| | | 7 ᠳ᠋ᠤᠭᠠᠷ ᠰᠠᠷ᠎ᠠ ᠶᠢᠨ16 ᠤ ᠡᠳᠤᠷ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠬᠦᠨ᠂ | ᠰᠢᠶᠠᠨ ᠤ ᠨᠠᠮ ᠤᠨ ᠬᠤᠷᠢᠶ᠎ᠠ ᠶᠢᠨ ᠱᠦᠵᠢ ᠶᠦᠨ ᠬᠠᠢ ᠪᠥᠬᠦ ᠰᠢᠶᠠᠨ ᠤ ᠶᠠᠳᠠᠭᠤ ᠠᠴᠠ ᠠᠩᠭᠢᠵᠢᠷᠠᠭᠤᠯᠬᠤ | ᠰᠢᠪᠲᠤᠯᠤᠯᠲᠠ ᠶᠢᠨ ᠱᠦᠵᠢ ᠶᠢᠨ ᠲᠤᠰᠬᠠᠢ ᠰᠡᠳᠦᠪᠲᠤ ᠬᠤᠷᠠᠯ ᠢ ᠡᠷᠬᠢᠯᠡᠨ ᠬᠤᠷᠠᠯᠳᠤᠭᠤᠯᠪᠠ᠃ ᠰᠢᠶᠠᠨ ᠤ | ᠤᠳᠤᠷᠢᠳᠤᠯᠭ᠎ᠠ ᠠᠴᠠ ᠭᠦᠩ ᠸᠧᠢ ᠴᠦᠨ᠂ ᠬᠠᠳᠠ᠂ ᠵᠣᠣ ᠵᠦᠩ᠂ ᠰᠢᠦᠢ ᠶᠢᠨ ᠭᠸᠤ᠂ ᠫᠧᠩ ᠱᠤᠤ ᠴᠦᠩ ᠵᠢᠴᠢ | ᠡᠯ᠎ᠡ ᠰᠢᠶᠠᠩ ᠪᠠᠯᠭᠠᠰᠤ ᠶᠢᠨ ᠭᠤᠣᠯ ᠬᠠᠷᠢᠭᠤᠴᠠᠯᠭᠠᠲᠠᠨ᠂ ᠶᠠᠳᠠᠭᠤ ᠶᠢ ᠲᠡᠳᠬᠦᠬᠦ ᠠᠯᠪᠠᠨ ᠭᠡᠷ᠂ ᠡᠳ᠋ ᠤᠨ ᠵᠠᠰᠠᠭ ᠤᠨ | ᠲᠣᠪᠴᠢᠶ᠎ᠠ᠂ ᠣᠷᠤᠨ ᠰᠠᠭᠤᠴᠠ ᠪᠥᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠰᠤᠷᠭᠠᠨ ᠬᠥᠮᠦᠵᠢᠯ ᠰᠢᠨᠵᠢᠯᠡᠬᠦ | ᠤᠬᠠᠭᠠᠨ ᠤ ᠲᠣᠪᠴᠢᠶ᠎ᠠ᠂ ᠣᠢ ᠰᠢᠭᠤᠢ ᠶᠢᠨ ᠲᠣᠪᠴᠢᠶ᠎ᠠ ᠵᠡᠷᠭᠡ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ | ᠬᠠᠷᠢᠭᠤᠴᠠᠯᠭᠠᠲᠠᠨ ᠪᠠ ᠰᠢᠶᠠᠨ ᠤ ᠶᠠᠳᠠᠭᠤ ᠠᠴᠠ ᠠᠩᠭᠢᠵᠢᠷᠠᠭᠤᠯᠬᠤ《ᠵᠠᠭᠤᠨ ᠡᠳᠤᠷ ᠤᠨ ᠰᠢᠪᠲᠤᠯᠤᠯᠲᠠ》 ᠶᠢᠨ | ᠠᠯᠪᠠᠨ ᠭᠡᠷ ᠤᠨ ᠬᠤᠯᠪᠤᠭᠳᠠᠯ ᠪᠦᠬᠦᠢ ᠪᠦᠷᠢᠯᠳᠦᠭᠦᠨ ᠬᠦᠮᠦᠰ ᠬᠤᠷᠠᠯ ᠳᠤ ᠣᠷᠤᠯᠴᠠᠪᠠ᠃ | ᠬᠤᠷᠠᠯ ᠳᠡᠭᠡᠷ᠎ᠡ᠂ ᠡᠯ᠎ᠡ ᠰᠢᠶᠠᠩ ᠪᠠᠯᠭᠠᠰᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠤᠨ | ᠠᠬᠢᠴᠠ ᠶᠢᠨ ᠪᠠᠶᠢᠳᠠᠯ ᠳᠤ ᠬᠠᠷᠢᠭᠤ ᠮᠡᠳᠡᠭᠦᠯᠦᠯᠲᠡ ᠬᠢᠪᠡ︔ ᠶᠠᠳᠠᠭᠤ ᠶᠢ ᠲᠡᠳᠬᠦᠬᠦ ᠠᠯᠪᠠᠨ ᠭᠡᠷ ᠤᠨ ᠬᠢᠨ ᠡᠯ᠎ᠡ | ᠰᠢᠶᠠᠩ ᠪᠠᠯᠭᠠᠰᠤ ᠶᠢᠨ ᠮᠡᠳᠡᠭᠦᠯᠦᠭᠰᠡᠨ ᠲᠤᠭ᠎ᠠ ᠪᠠᠷᠢᠮᠲᠠ ᠶᠢ ᠬᠢᠨᠠᠨ ᠬᠠᠷᠭᠤᠭᠤᠯᠪᠠ︔ ᠰᠢᠶᠠᠨ ᠤ ᠶᠠᠳᠠᠭᠤ ᠠᠴᠠ | ᠠᠩᠭᠢᠵᠢᠷᠠᠭᠤᠯᠬᠤ《ᠵᠠᠭᠤᠨ ᠡᠳᠤᠷ ᠤᠨ ᠰᠢᠪᠲᠤᠯᠤᠯᠲᠠ》 ᠶᠢᠨ ᠠᠯᠪᠠᠨ ᠭᠡᠷ ᠣᠷᠴᠢᠮ ᠤᠨ ᠬᠤᠭᠤᠴᠠᠭᠠᠨ ᠤ | ᠲᠤᠭ᠎ᠠ ᠪᠠᠷᠢᠮᠲᠠ ᠶᠢ ᠡᠮᠬᠢᠯᠡᠭᠰᠡᠨ ᠪᠠᠶᠢᠳᠠᠯ ᠢ ᠬᠠᠷᠢᠭᠤ ᠮᠡᠳᠡᠭᠦᠯᠪᠡ᠃ | ᠶᠦᠨ ᠬᠠᠢ ᠵᠢᠭᠠᠵᠤ ᠭᠠᠷᠭᠠᠭᠰᠠᠨ ᠨᠢ᠂ ᠦᠴᠦᠸᠠᠨ ᠰᠢᠶᠠᠨ ᠤ ᠶᠠᠳᠠᠭᠤ ᠠᠴᠠ ᠠᠩᠭᠢᠵᠢᠷᠠᠭᠤᠯᠬᠤ | ᠰᠢᠪᠲᠤᠯᠤᠯᠲᠠ ᠶᠢᠨ ᠠᠵᠢᠯ ᠨᠢᠭᠡᠨᠲᠡ ᠡᠴᠤᠰ ᠤᠨ ᠰᠢᠪᠲᠤᠯᠤᠯᠲᠠ ᠶᠢᠨ ᠴᠢᠬᠤᠯᠠ ᠴᠠᠭ ᠲᠤ ᠪᠠᠨ ᠣᠷᠤᠭᠠᠳ ᠪᠠᠶᠢᠭ᠎ᠠ᠂ | ᠡᠯ᠎ᠡ ᠰᠢᠶᠠᠩ ᠪᠠᠯᠭᠠᠰᠤ ᠪᠠ ᠰᠠᠯᠠᠭ᠎ᠠ ᠮᠦᠴᠢᠷ ᠤᠨ ᠶᠠᠳᠠᠭᠤ ᠶᠢ ᠲᠡᠳᠬᠦᠬᠦ ᠬᠦᠷᠢᠶᠡᠨ ᠤ ᠪᠦᠷᠢᠳᠬᠡᠯ ᠤᠨ ᠠᠮᠠ | ᠰᠡᠭᠡᠷ ᠢ ᠵᠣᠯᠭᠠᠭᠤᠯᠵᠤ ᠰᠢᠶᠠᠨ᠂ ᠰᠢᠶᠠᠩ᠂ ᠲᠤᠰᠬᠤᠨ《ᠭᠤᠷᠪᠠᠭᠤᠯᠠ ᠠᠳᠠᠯᠢ ᠪᠠᠶᠢᠬᠤ》 ᠶᠢ ᠪᠡᠶᠡᠯᠡᠭᠦᠯᠬᠦ ᠬᠡᠷᠡᠭᠲᠠᠢ︔ | ᠡᠯ᠎ᠡ ᠵᠦᠢᠯ ᠤᠨ ᠶᠠᠳᠠᠭᠤ ᠶᠢ ᠲᠡᠳᠬᠦᠬᠦ ᠲᠥᠷᠦ ᠶᠢᠨ ᠪᠣᠳᠤᠯᠭ᠎ᠠ ᠶᠢ ᠨᠠᠶᠢᠳᠠᠪᠤᠷᠢᠵᠢᠭᠤᠯᠤᠨ ᠪᠤᠲᠠᠲᠠᠶᠢᠵᠢᠭᠤᠯᠤᠨ᠎ᠠ︔ | ᠦᠪᠡᠷᠲᠡᠭᠡᠨ ᠰᠢᠯᠭᠠᠬᠤ ᠠᠵᠢᠯ ᠢ ᠯᠠᠪᠳᠠᠭᠤᠨ ᠬᠢᠨᠠᠮᠠᠭᠠᠢ᠂ ᠴᠢᠩᠭ᠎ᠠ ᠬᠢᠬᠦ ᠶᠢ ᠱᠠᠭᠠᠷᠳᠠᠬᠤ ᠶᠢᠨ ᠬᠠᠮᠲᠤ | ᠢᠯᠡᠷᠡᠭᠦᠯᠦᠭᠰᠡᠨ ᠠᠰᠠᠭᠤᠳᠠᠯ ᠪᠠ ᠣᠯᠤᠭᠰᠠᠨ ᠠᠮᠵᠢᠯᠲᠠ ᠪᠠᠨ ᠬᠤᠷᠢᠶᠠᠩᠭᠤᠶᠢᠯᠠᠬᠤ ᠪᠠ ᠲᠤᠩᠭᠠᠭᠠᠬᠤ ᠬᠡᠷᠡᠭᠲᠠᠢ︔ | ᠰᠢᠶᠠᠨ᠂ ᠰᠢᠶᠠᠩ ᠲᠤᠰᠬᠤᠨ ᠭᠤᠷᠪᠠᠨ ᠱᠠᠲᠤᠨ ᠤ ᠲᠠᠩᠰᠠ ᠡᠪᠬᠡᠮᠡᠯ ᠪᠢᠴᠢᠭ ᠮᠠᠲ᠋ᠧᠷᠢᠶᠠᠯ ᠠᠳᠠᠯᠢᠬᠠᠨ ᠪᠠ ᠪᠦᠷᠢᠨ | ᠪᠠᠶᠢᠬᠤ ᠬᠡᠷᠡᠭᠲᠠᠢ︔ ᠭᠡᠨᠡᠳᠲᠡ ᠶᠢᠨ ᠴᠢᠨᠠᠷᠲᠠᠢ ᠬᠦᠨᠳᠤ ᠡᠪᠡᠳᠴᠢᠨ ᠠᠴᠠ ᠪᠣᠯᠵᠤ ᠶᠠᠳᠠᠭᠤᠷᠠᠭᠰᠠᠨ ᠬᠦᠴᠢᠷᠳᠡᠯᠲᠠᠢ | ᠣᠯᠠᠨ ᠲᠥᠮᠡᠨ ᠳᠤ ᠲᠡᠷᠡ ᠲᠠᠷᠤᠢ ᠳᠤ ᠨᠢ ᠬᠦᠪᠡᠭᠡᠨ ᠤ ᠡᠷᠦᠬᠡ ᠶᠢᠨ ᠬᠤᠯᠪᠤᠭᠳᠠᠯ ᠪᠦᠬᠦᠢ ᠲᠥᠷᠦ ᠶᠢᠨ ᠪᠣᠳᠤᠯᠭ᠎ᠠ | ᠶᠤᠰᠤᠭᠠᠷ ᠬᠦᠨᠳᠤ ᠡᠪᠡᠳᠴᠢᠨ ᠤ ᠲᠤᠰᠠᠯᠠᠮᠵᠢ ᠥᠭᠬᠦ ᠬᠡᠷᠡᠭᠲᠠᠢ︔《ᠬᠤᠸᠠᠷ ᠬᠠᠳᠬᠤᠬᠤ》ᠵᠣᠷᠢᠭ ᠢ ᠭᠠᠷᠭᠠᠵᠤ | ᠴᠢᠬᠤᠯᠠ ᠪᠥᠬᠦᠢ ᠠᠷᠭ᠎ᠠ ᠪᠠᠷᠢᠯ ᠢ ᠬᠡᠷᠡᠭᠯᠡᠨ ᠣᠯᠠᠨ ᠲᠥᠮᠡᠨ ᠤ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠬᠦ | ᠬᠡᠷᠡᠭᠲᠠᠢ ᠭᠡᠪᠡ᠃ |