︽ᠨᠠᠢᠮᠠᠳᠤᠭᠠᠷ ᠬᠤᠭᠤᠴᠠᠭᠠᠨ ᠤ ᠳᠤᠮᠳᠠᠳᠤ ᠤᠯᠤᠰ · ᠬᠥᠬᠡᠬᠤᠲᠠ ᠶᠢᠨ ᠴᠥᠭᠡᠨ ᠲᠣᠭᠠᠲᠤ ᠦᠨᠳᠦᠰᠦᠲᠡᠨ ᠤ ᠰᠣᠶᠣᠯ ᠵᠢᠭᠤᠯᠴᠢᠯᠠᠯ ᠤᠷᠠᠯᠢᠭ ᠤᠨ ᠠᠵᠢᠯᠯᠠᠭ᠎ᠠ︾ ᠶᠢᠨ ᠰᠣᠨᠢᠨ ᠮᠡᠳᠡᠭᠡ ᠨᠡᠶᠢᠲᠡᠯᠡᠬᠦ ᠬᠤᠷᠠᠯ ᠪᠡᠭᠡᠵᠢᠩ ᠳᠤ ᠶᠠᠪᠤᠭᠳᠠᠪᠠ
ᠨᠡᠶᠢᠲᠡᠯᠡᠭᠰᠡᠨ ᠴᠠᠭ᠄
2018-07-02
      6 ᠰᠠᠷ᠎ᠠ ᠶᠢᠨ 28 ᠤ ᠡᠳᠦᠷ᠂ ︽ᠨᠠᠢᠮᠠᠳᠤᠭᠠᠷ ᠬᠤᠭᠤᠴᠠᠭᠠᠨ ᠤ ᠳᠤᠮᠳᠠᠳᠤ  ᠤᠯᠤᠰ· ᠬᠥᠬᠡᠬᠤᠲᠠ ᠶᠢᠨ  ᠴᠥᠭᠡᠨ‌‍ᠲ᠋ᠣᠭᠠᠲᠤ ᠦᠨᠳᠦᠰᠦᠲᠡᠨ ᠤ ᠰᠣᠶᠣᠯ ᠵᠢᠭᠤᠯᠴᠢᠯᠠᠯ ᠤᠷᠠᠯᠢᠭ ᠤᠨ  ᠠᠵᠢᠯᠯᠠᠭ᠎ᠠ︾ ᠶᠢᠨ  ᠰᠣᠨᠢᠨ  ᠮᠡᠳᠡᠭᠡ  ᠨᠡᠶᠢᠲᠡᠯᠡᠬᠦ  ᠬᠤᠷᠠᠯ ᠪᠡᠭᠡᠵᠢᠩ  ᠤᠨ ᠠᠷᠠᠳ ᠤᠨ ᠰᠦᠯᠵᠢᠶ᠎ᠡ ᠳᠤ ᠶᠠᠪᠤᠭᠳᠠᠪᠠ᠃              ᠨᠠᠢᠮᠠᠳᠤᠭᠠᠷ ᠬᠤᠭᠤᠴᠠᠭᠠᠨ ᠤ ᠳᠤᠮᠳᠠᠳᠤ ᠤᠯᠤᠰ· ᠬᠥᠬᠡᠬᠤᠲᠠ ᠶᠢᠨ ᠴᠥᠭᠡᠨ ᠲᠣᠭᠠᠲᠤ ᠦᠨᠳᠦᠰᠦᠲᠡᠨ ᠤ  ᠰᠣᠶᠣᠯ ᠵᠢᠭᠤᠯᠴᠢᠯᠠᠯ  ᠤᠷᠠᠯᠢᠭ ᠤᠨ ᠠᠵᠢᠯᠯᠠᠭ᠎ᠠ ᠶᠢ  ᠤᠯᠤᠰ ᠤᠨ ᠦᠨᠳᠦᠰᠦᠲᠡᠨ ᠤ  ᠬᠡᠷᠡᠭ  ᠡᠷᠬᠢᠯᠡᠬᠦ  ᠬᠤᠷᠢᠶ᠎ᠠ ᠰᠣᠶᠣᠯ  ᠪᠠ ᠵᠢᠭᠤᠯᠴᠢᠯᠠᠯ ᠤᠨ ᠶᠠᠮᠤᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ  ᠵᠠᠰᠠᠭ ᠤᠨ  ᠣᠷᠳᠣᠨ ᠠᠴᠠ ᠭᠤᠣᠯᠯᠠᠨ ᠡᠷᠬᠢᠯᠡᠵᠦ᠂ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠥᠷ  ᠮᠣᠩᠭᠤᠯ ᠤᠨ  ᠥᠪᠡᠷᠲᠡᠭᠡᠨ  ᠵᠠᠰᠠᠬᠤ ᠣᠷᠣᠨ ᠤ ᠦᠨᠳᠦᠰᠦᠲᠡᠨ ᠤ  ᠬᠡᠷᠡᠭ  ᠡᠷᠬᠢᠯᠡᠬᠦ  ᠵᠥᠪᠯᠡᠯ᠂ ᠰᠣᠶᠣᠯ ᠤᠨ ᠲᠢᠩᠬᠢᠮ᠂ ᠵᠢᠭᠤᠯᠴᠢᠯᠠᠯ ᠤᠨ  ᠬᠦᠭᠵᠢᠯᠲᠡ ᠵᠢᠨ‌ᠵᠥ᠋ᠪᠯᠡᠯ ᠠᠴᠠ ᠳᠠᠭᠠᠭᠠᠴᠢᠯᠠᠨ  ᠡᠷᠬᠢᠯᠡᠵᠦ᠂ 7  ᠳ᠋ᠤᠭᠠᠷ  ᠰᠠᠷ᠎ᠠ ᠶᠢᠨ  13 ᠤ  ᠦᠳᠡᠰᠢ ᠶᠢᠨ  19᠄  30 ᠳᠤ ᠥᠪᠥᠷ ᠮᠣᠩᠭᠤᠯ ᠤᠨ ᠴᠥᠭᠡᠨ ᠲᠣᠭᠠᠲᠤ ᠦᠨᠳᠦᠰᠦᠲᠡᠨ ᠤ ᠣᠯᠠᠨ  ᠨᠡᠶᠢᠲᠡ ᠶᠢᠨ  ᠰᠣᠶᠣᠯ  ᠪᠡᠶ᠎ᠡ ᠶᠢᠨ  ᠲᠠᠮᠢᠷ ᠤᠨ  ᠬᠦᠳᠡᠯᠭᠡᠭᠡᠨ ᠤ ᠲᠥᠪ ᠲᠤ ᠶᠠᠪᠤᠭᠳᠠᠨ᠎ᠠ᠃              ᠠᠵᠢᠯᠯᠠᠭᠠᠨ ᠨᠢ  ︽ᠨᠠᠢᠮᠠᠳᠤᠭᠠᠷ  ᠬᠤᠭᠤᠴᠠᠭᠠᠨ ᠤ  ᠳᠤᠮᠳᠠᠳᠤ  ᠤᠯᠤᠰ·  ᠬᠥᠬᠡᠬᠤᠲᠠ ᠶᠢᠨ  ᠴᠥᠭᠡᠨ  ᠲᠣᠭᠠᠲᠤ‌ᠦᠨᠳᠦᠰᠦᠲᠡᠨ ᠤ  ᠰᠣᠶᠣᠯ  ᠵᠢᠭᠤᠯᠴᠢᠯᠠᠯ  ᠤᠷᠠᠯᠢᠭ ᠤᠨ ᠠᠵᠢᠯᠯᠠᠭᠠᠨ ᠤ ᠲᠤᠰᠬᠠᠢ ᠲᠠᠯᠠᠪᠠᠢ ᠶᠢᠨ ᠤᠷᠠᠨ ᠰᠠᠶᠢᠬᠠᠨ ᠤ ᠲᠣᠭᠯᠠᠯᠲᠠ︾᠂ ︽ᠬᠤᠶᠠᠳᠤᠭᠠᠷ  ᠬᠤᠭᠤᠴᠠᠭᠠᠨ ᠤ  ᠪᠦᠬᠦ  ᠤᠯᠤᠰ ᠤᠨ  ᠴᠥᠭᠡᠨ  ᠲᠣᠭᠠᠲᠤ  ᠦᠨᠳᠦᠰᠦᠲᠡᠨ ᠤ  ᠰᠢᠯᠢᠳᠡᠭ ᠳᠠᠭᠤᠤ ᠶᠢᠨ ᠪᠦᠲᠦᠭᠡᠯ ᠤᠨ ᠲᠣᠭᠯᠠᠯᠲᠠ︾᠂ ︽ᠵᠠᠭᠤᠨ ᠪᠦᠯᠦᠭ ᠴᠥᠭᠡᠨ ᠲᠣᠭᠠᠲᠤ ᠦᠨᠳᠦᠰᠦᠲᠡᠨ ᠤ ᠰᠡᠳᠦᠪᠲᠦ  ᠠᠷᠠᠳ ᠲᠤ ᠠᠰᠢᠭ ᠬᠦᠷᠲᠡᠭᠡᠬᠦ ᠺᠢᠨᠣ᠋ ᠶᠢᠨ ᠳᠡᠯᠭᠡᠨ ᠦᠵᠡᠭᠦᠯᠬᠦ ᠠᠵᠢᠯᠯᠠᠭ᠎ᠠ︾᠂ ︽2018 ᠣᠨ ᠤ ᠪᠦᠬᠦ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠣᠷᠣᠨ ᠤ ᠰᠢᠯᠢᠳᠡᠭ ᠵᠢᠭᠤᠯᠴᠢᠯᠠᠯ ᠤᠨ ᠭᠡᠷᠡᠯ ᠵᠢᠷᠤᠭ ᠤᠨ ᠪᠦᠲᠦᠭᠡᠯ ᠤᠨ ᠦᠵᠡᠭᠦᠯᠦᠯᠭᠡ︾ ᠵᠡᠷᠭᠡ ᠣᠯᠠᠨ ᠠᠭᠤᠯᠭ᠎ᠠ ᠲᠠᠢ ᠶᠠᠪᠤᠭᠳᠠᠨ᠎ᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号