| | | | | | 7 ᠳ᠋ᠤᠭᠠᠷ ᠰᠠᠷ᠎ᠠ ᠶᠢᠨ 14 ᠤ ᠡᠳᠤᠷ᠂ ᠪᠡᠭᠡᠵᠢᠩ ᠤᠨ ᠲᠦᠩ ᠨᠢᠦ ᠪᠥᠯᠦᠭᠯᠡᠯ ᠤᠨ ᠶᠠᠳᠠᠭᠤ ᠶᠢ ᠲᠡᠳᠬᠦᠬᠦ | ᠡᠳ᠋ ᠪᠤᠳᠠᠰ ᠬᠠᠨᠳᠢᠪᠯᠠᠬᠤ ᠶᠤᠰᠤᠯᠠᠯ ᠦᠴᠦᠸᠠᠨ ᠰᠢᠶᠠᠨ ᠳᠤ ᠪᠣᠯᠪᠠ᠃ ᠬᠤᠲᠠ ᠶᠢᠨ ᠨᠠᠮ ᠤᠨ ᠬᠤᠷᠢᠶ᠎ᠠ ᠶᠢᠨ | ᠪᠠᠶᠢᠩᠭᠤ ᠶᠢᠨ ᠭᠡᠰᠢᠬᠦᠨ᠂ ᠬᠤᠲᠠ ᠶᠢᠨ ᠳᠡᠳ᠋ ᠳᠠᠷᠤᠭ᠎ᠠ ᠬᠤᠸᠠᠩ ᠵᠢᠢ ᠭᠠᠩ᠂ ᠬᠤᠲᠠ ᠶᠢᠨ ᠨᠠᠮ ᠤᠨ ᠬᠤᠷᠢᠶ᠎ᠠ ᠶᠢᠨ | ᠤᠬᠠᠭᠤᠯᠬᠤ ᠬᠡᠯᠲᠡᠰ ᠤᠨ ᠳᠡᠳ᠋ ᠳᠠᠷᠤᠭ᠎ᠠ ᠯᠢᠦ ᠷᠦᠢ ᠬᠤᠩ᠂ ᠪᠡᠭᠡᠵᠢᠩ ᠤᠨ ᠲᠦᠩ ᠨᠢᠦ ᠪᠥᠯᠦᠭᠯᠡᠯ ᠤᠨ ᠲᠦᠷᠦᠯ | ᠲᠡᠮᠳᠡᠭ ᠤᠨ ᠲᠥᠪ ᠤᠨ ᠵᠠᠬ᠎ᠠ ᠳᠡᠯᠭᠡᠭᠦᠷ ᠤᠨ ᠬᠡᠯᠲᠡᠰ ᠤᠨ ᠳᠠᠷᠤᠭ᠎ᠠ ᠵᠠᠩ ᠵᠢᠶᠦ᠋ᠨ ᠵᠢᠴᠢ ᠮᠠᠨ ᠤ ᠰᠢᠶᠠᠨ ᠤ | ᠤᠳᠤᠷᠢᠳᠤᠯᠭ᠎ᠠ ᠵᠣᠣ ᠵᠦᠩ᠂ ᠯᠢᠦ ᠳ᠋ᠦᠩ ᠱᠧᠩ ᠬᠠᠨᠳᠢᠪᠯᠠᠬᠤ ᠶᠤᠰᠤᠯᠠᠯ ᠳᠤ ᠣᠷᠤᠯᠴᠠᠪᠠ᠃ | ᠪᠡᠭᠡᠵᠢᠩ ᠬᠤᠲᠠ ᠶᠢᠨ ᠵᠠᠭᠤᠨ ᠶᠡᠭᠡ ᠠᠵᠤ ᠠᠬᠤᠶᠢᠯᠠᠯ ᠤᠨ ᠨᠢᠭᠡ ᠪᠣᠯᠤᠭᠰᠠᠨ ᠤ ᠬᠤᠪᠢ ᠳᠤ ᠲᠦᠩ ᠨᠢᠦ | ᠪᠥᠯᠦᠭᠯᠡᠯ ᠨᠢ ᠨᠡᠶᠢᠭᠡᠮ ᠤᠨ ᠬᠠᠷᠢᠭᠤᠴᠠᠯᠭ᠎ᠠ ᠶᠢ ᠺᠣᠮᠫᠠᠨᠢ ᠶᠢᠨ ᠬᠥᠭᠵᠢᠯᠲᠡ ᠶᠢᠨ ᠴᠢᠬᠤᠯᠠ ᠪᠠᠶᠢᠷᠢᠨ ᠳᠤ | ᠲᠠᠯᠪᠢᠭᠰᠠᠭᠠᠷ ᠢᠷᠡᠭᠰᠡᠨ ᠶᠤᠮ᠃ ᠡᠨᠡ ᠤᠳᠠᠭᠠᠨ ᠤ ᠬᠠᠨᠳᠢᠪ ᠤᠨ ᠠᠵᠢᠯᠯᠠᠭ᠎ᠠ ᠳᠡᠭᠡᠷ᠎ᠡ᠂ ᠪᠡᠭᠡᠵᠢᠩ ᠤᠨ ᠲᠦᠩ ᠨᠢᠦ | ᠪᠥᠯᠦᠭᠯᠡᠯ ᠮᠠᠨ ᠤ ᠰᠢᠶᠠᠨ ᠳᠤ 1200 ᠭᠠᠷᠤᠢ ᠵᠢᠯ ᠤᠨ ᠡᠳ᠋ ᠪᠣᠳᠠᠰ ᠬᠠᠨᠳᠢᠪᠯᠠᠵᠤ᠂ ᠦᠷᠲᠡᠭ ᠨᠢ 100 ᠲᠥᠮᠡᠨ | ᠲᠥᠭᠦᠷᠢᠭ ᠲᠤ ᠬᠦᠷᠪᠡ᠃ ᠲᠤᠰ ᠤᠳᠠᠭᠠᠨ ᠤ ᠬᠠᠨᠳᠢᠪ ᠤᠨ ᠪᠤᠳᠠᠰ ᠢ ᠰᠢᠶᠠᠨ ᠤ ᠠᠷᠠᠳ ᠤᠨ ᠶᠠᠪᠤᠳᠠᠯ ᠤᠨ | ᠲᠣᠪᠴᠢᠶ᠎ᠠ ᠠᠴᠠ ᠨᠢᠭᠡᠳᠦᠯᠲᠠᠢ ᠲᠠᠷᠬᠠᠭᠠᠨ ᠥᠭᠬᠦ ᠥᠭᠴᠤ᠂ ᠤᠨᠢᠨ ᠳᠡᠭᠡᠷ᠎ᠡ ᠨᠢ ᠶᠠᠳᠠᠭᠤ ᠶᠢ ᠲᠡᠳᠬᠦᠬᠦ᠂ | ᠣᠨᠤᠪᠴᠢᠲᠠᠢ ᠪᠠᠷ ᠶᠠᠳᠠᠭᠤ ᠠᠴᠠ ᠠᠩᠭᠢᠵᠢᠷᠠᠭᠤᠯᠬᠤ ᠳᠤ ᠬᠡᠷᠡᠭᠯᠡᠬᠦ ᠪᠣᠯᠤᠨ᠎ᠠ᠃ | ᠬᠤᠲᠠ ᠶᠢᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠲᠠᠲᠠᠨ ᠠᠪᠴᠢᠷᠠᠭᠰᠠᠨ ᠲᠣᠰ | ᠤᠳᠠᠭᠠᠨ ᠤ ᠬᠠᠨᠳᠢᠪ ᠤᠨ ᠠᠵᠢᠯᠯᠠᠭ᠎ᠠ ᠪᠣᠯ ᠶᠠᠳᠠᠭᠤ ᠶᠢ ᠲᠡᠳᠬᠦᠬᠦ ᠪᠠᠶᠢᠷᠢᠯᠠᠭᠤᠯᠤᠯᠲᠠ ᠶᠢ ᠲᠡᠭᠦᠯᠳᠡᠷᠵᠢᠭᠦᠯᠦᠨ᠂ | ᠪᠡᠭᠡᠵᠢᠩ ᠥᠪᠦᠷ ᠮᠣᠩᠭᠤᠯ ᠬᠠᠷᠢᠯᠴᠠᠨ ᠬᠠᠮᠲᠤᠷᠠᠵᠤ ᠶᠠᠳᠠᠭᠤ ᠶᠢ ᠲᠡᠳᠬᠦᠬᠦ ᠠᠵᠢᠯᠯᠠᠭᠠᠨ ᠤ ᠭᠦᠨᠵᠡᠭᠡᠶᠢᠷᠡᠯ ᠤᠨ | ᠬᠤᠷᠢᠶᠠᠩᠭᠤᠢ ᠳᠦᠷᠰᠤ ᠮᠦᠨ᠃ ᠬᠠᠨᠳᠢᠪ ᠤᠨ ᠠᠵᠢᠯᠯᠠᠭ᠎ᠠ ᠨᠢ ᠨᠡᠶᠢᠭᠡᠮ ᠤᠨ ᠡᠯ᠎ᠡ ᠬᠦᠷᠢᠶᠡᠨ ᠤ ᠬᠦᠴᠦᠨ ᠤ | ᠠᠩᠬᠠᠷᠤᠯ ᠢ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠳᠡᠭᠡᠷ᠎ᠡ ᠳᠠᠶᠢᠴᠢᠯᠠᠬᠤ ᠪᠠ ᠰᠢᠯᠵᠢᠭᠦᠯᠦᠨ | ᠠᠪᠴᠢᠷᠠᠵᠤ᠂ ᠶᠠᠳᠠᠭᠤ ᠶᠢ ᠲᠡᠳᠬᠦᠬᠦ ᠰᠢᠪᠲᠤᠯᠤᠯᠲᠠ ᠶᠢᠨ ᠡᠯ᠎ᠡ ᠵᠦᠢᠯ ᠤᠨ ᠡᠭᠦᠷᠭᠡ ᠳᠤ ᠢᠳᠡᠪᠬᠢᠯᠡᠨ ᠣᠷᠤᠯᠴᠠᠬᠤ | ᠪᠣᠯᠭᠠᠵᠤ᠂ ᠪᠥᠬᠦ ᠠᠷᠠᠳ ᠢᠶᠠᠷ ᠢᠶᠠᠨ ᠶᠠᠳᠠᠭᠤ ᠶᠢ ᠲᠡᠳᠬᠦᠬᠦ᠂ ᠬᠠᠮᠲᠤᠪᠡᠷ ᠰᠢᠪᠲᠤᠯᠤᠯᠲᠠ ᠶᠢ ᠳᠠᠭᠠᠷᠢᠬᠤ ᠰᠠᠶᠢᠨ | ᠣᠷᠴᠢᠨ ᠢ ᠪᠣᠢ ᠪᠤᠯᠭᠠᠵᠤ᠂ ᠣᠨᠢᠨ ᠳᠡᠭᠡᠷ᠎ᠡ ᠨᠢ ᠶᠠᠳᠠᠭᠤ ᠶᠢ ᠲᠡᠳᠬᠦᠬᠦ ᠴᠢᠨᠠᠷᠴᠠ ᠪᠠ ᠬᠢᠷᠢ ᠲᠥᠪᠰᠢᠨ ᠢᠶᠠᠨ | ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠠᠢ᠃ | ᠡᠯ᠎ᠡ ᠰᠢᠶᠠᠩ ᠪᠠᠯᠭᠠᠰᠤ᠂ ᠰᠢᠶᠠᠨ ᠤ ᠡᠯ᠎ᠡ ᠬᠠᠮᠢᠶ᠎ᠠ ᠪᠥᠬᠦᠢ ᠨᠢᠭᠡᠴᠡ ᠶᠢᠨ ᠬᠠᠷᠢᠭᠤᠴᠠᠯᠭᠠᠲᠠᠨ ᠨᠥᠬᠦᠳ | ᠬᠠᠨᠳᠢᠪᠯᠠᠬᠤ ᠶᠤᠰᠤᠯᠠᠯ ᠳᠤ ᠣᠷᠤᠯᠴᠠᠪᠠ᠃ |