ᠬᠥᠬᠡᠬᠤᠲᠠ ᠵᠢᠯᠣᠭᠤᠴᠢ ᠶᠢᠨ ᠦᠨᠡᠮᠯᠡᠯ ᠤᠨ 8 ᠵᠦᠢᠯ ᠤᠨ ᠲᠤᠬᠠᠶᠢᠯᠠᠭᠰᠠᠨ ᠠᠵᠢᠯ ᠳᠤ ︽ᠭᠤᠣᠯ ᠮᠠᠲ᠋ᠧᠷᠢᠶᠠᠯ ᠢᠶᠠᠷ ᠨᠢ ᠭᠦᠢᠴᠡᠳᠬᠡᠨ ᠥᠭᠬᠦ︾ ᠲᠣᠭᠲᠠᠴᠠ ᠶᠢ ᠬᠡᠷᠡᠭᠵᠢᠭᠦᠯᠵᠦ ᠪᠠᠶᠢᠨ᠎ᠠ
ᠨᠡᠶᠢᠲᠡᠯᠡᠭᠰᠡᠨ ᠴᠠᠭ᠄
2018-07-02
      ᠣᠶᠢᠷ᠎ᠠ ᠳᠤ᠂ ᠣᠯᠠᠨ ᠲᠦᠮᠡᠨ ᠤ ᠬᠡᠷᠡᠭ ᠶᠠᠪᠤᠳᠠᠯ ᠭᠦᠢᠴᠡᠳᠬᠡᠬᠦ ᠳᠤ ᠤᠯᠠᠮ ᠨᠢᠭᠡ ᠠᠯᠬᠤᠮ ᠳᠥᠭᠦᠮ ᠦᠵᠡᠭᠦᠯᠵᠦ᠂ ᠣᠯᠠᠨ ᠲᠦᠮᠡᠨ ᠤ ᠨᠠᠰᠢ ᠴᠠᠰᠢ ᠭᠦᠶᠦᠯᠳᠦᠬᠦ ᠶᠢ ᠬᠠᠮᠤᠭ ᠤᠨ ᠶᠡᠭᠡ ᠬᠡᠮᠵᠢᠶ᠎ᠡ ᠪᠠᠷ ᠴᠥᠭᠡᠳᠬᠡᠬᠦ ᠶᠢᠨ ᠲᠤᠰᠠᠳᠠ᠂ ᠬᠥᠬᠡᠬᠤᠲᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠮᠠᠰᠢᠨ ᠲᠡᠷᠭᠡᠨ ᠤ ᠬᠠᠮᠢᠶᠠᠷᠤᠯᠲᠠ ᠶᠢᠨ ᠭᠠᠵᠠᠷ ᠠᠴᠠ ᠵᠢᠯᠣᠭᠤᠴᠢ ᠶᠢᠨ ᠦᠨᠡᠮᠯᠡᠯ ᠤᠨ 8 ᠵᠦᠢᠯ ᠤᠨ ᠲᠤᠬᠠᠶᠢᠯᠠᠭᠰᠠᠨ ᠠᠵᠢᠯ ᠳᠤ ︽ᠭᠤᠣᠯ ᠮᠠᠲ᠋ᠧᠷᠢᠶᠠᠯ ᠢᠶᠠᠷ ᠨᠢ ᠭᠦᠢᠴᠡᠳᠬᠡᠨ ᠥᠭᠬᠦ︾ ᠲᠣᠭᠲᠠᠴᠠ ᠶᠢ ᠬᠡᠷᠡᠭᠵᠢᠭᠦᠯᠬᠦ ᠪᠠᠷ ᠪᠣᠯᠪᠠ᠃      ᠣᠶᠢᠯᠠᠭᠠᠭᠰᠠᠨ ᠢᠶᠠᠷ᠂ ᠨᠢᠭᠡ ᠯᠡ ᠤᠳᠠᠭ᠎ᠠ ᠳᠤ ᠭᠦᠢᠴᠡᠳᠬᠡᠵᠦ ᠥᠭᠬᠦ ᠥᠭᠡᠷᠡᠴᠢᠯᠡᠯᠲᠡ ᠶᠢᠨ ᠠᠵᠢᠯ ᠢ ᠭᠦᠨᠵᠡᠭᠡᠢ ᠠᠬᠢᠭᠤᠯᠬᠤ ᠶᠢᠨ ᠲᠤᠰᠠᠳᠠ᠂ ᠬᠤᠲᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠮᠠᠰᠢᠨ ᠲᠡᠷᠭᠡᠨ ᠤ ᠬᠠᠮᠢᠶᠠᠷᠤᠯᠲᠠ ᠶᠢᠨ ᠭᠠᠵᠠᠷ ᠠᠴᠠ ᠣᠳᠣ ᠪᠠᠶᠢᠭ᠎ᠠ ᠮᠠᠰᠢᠨ ᠲᠡᠷᠭᠡᠨ ᠤ ᠵᠢᠯᠣᠭᠤᠴᠢ ᠶᠢᠨ ᠦᠨᠡᠮᠯᠡᠯ ᠤᠨ ᠬᠠᠮᠢᠶᠠᠷᠤᠯᠲᠠ ᠶᠢᠨ ᠲᠤᠬᠠᠶᠢᠯᠠᠭᠰᠠᠨ ᠠᠵᠢᠯ ᠳᠤ ᠭᠦᠨᠵᠡᠭᠡᠢ ᠴᠡᠭᠴᠡᠯᠡᠯᠲᠡ ᠬᠢᠪᠡ᠃ ᠠᠵᠢᠯ ᠤᠨ ᠴᠤᠪᠤᠷᠠᠯ ᠢ ᠤᠯᠠᠮ ᠨᠢᠭᠡ ᠠᠯᠬᠤᠮ ᠳᠥᠭᠦᠮᠴᠢᠯᠡᠵᠦ᠂ ᠲᠤᠬᠠᠶᠢᠯᠠᠭᠰᠠᠨ ᠠᠵᠢᠯ ᠤᠨ ᠡᠷᠬᠡ ᠮᠡᠳᠡᠯ ᠤᠨ ᠬᠢᠵᠠᠭᠠᠷ ᠢ ᠨᠡᠶᠢᠯᠡᠭᠦᠯᠬᠦ ᠶᠢᠨ ᠬᠠᠮᠲᠤ ᠪᠤᠰᠤᠳ ᠮᠤᠵᠢ ᠬᠤᠲᠠ ᠶᠢᠨ ᠲᠡᠷᠢᠭᠦᠨ ᠤ ᠠᠵᠢᠯ ᠤᠨ ᠲᠤᠷᠰᠢᠯᠭ᠎ᠠ ᠶᠢ ᠰᠤᠷᠤᠯᠴᠠᠵᠤ᠂ ᠭᠠᠵᠠᠷ ᠣᠷᠣᠨ ᠤ ᠪᠠᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠪᠡᠶ᠎ᠡ ᠮᠠᠬᠠᠪᠤᠳ ᠤᠨ ᠨᠥᠬᠦᠴᠡᠯ ᠤᠨ ᠬᠤᠪᠢᠷᠠᠯᠲᠠ ᠠᠴᠠ ᠪᠣᠯᠵᠤ ᠵᠢᠯᠣᠭᠤᠳᠬᠤ ᠲᠡᠷᠭᠡᠨ ᠤ ᠬᠡᠯᠪᠡᠷᠢ ᠶᠢ ᠬᠤᠪᠢᠷᠠᠭᠤᠯᠬᠤ ᠦᠨᠡᠮᠯᠡᠯ ᠰᠣᠯᠢᠬᠤ᠂ ᠦᠨᠡᠮᠯᠡᠯ ᠢ ᠰᠢᠯᠵᠢᠭᠦᠯᠦᠨ ᠰᠣᠯᠢᠬᠤ᠂ ᠣᠨᠳᠣᠣ ᠭᠠᠵᠠᠷ ᠵᠢᠯᠣᠭᠤᠴᠢ ᠶᠢᠨ ᠦᠨᠡᠮᠯᠡᠯ ᠨᠥᠬᠦᠵᠦ ᠠᠪᠬᠤ᠂ ᠵᠢᠯᠣᠭᠤᠴᠢ ᠶᠢᠨ ᠦᠨᠡᠮᠯᠡᠯ ᠢ ᠬᠢᠨᠠᠨ ᠰᠢᠯᠭᠠᠬᠤ᠂ ᠰᠤᠷᠭᠠᠭᠤᠯᠢ ᠶᠢᠨ ᠲᠡᠷᠭᠡᠨ ᠵᠢᠯᠣᠭᠤᠴᠢ ᠶᠢ ᠬᠢᠨᠠᠨ ᠰᠢᠯᠭᠠᠬᠤ᠂ ᠣᠨᠳᠣᠣ ᠭᠠᠵᠠᠷ ᠤᠨ ᠵᠢᠯᠣᠭᠤᠴᠢ ᠶᠢ ᠬᠢᠨᠠᠨ ᠰᠢᠯᠭᠠᠬᠤ᠂ ᠰᠤᠷᠭᠠᠭᠤᠯᠢ ᠶᠢᠨ ᠲᠡᠷᠭᠡᠨ ᠵᠢᠯᠣᠭᠤᠴᠢ ᠶᠢᠨ ᠦᠨᠡᠮᠯᠡᠯ ᠤᠨ ᠬᠢᠷᠢ ᠬᠡᠮ ᠭᠤᠶᠤᠴᠢᠯᠠᠬᠤ᠂ ᠰᠤᠷᠭᠠᠭᠤᠯᠢ ᠶᠢᠨ ᠲᠡᠷᠭᠡᠨ ᠵᠢᠯᠣᠭᠤᠴᠢ ᠶᠢᠨ ᠬᠢᠷᠢ ᠬᠡᠮ ᠢ ᠬᠠᠰᠤᠬᠤ ᠵᠡᠷᠭᠡ 8 ᠵᠦᠢᠯ ᠤᠨ ᠵᠢᠯᠣᠭᠤᠴᠢ ᠶᠢᠨ ᠦᠨᠡᠮᠯᠡᠯ ᠤᠨ ᠲᠤᠬᠠᠶᠢᠯᠠᠭᠰᠠᠨ ᠠᠵᠢᠯ ᠳᠤ ︽ᠭᠤᠣᠯ ᠮᠠᠲ᠋ᠧᠷᠢᠶᠠᠯ ᠢᠶᠠᠷ ᠨᠢ ᠭᠦᠢᠴᠡᠳᠬᠡᠨ ᠥᠭᠬᠦ︾ ᠲᠣᠭᠲᠠᠴᠠ ᠶᠢ ᠬᠡᠷᠡᠭᠵᠢᠭᠦᠯᠪᠡ᠃      ︽ᠭᠤᠣᠯ ᠮᠠᠲ᠋ᠧᠷᠢᠶᠠᠯ ᠢᠶᠠᠷ ᠨᠢ ᠭᠦᠢᠴᠡᠳᠬᠡᠨ ᠥᠭᠬᠦ︾ ᠭᠡᠳᠡᠭ ᠨᠢ᠄ ᠤᠯᠠᠨ ᠲᠦᠮᠡᠨ ᠲᠤᠬᠠᠶᠢᠯᠠᠭᠰᠠᠨ ᠠᠵᠢᠯ ᠭᠦᠢᠴᠡᠳᠬᠡᠬᠦ ᠳᠤ᠂ ᠡᠷᠬᠡᠪᠰᠢ ᠲᠤᠰᠢᠶᠠᠬᠤ ᠮᠠᠲ᠋ᠧᠷᠢᠶᠠᠯ ᠢᠶᠠᠨ ᠭᠦᠢᠴᠡᠳ ᠠᠪᠴᠢᠷᠠᠭᠰᠠᠨ ᠦᠭᠡᠢ ᠪᠣᠯ ᠲᠤᠬᠠᠶᠢᠯᠠᠭᠰᠠᠨ ᠠᠵᠢᠯ ᠤᠨ ᠴᠣᠩᠬᠤᠪᠴᠢ ᠠᠴᠠ ᠤᠷᠢᠳᠠᠪᠠᠷ ᠲᠤᠬᠠᠶᠢᠯᠠᠭᠰᠠᠨ ᠠᠵᠢᠯ ᠢ ᠨᠢ ᠬᠦᠯᠢᠶᠡᠨ ᠠᠪᠴᠤ ᠭᠦᠢᠴᠡᠳᠬᠡᠨ ᠥᠭᠬᠦ ᠪᠥᠭᠡᠳ ᠨᠥᠬᠦᠪᠦᠷᠢᠯᠡᠬᠦ ᠴᠢᠬᠤᠯᠠᠲᠠᠢ ᠮᠠᠲ᠋ᠧᠷᠢᠶᠠᠯ ᠤᠨ ᠠᠭᠤᠯᠭ᠎ᠠ ᠶᠢ ᠨᠢ ᠬᠡᠯᠡᠵᠦ ᠥᠭᠴᠦ᠂ ᠤᠯᠠᠨ ᠲᠦᠮᠡᠨ ᠲᠣᠭᠲᠠᠭᠰᠠᠨ ᠴᠠᠭ ᠤᠨ ᠳᠣᠲᠣᠷ᠎ᠠ ᠬᠠᠮᠢᠶ᠎ᠠ ᠪᠦᠬᠦᠢ ᠮᠠᠲ᠋ᠧᠷᠢᠶᠠᠯ ᠢᠶᠠᠨ ᠨᠥᠬᠦᠵᠦ ᠭᠦᠢᠴᠡᠳᠬᠡᠭᠰᠡᠨ  ᠤ ᠳᠠᠷᠠᠭ᠎ᠠ᠂ ᠲᠤᠬᠠᠶᠢᠯᠠᠭᠰᠠᠨ ᠠᠵᠢᠯ ᠢ ᠨᠢ ᠭᠦᠢᠴᠡᠳᠬᠡᠨ ᠥᠭᠴᠦ᠂ ᠴᠤᠩᠬᠤᠪᠴᠢ ᠶᠢᠨ ᠰᠠᠯᠠᠭ᠎ᠠ ᠮᠥᠴᠢᠷ ᠠᠴᠠ ᠲᠡᠷᠭᠡᠨ ᠫᠠᠶᠢᠰᠠ ᠦᠨᠡᠮᠯᠡᠯ ᠢ ᠨᠢ ᠰᠢᠤᠳᠠᠨ ᠢᠶᠠᠷ ᠭᠤᠶᠤᠴᠢᠯᠠᠭᠴᠢ ᠳᠤ ᠢᠯᠡᠭᠡᠵᠦ ᠥᠭᠬᠦ ᠶᠢ ᠵᠢᠭᠠᠵᠤ ᠪᠤᠢ᠃ ᠢᠩᠭᠢᠬᠦ ᠨᠢ ᠤᠯᠠᠨ ᠲᠦᠮᠡᠨ ᠢ ᠨᠠᠰᠢ ᠴᠠᠰᠢ ᠭᠦᠶᠦᠯᠭᠡᠬᠦ ᠦᠭᠡᠢ ᠪᠣᠯᠭᠠᠵᠤ᠂ ᠬᠡᠷᠡᠭ ᠶᠠᠪᠤᠳᠠᠯ ᠢ ᠨᠢᠭᠡ ᠯᠡ ᠤᠳᠠᠭ᠎ᠠ ᠳᠡᠭᠡᠷ᠎ᠡ ᠭᠦᠢᠴᠡᠳᠬᠡᠵᠦ ᠥᠭᠬᠦ ᠥᠭᠡᠷᠡᠴᠢᠯᠡᠯᠲᠡ ᠶᠢ ᠥᠭᠡᠷ᠎ᠡ ᠨᠢᠭᠡ ᠵᠦᠢᠯ ᠤᠨ ᠬᠡᠯᠪᠡᠷᠢ ᠪᠠᠷ ᠪᠡᠶᠡᠯᠡᠭᠦᠯᠦᠭᠰᠡᠨ ᠪᠠᠶᠢᠨ᠎ᠠ᠃      ᠣᠶᠢᠯᠭᠠᠭᠰᠠᠨ ᠢᠶᠠᠷ᠂ ᠳᠠᠷᠠᠭᠠᠴᠢ ᠶᠢᠨ ᠠᠯᠬᠤᠮ ᠳᠤ᠂ ᠬᠤᠲᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠮᠠᠰᠢᠨ ᠲᠡᠷᠭᠡᠨ ᠤ ᠬᠠᠮᠢᠶᠠᠷᠤᠯᠲᠠ ᠶᠢᠨ ᠭᠠᠵᠠᠷ ᠨᠢ ᠤᠯᠠᠮ ᠨᠢᠭᠡ ᠠᠯᠬᠤᠮ ᠰᠤᠳᠤᠯᠤᠨ ᠰᠦᠪᠡᠭᠴᠢᠯᠡᠵᠦ᠂ ᠮᠠᠰᠢᠨ ᠲᠡᠷᠭᠡᠨ ᠤ ᠵᠢᠯᠣᠭᠤᠴᠢ ᠶᠢᠨ ᠬᠠᠮᠢᠶᠠᠷᠤᠯᠲᠠ ᠶᠢᠨ 47 ᠵᠦᠢᠯ ᠤᠨ ᠲᠤᠬᠠᠶᠢᠯᠠᠭᠰᠠᠨ ᠠᠵᠢᠯ ᠢ ᠨᠢᠭᠡ ᠯᠡ ᠤᠳᠠᠭ᠎ᠠ ᠳᠡᠭᠡᠷ᠎ᠡ ᠭᠦᠢᠴᠡᠳᠬᠡᠵᠦ ᠥᠭᠬᠦ ᠠᠵᠢᠯ ᠤᠨ ᠬᠡᠪᠴᠢᠶᠡᠨ ᠳᠤ ᠵᠠᠯᠭ᠎ᠠ ᠪᠠᠷ ᠣᠷᠣᠭᠤᠯᠵᠤ᠂ ᠥᠷᠭᠡᠨ ᠤᠯᠠᠨ ᠲᠦᠮᠡᠨ ᠳᠤ ᠨᠡᠩ ᠠᠰᠢᠭᠲᠠᠢ᠂ ᠨᠡᠩ ᠳᠣᠲᠣᠨᠣᠰᠤᠭ᠂ ᠨᠡᠩ ᠳᠥᠭᠦᠮ ᠦᠢᠯᠡᠴᠢᠯᠡᠭᠡ ᠬᠠᠩᠭᠠᠬᠤ ᠪᠣᠯᠣᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号