ᠬᠦᠬᠡᠬᠤᠲᠠ ᠦᠵᠡᠭᠳᠡᠮᠡᠯ ᠨᠢᠬᠡ ᠯᠡ ᠲᠠᠷᠤᠪᠴᠢ ᠪᠠᠷ ᠬᠡᠷᠡᠭ ᠮᠡᠳᠡᠬᠦᠯᠬᠦ ᠰᠢᠰᠲ᠋ᠧᠮ ᠲᠠᠢ ᠪᠤᠯᠤᠯ᠎ᠠ
ᠨᠡᠶᠢᠲᠡᠯᠡᠭᠰᠡᠨ ᠴᠠᠭ᠄
2018-07-20
      ᠬᠦᠬᠡᠬᠤᠳᠠ ᠶᠢᠨ ᠲᠤᠳᠤᠭᠠᠳᠤ ᠶᠢ ᠬᠠᠮᠠᠭᠠᠯᠠᠬᠤ ᠲᠤᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠰᠠᠯᠪᠤᠷᠢ ᠠᠩᠬᠢ ᠶᠢᠨ ᠮᠠᠰᠢᠨ ᠲᠡᠷᠬᠡᠨ ᠤ ᠬᠠᠮᠢᠶᠠᠷᠤᠯᠳᠠ ᠶᠢᠨ ᠭᠠᠵᠠᠷ ᠤᠨ ᠬᠢᠨ ᠤ ᠲᠠᠨᠢᠯᠴᠠᠭᠤᠯᠤᠬᠰᠠᠨ ᠢ ᠦᠨᠳᠦᠰᠦᠯᠡᠪᠡᠯ᠂ ᠭᠠᠷ ᠤᠳᠠᠰᠤᠨ ᠤ ᠦᠵᠡᠭᠳᠡᠮᠡᠯ ᠨᠢᠬᠡ ᠯᠡ ᠲᠠᠷᠤᠪᠴᠢ ᠪᠠᠷ ᠬᠡᠷᠡᠭ ᠮᠡᠳᠡᠬᠦᠯᠬᠦ ᠰᠢᠰᠲᠧᠮ ᠲᠦᠷᠦᠭᠦᠭᠡᠨ ᠬᠦᠬᠡᠬᠤᠲᠠ ᠳᠤ ᠵᠢᠩᠬᠢᠨᠢ ᠪᠠᠷ ᠡᠬᠢᠯᠡᠨ ᠶᠠᠪᠤᠬᠳᠠᠵᠤ᠂ ᠤᠯᠠᠨ ᠲᠦᠮᠡᠨ ᠤ ᠬᠡᠷᠡᠭ ᠤᠨ ᠮᠡᠳᠡᠬᠦᠯᠦᠯᠳᠡ ᠶᠢ ᠬᠦᠯᠢᠶᠡᠨ ᠠᠪᠬᠤ ᠪᠤᠯᠵᠠᠢ᠃ ᠲᠤᠰ ᠬᠡᠷᠡᠭ ᠤᠨ ᠮᠡᠳᠡᠬᠦᠯᠦᠯᠳᠡ ᠶᠢᠨ APP ᠨᠢ ᠤᠯᠠᠨ ᠲᠦᠮᠡᠨ ᠤ ᠰᠢᠭᠤᠳ ᠤᠳᠠᠰᠤᠳᠠᠬᠤ ᠳᠤ ᠲᠤᠬᠢᠷᠠᠬᠤ ᠦᠬᠡᠢ ᠦᠶ᠎ᠡ ᠶᠢᠨ ᠬᠡᠷᠡᠭ ᠤᠨ ᠮᠡᠳᠡᠬᠦᠯᠦᠯᠳᠡ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ ᠬᠡᠷᠡᠭ ᠮᠡᠳᠡᠬᠦᠯᠬᠦ ᠦᠶ᠎ᠡ ᠳᠡᠭᠡᠨ ᠰᠢᠭᠤᠳ ᠵᠢᠷᠤᠬ᠂ ᠡᠰᠡᠬᠦᠯ᠎ᠡ ᠸᠢᠳᠢᠣ᠋ ᠶᠢᠨ ᠮᠡᠳᠡᠭᠡ ᠵᠠᠩᠬᠢ ᠶᠢ ᠲᠡᠭᠡᠭᠰᠢ ᠪᠠᠨ ᠲᠠᠮᠵᠢᠭᠤᠯᠵᠤ ᠪᠤᠯᠤᠨ᠎ᠠ᠃      ᠬᠦᠬᠡᠬᠤᠳᠠ ᠶᠢᠨ ᠲᠤᠳᠤᠭᠠᠳᠤ ᠶᠢ ᠬᠠᠮᠠᠭᠠᠯᠠᠬᠤ ᠲᠤᠪᠴᠢᠶ᠎ᠠ ᠤᠯᠠᠨ ᠲᠦᠮᠡᠨ ᠤ ᠪᠤᠳᠠᠳᠠᠢ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠲᠠᠯᠪᠢᠵᠤ᠂ ᠲᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠪᠤᠳᠠᠳᠤ ᠪᠠᠶᠢᠯᠳᠤᠭᠠᠨ ᠤ ᠬᠡᠷᠡᠭᠴᠡᠭᠡ ᠱᠠᠭᠠᠷᠳᠠᠯᠭ᠎ᠠ ᠳᠤ ᠰᠠᠭᠤᠷᠢᠯᠠᠨ᠂ 2016 ᠤᠨ ᠳᠤ ᠦᠪᠦᠷ ᠮᠤᠩᠭᠤᠯ ᠤᠨ ᠱᠧᠨ ᠹᠠᠩ ᠰᠢᠨᠵᠢᠯᠡᠬᠦ ᠤᠬᠠᠭᠠᠨ ᠮᠡᠷᠬᠡᠵᠢᠯ ᠤᠨ ᠬᠢᠵᠠᠭᠠᠷᠳᠤ ᠺᠤᠮᠫᠠᠨᠢ ᠲᠠᠢ ᠬᠠᠮᠳᠤᠷᠠᠨ᠂ ︽ᠭᠠᠷ ᠤᠳᠠᠰᠤᠨ ᠤ ᠦᠵᠡᠭᠳᠡᠮᠡᠯ ᠨᠢᠬᠡ ᠯᠡ ᠲᠠᠷᠤᠪᠴᠢ ᠪᠠᠷ ᠬᠡᠷᠡᠭ ᠮᠡᠳᠡᠬᠦᠯᠬᠦ ᠬᠡᠷᠡᠭᠯᠡᠬᠡᠨ ᠤ ᠵᠦᠬᠡᠯᠡᠨ ᠲᠤᠨᠤᠬ︾ ᠢ ᠰᠤᠳᠤᠯᠤᠨ ᠨᠡᠬᠡᠬᠡᠵᠦ ᠠᠰᠢᠬᠯᠠᠭᠠᠳ ᠲᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠴᠢᠮᠡᠭᠡ ᠨᠡᠪᠳᠡᠷᠡᠯᠬᠡ ᠶᠢ ᠵᠢᠯᠤᠭᠤᠳᠬᠤ᠂ ᠲᠠᠩᠨᠠᠨ ᠪᠠᠶᠢᠴᠠᠭᠠᠵᠤ ᠬᠡᠷᠡᠭ ᠢ ᠢᠯᠡᠷᠡᠬᠦᠯᠬᠦ᠂ ᠠᠮᠤᠷ ᠢ ᠬᠠᠮᠠᠭᠠᠯᠠᠵᠤ ᠰᠡᠷᠬᠡᠶᠢᠯᠡᠨ ᠡᠵᠡᠮᠳᠡᠬᠦ᠂ ᠨᠡᠶᠢᠬᠡᠮ ᠤᠨ ᠬᠠᠮᠢᠶᠠᠷᠤᠯᠳᠠ᠂ ᠠᠮᠤᠷ ᠲᠤᠬᠳᠠᠭᠤᠨ ᠢ ᠬᠠᠮᠠᠭᠠᠯᠠᠨ ᠵᠦᠷᠢᠴᠡᠯ ᠢ ᠰᠢᠢᠳᠪᠦᠷᠢᠯᠡᠬᠦ᠂ ᠬᠠᠤᠯᠢ ᠬᠡᠷᠡᠭᠵᠢᠬᠦᠯᠬᠦ ᠶᠢ ᠵᠢᠷᠤᠮᠵᠢᠭᠤᠯᠬᠤ ᠵᠡᠷᠬᠡ ᠲᠤᠳᠤᠭᠠᠳᠤ ᠶᠢ ᠬᠠᠮᠠᠭᠠᠯᠠᠬᠤ ᠲᠤᠬᠠᠢᠢᠯᠠᠬᠰᠠᠨ ᠠᠵᠢᠯ ᠤᠨ ᠬᠡᠷᠡᠭᠯᠡᠬᠡᠨ ᠢ ᠪᠦᠬᠦ ᠲᠠᠯ᠎ᠠ ᠪᠠᠷ ᠲᠤᠯᠭᠠᠭᠤᠷᠢᠯᠠᠵᠠᠢ᠃ ᠠᠷᠠᠳ ᠤᠨ ᠴᠠᠬᠳᠠᠭ᠎ᠠ ᠶᠢᠨ ᠲᠠᠨᠢᠯᠴᠠᠭᠤᠯᠭ᠎ᠠ ᠶᠢ ᠦᠨᠳᠦᠰᠦᠯᠡᠪᠡᠯ᠂ ᠲᠤᠰ ᠬᠡᠷᠡᠭ ᠤᠨ ᠮᠡᠳᠡᠬᠦᠯᠦᠯᠳᠡ ᠶᠢᠨ ᠰᠢᠰᠲ᠋ᠧᠮ ᠳᠤ ᠨᠢᠬᠡ ᠯᠡ ᠲᠠᠷᠤᠪᠴᠢ ᠪᠠᠷ ᠬᠡᠷᠡᠭ ᠮᠡᠳᠡᠬᠦᠯᠬᠦ ᠶᠢ ᠬᠦᠢᠴᠡᠳᠬᠡᠬᠦ᠂ ᠰᠠᠭᠠᠳ ᠦᠬᠡᠢ ᠬᠡᠷᠡᠭ ᠮᠡᠳᠡᠬᠦᠯᠬᠦ᠂ ᠦᠵᠡᠭᠳᠡᠮᠡᠯ ᠬᠡᠷᠡᠭ ᠤᠨ ᠪᠠᠶᠢᠳᠠᠯ ᠢ ᠵᠦᠪ ᠤᠨᠤᠪᠴᠢᠳᠠᠢ ᠲᠠᠮᠵᠢᠭᠤᠯᠬᠤ᠂ ᠬᠡᠷᠡᠴᠢ ᠠᠪᠬᠤ ᠳᠤ ᠦᠨᠳᠦᠷ ᠪᠦᠳᠦᠮᠵᠢᠳᠡᠢ ᠲᠦᠬᠦᠮ ᠪᠤᠯᠬᠤ᠂ ᠬᠡᠷᠡᠭ ᠡᠬᠦᠰᠦᠭᠰᠡᠨ ᠲᠤᠬᠠᠢ ᠶᠢᠨ ᠲᠠᠯᠠᠪᠠᠢ ᠶᠢ ᠰᠡᠷᠬᠦᠬᠡᠬᠦ ᠵᠡᠷᠬᠡ ᠴᠢᠳᠠᠮᠵᠢ ᠲᠠᠢ᠃ ᠬᠤᠳᠠ ᠶᠢᠨ ᠠᠷᠠᠳ ᠤᠶᠤᠨᠳᠤ ᠭᠠᠷ ᠤᠳᠠᠰᠤ ᠪᠠᠨ ᠬᠡᠷᠡᠭᠯᠡᠨ ︽ᠬᠦᠬᠡᠬᠤᠳᠠ 110︾ ᠢ ᠬᠠᠶᠢᠬᠤ ᠪᠤᠶᠤ ᠬᠤᠶᠠᠷ ᠬᠡᠮᠵᠢᠯᠳᠦ ᠺᠤᠳ᠋ ᠢ ᠰᠢᠷᠪᠢᠨ᠂ ︽ᠬᠦᠬᠡᠬᠤᠳᠠ 110︾ ᠭᠠᠷ ᠤᠳᠠᠰᠤᠨ ᠤ APP ᠶᠢ ᠤᠬᠰᠠᠷᠠᠵᠤ ᠪᠤᠯᠤᠨ᠎ᠠ᠃      110 ᠵᠢᠯᠤᠭᠤᠳᠬᠤ ᠲᠦᠪ ᠬᠡᠷᠡᠭ ᠤᠨ ᠮᠡᠳᠡᠬᠦᠯᠦᠯᠳᠡ ᠶᠢ ᠲᠤᠰᠤᠬᠰᠠᠨ ᠤ ᠲᠠᠷᠠᠭ᠎ᠠ ᠨᠢᠬᠡᠨ ᠸᠢᠳᠢᠣ᠋ ᠬᠤᠷᠢᠶᠠᠨ ᠤᠯᠵᠤ᠂ ᠪᠠᠰᠠ ᠬᠡᠷᠡᠭ ᠮᠡᠳᠡᠬᠦᠯᠦᠭᠰᠡᠨ ᠬᠦᠮᠦᠨ ᠤ ᠦᠨᠡᠨ ᠨᠡᠷ᠎ᠡ ᠪᠠᠷ ᠲᠠᠩᠰᠠᠯᠠᠭᠤᠯᠤᠬᠰᠠᠨ ᠮᠡᠳᠡᠭᠡ ᠵᠠᠩᠬᠢ ᠢᠯᠡᠷᠡᠨ᠎ᠡ᠃ ᠬᠡᠷᠡᠭ ᠮᠡᠳᠡᠬᠦᠯᠦᠭᠰᠡᠨ ᠬᠦᠮᠦᠨ ᠤ ᠤᠳᠠᠰᠤᠳᠠᠬᠰᠠᠨ ᠬᠡᠷᠡᠭ ᠤᠨ ᠮᠡᠳᠡᠬᠦᠯᠦᠯᠳᠡ ᠶᠢᠨ ᠤᠳᠠᠰᠤ ᠶᠢ ᠲᠤᠰᠤᠬᠰᠠᠨ ᠤ ᠲᠠᠷᠠᠭ᠎ᠠ ᠪᠠᠰᠠ ᠬᠡᠷᠡᠭ ᠮᠡᠳᠡᠬᠦᠯᠦᠭᠰᠡᠨ ᠬᠦᠮᠦᠨ ᠤ ᠭᠠᠵᠠᠷ ᠵᠦᠢ ᠶᠢᠨ ᠰᠤᠯᠪᠢᠴᠠᠯ ᠢᠯᠡᠷᠡᠵᠦ᠂ ᠪᠠᠢ ᠳ᠋ᠦ᠋ ᠭᠠᠵᠠᠷ ᠤᠨ ᠵᠢᠷᠤᠬ ᠢᠶᠠᠷ ᠲᠠᠮᠵᠢᠭᠤᠯᠤᠨ᠂ ᠨᠡᠯᠢᠶᠡᠳ ᠵᠦᠪ ᠤᠨᠤᠪᠴᠢᠳᠠᠢ ᠪᠠᠷ ᠬᠡᠷᠡᠭ ᠮᠡᠳᠡᠬᠦᠯᠦᠭᠰᠡᠨ ᠬᠦᠮᠦᠨ ᠤ ᠭᠠᠵᠠᠷ ᠵᠦᠢ ᠶᠢᠨ ᠤᠷᠤᠨ ᠪᠠᠶᠢᠷᠢ ᠶᠢ ᠲᠤᠳᠤᠯᠠᠵᠤ ᠲᠡᠶᠢᠯᠦᠨ᠎ᠡ᠃ ᠬᠡᠨᠡᠳᠳᠡ ᠪᠠᠷ ᠡᠬᠦᠰᠦᠭᠰᠡᠨ ᠬᠦᠴᠦᠷᠭᠡᠭᠯᠡᠯ ᠰᠦᠷᠳᠡᠬᠦᠯᠦᠯ ᠤᠨ ᠠᠵᠢᠯᠯᠠᠭ᠎ᠠ ᠲᠠᠢ ᠤᠴᠠᠷᠠᠬᠤ ᠦᠶ᠎ᠡ ᠳᠤ᠂ ᠴᠠᠬ ᠲᠤᠬᠠᠢ ᠳᠤ ᠨᠢ ᠪᠦᠳᠦᠮᠵᠢᠳᠡᠢ ᠬᠡᠷᠡᠭ ᠮᠡᠳᠡᠬᠦᠯᠵᠦ᠂ ᠬᠠᠮᠤᠬ ᠤᠨ ᠶᠡᠭᠡ ᠬᠡᠮᠵᠢᠶ᠎ᠡ ᠪᠠᠷ ᠤᠯᠠᠨ ᠲᠦᠮᠡᠨ ᠤ ᠠᠮᠢ ᠨᠠᠰᠤᠨ ᠤ ᠠᠮᠤᠷ ᠲᠦᠪᠰᠢᠨ ᠢ ᠪᠠᠳᠤᠯᠠᠵᠤ ᠲᠡᠶᠢᠯᠦᠨ᠎ᠡ᠃      ᠲᠤᠰ ᠬᠡᠷᠡᠭ ᠮᠡᠳᠡᠬᠦᠯᠬᠦ ᠰᠢᠰᠲ᠋ᠧᠮ ᠢ ᠶᠡᠬᠡᠪᠡᠷ ᠲᠡᠯᠬᠡᠷᠡᠬᠦᠯᠬᠦ ᠶᠢᠨ ᠲᠤᠯᠠᠳᠠ᠂ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠰᠠᠯᠪᠤᠷᠢ ᠠᠩᠬᠢ ᠶᠢᠨ ᠮᠠᠰᠢᠨ ᠲᠡᠷᠬᠡᠨ ᠤ ᠬᠠᠮᠢᠶᠠᠷᠤᠯᠳᠠ ᠶᠢᠨ ᠭᠠᠵᠠᠷ ᠪᠤᠢ ᠪᠦᠬᠦᠢ ᠠᠷᠠᠳ ᠤᠨ ᠴᠠᠬᠳᠠᠭ᠎ᠠ᠂ ᠲᠤᠰᠠᠯᠠᠬᠴᠢ ᠴᠠᠬᠳᠠᠭ᠎ᠠ ᠶᠢ ᠲᠠᠶᠢᠴᠢᠯᠠᠨ ︽ᠬᠦᠬᠡᠬᠤᠳᠠ 110︾ ᠭᠠᠷ ᠤᠳᠠᠰᠤᠨ ᠤ APP ᠶᠢ ᠤᠬᠰᠠᠷᠠᠭᠤᠯᠬᠤ ᠶᠢᠨ ᠬᠠᠮᠳᠤ᠂ ︽ᠭᠠᠷ ᠤᠳᠠᠰᠤᠨ ᠤ ᠦᠵᠡᠭᠳᠡᠮᠡᠯ ᠨᠢᠬᠡ ᠯᠡ ᠲᠠᠷᠤᠪᠴᠢ ᠪᠠᠷ ᠬᠡᠷᠡᠭ ᠮᠡᠳᠡᠬᠦᠯᠬᠦ ᠬᠡᠷᠡᠭᠯᠡᠬᠡᠨ ᠤ ᠵᠦᠬᠡᠯᠡᠨ ᠲᠤᠨᠤᠬ︾ ᠤᠨ ᠴᠢᠳᠠᠮᠵᠢ ᠪᠤᠯᠤᠨ ᠬᠡᠷᠡᠭᠯᠡᠯᠳᠡ ᠶᠢ ᠰᠤᠷᠤᠯᠴᠠᠨ ᠤᠢᠢᠯᠠᠭᠠᠭᠤᠯᠵᠤ᠂ ᠪᠦᠬᠦ᠋ᠢᠯᠡ ᠠᠷᠠᠳ ᠤᠨ ᠴᠠᠬᠳᠠᠭ᠎ᠠ᠂ ᠲᠤᠰᠠᠯᠠᠬᠴᠢ ᠴᠠᠬᠳᠠᠭ᠎ᠠ ᠶᠢ ᠬᠡᠷᠡᠭᠯᠡᠭᠴᠢ ᠪᠤᠯᠭᠠᠬᠤ ᠪᠠᠷ ᠪᠠᠷᠠᠬᠤ ᠦᠬᠡᠢ ᠪᠠᠰᠠ ᠲᠠᠨᠢᠯᠴᠠᠭᠤᠯᠤᠬᠴᠢ ᠪᠤᠯᠭᠠᠵᠤ᠂ ᠲᠤᠬᠠᠢᠢᠯᠠᠬᠰᠠᠨ ᠠᠵᠢᠯ ᠤᠨ ᠲᠤᠮᠤ ᠲᠠᠩᠬᠢᠮ᠂ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠦᠢᠯᠡᠴᠢᠯᠡᠬᠡᠨ ᠤ ᠦᠷᠳᠡᠭᠡ ᠵᠡᠷᠬᠡ ᠦᠢᠯᠡᠴᠢᠯᠡᠬᠡᠨ ᠤ ᠴᠤᠩᠬᠤᠪᠴᠢ ᠳᠤ ︽ᠭᠠᠷ ᠤᠳᠠᠰᠤᠨ ᠤ ᠦᠵᠡᠭᠳᠡᠮᠡᠯ ᠨᠢᠬᠡ ᠯᠡ ᠲᠠᠷᠤᠪᠴᠢ ᠪᠠᠷ ᠬᠡᠷᠡᠭ ᠮᠡᠳᠡᠬᠦᠯᠬᠦ ᠬᠡᠷᠡᠭᠯᠡᠬᠡᠨ ᠤ ᠵᠦᠬᠡᠯᠡᠨ ᠲᠤᠨᠤᠬ︾ ᠤᠨ ᠬᠤᠶᠠᠷ ᠬᠡᠮᠵᠢᠯᠳᠦ ᠺᠤᠳ᠋ ᠢ ᠨᠠᠭᠠᠵᠤ᠂ ᠤᠯᠠᠨ ᠲᠦᠮᠡᠨ ᠤ ᠪᠠᠭᠤᠯᠭᠠᠬᠤ᠂ ᠤᠬᠰᠠᠷᠠᠬᠤ ᠳᠤ ᠲᠦᠬᠦᠮ ᠦᠵᠡᠬᠦᠯᠦᠭᠰᠡᠨ ᠪᠠᠶᠢᠨ᠎ᠠ      ᠡᠬᠦᠨ ᠠᠴᠠ ᠭᠠᠳᠠᠨ᠎ᠠ᠂ ᠲᠤᠬᠠᠢ ᠶᠢᠨ ᠡᠳᠦᠷ ᠠᠴᠠ ᠡᠬᠢᠯᠡᠨ᠂ ᠬᠤᠳᠠ ᠶᠢᠨ ᠠᠷᠠᠳ ᠲᠡᠷᠬᠡᠨ ᠤ ᠬᠠᠮᠢᠶᠠᠷᠤᠯᠳᠠ ᠶᠢᠨ ᠭᠠᠵᠠᠷ ᠤᠨ ᠲᠤᠬᠠᠢᠢᠯᠠᠬᠰᠠᠨ ᠠᠵᠢᠯ ᠤᠨ ᠲᠤᠮᠤ ᠲᠠᠩᠬᠢᠮ᠂ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠦᠢᠯᠡᠴᠢᠯᠡᠬᠡᠨ ᠤ ᠦᠷᠳᠡᠭᠡ ᠳᠤ ᠤᠴᠢᠪᠠᠯ᠂ ᠲᠠᠭᠠᠭᠤᠯᠤᠨ ᠬᠦᠢᠴᠡᠳᠬᠡᠭᠴᠢ ᠰᠠᠨᠠᠭᠠᠴᠢᠯᠠᠭ᠎ᠠ ᠲᠠᠢ ᠪᠠᠷ ᠤᠯᠠᠨ ᠲᠦᠮᠡᠨ ᠳᠤ ︽ᠭᠠᠷ ᠤᠳᠠᠰᠤᠨ ᠤ ᠦᠵᠡᠭᠳᠡᠮᠡᠯ ᠨᠢᠬᠡ ᠯᠡ ᠲᠠᠷᠤᠪᠴᠢ ᠪᠠᠷ ᠬᠡᠷᠡᠭ ᠮᠡᠳᠡᠬᠦᠯᠬᠦ ᠬᠡᠷᠡᠭᠯᠡᠬᠡᠨ ᠤ ᠵᠦᠬᠡᠯᠡᠨ ᠲᠤᠨᠤᠬ︾ ᠢ ᠬᠡᠷᠡᠭᠯᠡᠬᠦ ᠠᠷᠭ᠎ᠠ ᠶᠢ ᠲᠠᠨᠢᠯᠴᠠᠭᠤᠯᠤᠨ᠂ ︽ᠭᠠᠷ ᠤᠳᠠᠰᠤᠨ ᠤ ᠦᠵᠡᠭᠳᠡᠮᠡᠯ ᠨᠢᠬᠡ ᠯᠡ ᠲᠠᠷᠤᠪᠴᠢ ᠪᠠᠷ ᠬᠡᠷᠡᠭ ᠮᠡᠳᠡᠬᠦᠯᠬᠦ ᠬᠡᠷᠡᠭᠯᠡᠬᠡᠨ ᠤ ᠵᠦᠬᠡᠯᠡᠨ ᠲᠤᠨᠤᠬ︾ ᠤᠨ ᠬᠡᠷᠡᠭᠯᠡᠬᠦ ᠨᠤᠷᠮ᠎ᠠ ᠶᠢ ᠴᠢᠨᠠᠬᠰᠢᠳᠠ ᠲᠡᠭᠡᠭᠰᠢᠯᠡᠬᠦᠯᠬᠦ ᠪᠤᠯᠤᠨ᠎ᠠ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号