᠷᠢᠭᠦᠯᠡᠭᠴᠢ ᠵᠠᠩ ᠯᠢ ᠰᠢᠶᠠ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ ᠬᠠᠳᠠ᠂ ᠰᠢᠶᠠᠨ ᠤ ᠵᠠᠰᠠᠭ ᠤᠨ ᠣᠷᠳᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ ᠸᠠᠩ ᠶᠤᠸᠠᠢ ᠬᠤᠩ ᠨᠠᠷ ᠰᠡᠭᠦᠳᠡᠷᠯᠡᠬᠦ ᠠᠬᠤᠢ ᠲᠠᠯᠠᠪᠠᠢ ᠳᠤ ᠬᠦᠷᠴᠤ ᠪᠥᠬᠦ ᠲᠤᠭᠯᠠᠭᠴᠢᠳ ᠪᠠ ᠠᠵᠢᠯᠲᠠᠳ ᠢ ᠪᠤᠯᠭᠤᠨ ᠲᠤᠬᠤᠨᠢᠭᠤᠯᠪᠠ᠃      ᠣᠶᠢᠯᠭᠠᠭᠰᠠᠨ ᠢᠶᠠᠷ᠂ ᠦᠴᠦᠸᠠᠨ ᠰᠢᠶᠠᠨ ᠤ ᠡᠯ᠎ᠡ ᠱᠠᠲᠤᠨ ᠤ ᠤᠳᠤᠷᠢᠳᠤᠯᠭ᠎ᠠ ᠨᠠᠷ ᠲᠤᠰ ᠤᠳᠠᠭᠠᠨ ᠤ ᠰᠡᠭᠦᠳᠡᠷᠯᠡᠭᠡ ᠶᠢ ᠳᠡᠭᠡᠳᠤ ᠬᠡᠮᠵᠢᠶ᠎ᠡ ᠪᠠᠷ ᠬᠦᠨᠳᠦᠳᠬᠡᠨ ᠦᠵᠡᠵᠤ᠂ ᠤᠯᠠᠭᠠᠨᠮᠥ᠋ᠴᠢᠷ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠨᠢᠭᠡᠨ ᠢᠵᠢ ᠰᠤᠩᠭᠤᠳᠠᠭ ᠤᠷᠠᠯᠢᠭ ᠤᠨ ᠪᠦᠲᠦᠭᠡᠯ ᠢ ᠪᠦᠲᠦᠭᠡᠬᠦ ᠶᠢᠨ ᠲᠥᠯᠦᠭᠡ᠂ ᠣᠯᠠᠨ ᠤᠳᠠᠭ᠎ᠠ ᠭᠤᠣᠯ ᠵᠣᠬᠢᠶᠠᠨ ᠪᠦᠲᠦᠭᠡᠭᠴᠢ ᠪᠦᠯᠬᠦᠮ ᠲᠠᠢ ᠰᠠᠭᠤᠳᠠᠯ ᠤᠨ ᠬᠤᠷᠠᠯ ᠬᠤᠷᠠᠯᠳᠤᠭᠤᠯᠵᠤ᠂ ᠵᠦᠴᠦᠭᠡ ᠶᠢᠨ ᠵᠣᠬᠢᠶᠠᠯ ᠢ ᠰᠣᠳᠤᠯᠤᠨ ᠶᠠᠷᠢᠯᠴᠠᠭᠰᠠᠨ ᠪᠠᠶᠢᠨ᠎ᠠ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号