ᠬᠦᠬᠡᠬᠤᠳᠠ ᠶᠢᠨ ᠰᠦᠯᠵᠢᠶᠡᠨ ᠢᠷᠬᠡᠳ ︽ᠡᠯᠧᠺᠲᠷᠤᠨ ᠪᠡᠶ᠎ᠡ ᠶᠢᠨ ᠦᠨᠡᠮᠯᠡᠯ︾ ᠬᠡᠷᠡᠭᠯᠡᠬᠦ ᠪᠤᠯᠪᠠ
ᠨᠡᠶᠢᠲᠡᠯᠡᠭᠰᠡᠨ ᠴᠠᠭ᠄
2018-07-20
      ᠡᠨᠡ ᠵᠢᠯ ᠤᠨ 7 ᠰᠠᠷ᠎ᠠ ᠠᠴᠠ ᠡᠬᠢᠯᠡᠨ ᠬᠦᠬᠡᠬᠤᠳᠠ ᠰᠦᠯᠵᠢᠶᠡᠨ ᠪᠠᠭᠠᠷ ᠤᠨ ︽ᠡᠯᠧᠺᠲᠷᠤᠨ ᠪᠡᠶ᠎ᠡ ᠶᠢᠨ ᠦᠨᠡᠮᠯᠡᠯ︾  ᠢ ᠡᠬᠢᠯᠡᠨ ᠬᠡᠷᠡᠭᠯᠡᠵᠦ᠂ ᠬᠤᠶᠢᠰᠢᠳᠠ ᠬᠦᠬᠡᠬᠤᠳᠠ ᠶᠢᠨ ᠰᠦᠯᠵᠢᠶᠡᠨ ᠢᠷᠬᠡᠳ ᠪᠡᠶ᠎ᠡ ᠶᠢᠨ ᠦᠨᠡᠮᠯᠡᠯ ᠠᠪᠬᠤ ᠦᠬᠡᠢ ᠴᠤ ᠬᠡᠰᠡᠨ ᠰᠦᠯᠵᠢᠶᠡᠨ ᠪᠠᠭᠠᠷ ᠲᠤ ᠤᠷᠤᠵᠤ ᠰᠦᠯᠵᠢᠶᠡᠨ ᠳᠤ ᠭᠠᠷᠴᠤ ᠲᠡᠶᠢᠯᠬᠦ ᠪᠤᠯᠵᠠᠢ᠃      ᠬᠦᠬᠡᠬᠤᠳᠠ ᠶᠢᠨ ᠲᠤᠳᠤᠭᠠᠳᠤ ᠶᠢ ᠬᠠᠮᠠᠭᠠᠯᠠᠬᠤ ᠲᠤᠪᠴᠢᠶ᠎ᠠ ᠰᠦᠯᠵᠢᠶᠡᠨ ᠪᠠᠭᠠᠷ ᠲᠤ ᠪᠡᠶ᠎ᠡ ᠶᠢᠨ ᠦᠨᠡᠮᠯᠡᠯ ᠤᠨ ᠮᠡᠳᠡᠭᠡ ᠵᠠᠩᠬᠢ ᠶᠢ ᠬᠠᠭᠤᠷᠮᠠᠬᠯᠠᠨ ᠬᠡᠷᠡᠭᠯᠡᠬᠦ ᠪᠤᠶᠤ ᠬᠤᠯᠠᠭᠠᠢᠢᠯᠠᠨ ᠬᠡᠷᠡᠭᠯᠡᠵᠦ᠂ ︽ᠦᠨᠡᠨ ᠨᠡᠷ᠎ᠡ ᠶᠢᠨ ᠲᠦᠷᠢᠮ︾ ᠤᠨ ᠬᠠᠮᠢᠶᠠᠷᠤᠯᠳᠠ ᠶᠢ ᠬᠦᠨᠳᠦ ᠨᠤᠴᠢᠳᠠᠢ ᠨᠦᠯᠦᠬᠡᠯᠡᠵᠦ ᠪᠠᠶᠢᠭ᠎ᠠ ᠪᠤᠳᠠᠳᠠᠢ ᠪᠠᠶᠢᠳᠠᠯ ᠳᠤ ᠴᠢᠭᠯᠡᠬᠦᠯᠦᠨ᠂ ᠡᠨᠡ ᠵᠢᠯ ᠤᠨ 5 ᠰᠠᠷ᠎ᠠ ᠠᠴᠠ ᠡᠬᠢᠯᠡᠨ ᠨᠠᠷᠢᠨ ᠬᠢᠨᠠᠮᠠᠭᠠᠢ ᠰᠤᠳᠤᠯᠵᠤ᠂ ᠵᠤᠬᠢᠴᠠᠭᠤᠯᠤᠨ ᠬᠠᠮᠵᠢᠯᠴᠠᠵᠤ ᠪᠠᠶᠢᠭᠠᠳ ᠰᠦᠯᠵᠢᠶᠡᠨ ᠪᠠᠭᠠᠷ ᠲᠤ ︽ᠡᠯᠧᠺᠲᠷᠤᠨ ᠪᠡᠶ᠎ᠡ ᠶᠢᠨ ᠦᠨᠡᠮᠯᠡᠯ ᠤᠨ ᠦᠨᠡᠨ ᠨᠡᠷ᠎ᠡ ᠶᠢ ᠬᠠᠷᠭᠤᠭᠤᠯᠤᠨ ᠪᠠᠶᠢᠴᠠᠭᠠᠬᠤ ᠬᠠᠮᠢᠶᠠᠷᠤᠯᠳᠠ ᠶᠢᠨ ᠰᠢᠰᠲᠧᠮ︾ ᠤᠬᠰᠠᠷᠠᠬᠤ ᠠᠵᠢᠯ ᠢ ᠶᠠᠪᠤᠬᠳᠠᠭᠤᠯᠵᠠᠢ᠃ 6 ᠰᠠᠷ᠎ᠠ ᠶᠢᠨ ᠰᠡᠬᠦᠯᠴᠢ ᠪᠤᠯᠳᠠᠯ᠎ᠠ ᠰᠦᠯᠵᠢᠶᠡᠨ ᠪᠠᠭᠠᠷ ᠤᠨ ᠰᠦᠢᠳᠬᠡᠯ ᠪᠤᠳᠤᠬᠤ ᠰᠢᠰᠲᠧᠮ ᠢ ᠲᠡᠰ ᠲᠡᠪᠰᠢᠬᠦᠯᠬᠦ᠂ ︽ᠡᠯᠧᠺᠲᠷᠤᠨ ᠪᠡᠶ᠎ᠡ ᠶᠢᠨ ᠦᠨᠡᠮᠯᠡᠯ ︾ ᠤᠨ ᠰᠢᠰᠲᠧᠮ ᠢ ᠵᠤᠯᠭᠠᠭᠤᠯᠬᠤ ᠵᠡᠷᠬᠡ ᠠᠵᠢᠯ ᠢ ᠪᠡᠶᠡᠯᠡᠬᠦᠯᠪᠠ᠃ 7 ᠰᠠᠷ᠎ᠠ ᠠᠴᠠ ᠡᠬᠢᠯᠡᠨ᠂ ᠬᠦᠬᠡᠬᠤᠳᠠ ᠶᠢᠨ ᠰᠦᠯᠵᠢᠶᠡᠨ ᠪᠠᠭᠠᠷ ᠤᠯᠠᠮᠵᠢᠯᠠᠯᠳᠤ ︽ᠺᠠᠷᠲ ᠤᠨ ᠬᠡᠯᠪᠡᠷᠢ︾ ᠶᠢᠨ ᠪᠡᠶ᠎ᠡ ᠶᠢᠨ ᠦᠨᠡᠮᠯᠡᠯ ᠢ ᠲᠠᠩᠰᠠᠯᠠᠵᠤ ᠬᠠᠮᠢᠶᠠᠷᠬᠤ ᠬᠡᠪ ᠵᠠᠬᠪᠤᠷ ᠤᠨ ᠰᠠᠭᠤᠷᠢᠨ ᠲᠡᠭᠡᠷ᠎ᠡ᠂ ︽ᠡᠯᠧᠺᠲᠷᠤᠨ ᠪᠡᠶ᠎ᠡ ᠶᠢᠨ ᠦᠨᠡᠮᠯᠡᠯ ᠢ ᠦᠨᠡᠨ ᠨᠡᠷ᠎ᠡ ᠪᠠᠷ ᠲᠠᠩᠰᠠᠯᠠᠵᠤ︾ ᠰᠦᠯᠵᠢᠶᠡᠨ ᠳᠤ ᠭᠠᠷᠬᠤ ᠴᠢᠳᠠᠮᠵᠢ ᠶᠢ ᠪᠦᠬᠦ ᠲᠠᠯ᠎ᠠ ᠪᠠᠷ ᠬᠡᠷᠡᠭᠯᠡᠵᠡᠢ᠃ ︽ᠡᠯᠧᠺᠲᠷᠤᠨ ᠪᠡᠶ᠎ᠡ ᠶᠢᠨ ᠦᠨᠡᠮᠯᠡᠯ︾ ᠬᠡᠳᠡᠭ ᠨᠢ ᠰᠦᠯᠵᠢᠶᠡᠨ ᠢᠷᠬᠡᠳ ᠭᠠᠷ ᠤᠳᠠᠰᠤᠨ ᠤ ᠵᠢᠷᠬᠢᠶ᠎ᠡ ᠪᠠᠷ ᠬᠤᠶᠠᠷ ᠬᠡᠮᠵᠢᠯᠳᠦ ᠺᠤᠳ᠋ ᠢ ᠰᠢᠷᠪᠢᠨ ︽ᠸᠠᠩ ᠵᠧᠩ CTID︾ ᠵᠢᠵᠢᠭ ᠲᠡᠰ ᠲᠠᠷᠠᠭᠠᠯᠠᠯ ᠢ ᠪᠠᠭᠤᠯᠭᠠᠭᠰᠠᠨ ᠤ ᠲᠠᠷᠠᠭ᠎ᠠ ᠬᠡᠷᠡᠭᠯᠡᠭᠴᠢ ᠶᠢᠨ ᠨᠡᠷ᠎ᠡ᠂ ᠪᠡᠶ᠎ᠡ ᠶᠢᠨ ᠦᠨᠡᠮᠯᠡᠯ ᠤᠨ ᠮᠡᠳᠡᠭᠡ ᠵᠠᠩᠬᠢ᠂ ᠬᠦᠳᠡᠯᠦᠩᠬᠦᠢ ᠵᠢᠷᠤᠬ ᠲᠦᠷᠰᠦ ᠪᠠᠷ ᠦᠨᠡᠨ ᠨᠡᠷ᠎ᠡ ᠶᠢᠨ ᠬᠡᠷᠡᠴᠢᠯᠡᠭᠡ ᠬᠢᠵᠦ ᠲᠠᠩᠰᠠᠯᠠᠭᠤᠯᠤᠨ᠎ᠠ᠃ ᠬᠦᠮᠦᠨ ᠤ ᠲᠦᠷᠰᠦ ᠶᠢ ᠠᠳᠠᠯᠢᠳᠬᠠᠬᠤ᠂ ᠲᠠᠭᠤ ᠶᠢ ᠢᠯᠭᠠᠵᠤ ᠲᠠᠨᠢᠬᠤ ᠵᠡᠷᠬᠡ ᠮᠡᠷᠬᠡᠵᠢᠯ ᠢᠶᠠᠷ ᠲᠠᠮᠵᠢᠨ ᠬᠤᠶᠠᠷ ᠬᠡᠮᠵᠢᠯᠳᠦ ᠺᠤᠳ᠋ ᠢ ᠰᠢᠷᠪᠢᠪᠡᠯ ᠲᠤᠳᠤᠭᠠᠳᠤ ᠶᠢ ᠬᠠᠮᠠᠭᠠᠯᠠᠬᠤ ᠶᠠᠮᠤᠨ ᠤ ᠳ᠋ᠠᠶᠢᠲ᠋ᠠ ᠬᠦᠮᠦᠷᠬᠡ ᠳᠠᠬᠢ ᠦᠨᠡᠨ ᠪᠤᠳᠠᠳᠠᠢ ᠪᠡᠶ᠎ᠡ ᠶᠢᠨ ᠦᠨᠡᠮᠯᠡᠯ ᠤᠨ ᠮᠡᠳᠡᠭᠡ ᠵᠠᠩᠬᠢ ᠲᠠᠢ ᠠᠦ᠋ᠲ᠋ᠣ᠋ ᠪᠠᠷ ᠠᠳᠠᠯᠢᠳᠬᠠᠵᠤ᠂ ᠦᠨᠡᠨ ᠨᠡᠷ᠎ᠡ ᠪᠠᠷ ᠲᠠᠩᠰᠠᠯᠠᠭᠤᠯᠬᠤ ᠦᠬᠡᠢ ᠵᠡᠷᠬᠡ ᠪᠠᠶᠢᠳᠠᠯ ᠢ ᠪᠦᠳᠤᠮᠵᠢᠳᠠᠢ ᠬᠤᠷᠢᠬᠯᠠᠪᠠ᠃ ᠤᠳᠤ ᠬᠦᠬᠡᠬᠤᠳᠠ ᠳᠤ ᠬᠡᠪ ᠤᠨ ᠶᠤᠰᠤᠭᠠᠷ ᠡᠵᠡᠩᠨᠡᠵᠦ ᠪᠠᠶᠢᠭ᠎ᠠ ᠰᠦᠯᠵᠢᠶᠡᠨ ᠪᠠᠭᠠᠷ 350 ᠭᠠᠷᠤᠢ ᠪᠠᠶᠢᠵᠤ᠂ ᠰᠦᠯᠵᠢᠶᠡᠨ ᠪᠠᠭᠠᠷ ᠲᠤ ︽ᠡᠯᠧᠺᠲᠷᠤᠨ ᠪᠡᠶ᠎ᠡ ᠶᠢᠨ ᠦᠨᠡᠮᠯᠡᠯ︾ ᠢ ᠲᠡᠯᠬᠡᠷᠡᠬᠦᠯᠦᠨ ᠬᠡᠷᠡᠭᠯᠡᠭᠰᠡᠨ ᠨᠢ ᠪᠡᠶ᠎ᠡ ᠶᠢᠨ ᠦᠨᠡᠮᠯᠡᠯ ᠢᠶᠠᠨ ᠮᠠᠷᠳᠠᠬᠤ᠂ ᠪᠡᠶ᠎ᠡ ᠶᠢᠨ ᠦᠨᠡᠮᠯᠡᠯ ᠤᠨ ᠮᠡᠳᠡᠭᠡ ᠵᠠᠩᠬᠢ ᠬᠠᠭᠤᠷᠮᠠᠬᠯᠠᠨ ᠬᠡᠷᠡᠭᠯᠡᠭᠳᠡᠬᠦ ᠵᠡᠷᠬᠡ ᠠᠰᠠᠭᠤᠳᠠᠯ ᠠᠴᠠ ᠪᠦᠳᠦᠮᠵᠢᠳᠡᠢ ᠵᠠᠶᠢᠯᠠᠰᠬᠢᠵᠤ ᠴᠢᠳᠠᠵᠠᠢ᠃ ᠪᠠᠰᠠ ᠪᠡᠶ᠎ᠡ ᠶᠢᠨ ᠦᠨᠡᠮᠯᠡᠯ ᠢᠶᠠᠨ ᠠᠪᠤᠬᠰᠠᠨ ᠦᠬᠡᠢ ᠰᠦᠯᠵᠢᠶᠡᠨ ᠢᠷᠬᠡᠳ ᠲᠤ ᠭᠠᠷ ᠤᠳᠠᠰᠤᠨ ᠤ ᠵᠢᠷᠬᠢᠶ᠎ᠡ ᠪᠠᠷ ᠲᠠᠮᠵᠢᠨ ᠦᠨᠡᠨ ᠨᠡᠷ᠎ᠡ ᠶᠢᠨ ᠰᠢᠯᠭᠠᠯᠳᠠ ᠬᠢᠵᠦ᠂ ᠰᠦᠯᠵᠢᠶᠡᠨ ᠪᠠᠭᠠᠷ ᠤᠨ ᠡᠵᠡᠨᠳᠡᠨ ᠠᠴᠠ ᠡᠵᠡᠩᠨᠡᠯᠳᠡ ᠶᠢᠨ ᠬᠡᠷᠡᠭᠴᠡᠭᠡ ᠠᠴᠠ ᠪᠤᠯᠵᠤ ᠦᠨᠡᠨ ᠨᠡᠷ᠎ᠡ ᠶᠢᠨ ᠲᠦᠷᠢᠮ ᠤᠨ ᠬᠠᠮᠢᠶᠠᠷᠤᠯᠳᠠ ᠠᠴᠠ ᠵᠠᠶᠢᠯᠠᠰᠬᠢᠬᠤ ᠪᠤᠳᠠᠳᠤ ᠪᠠᠶᠢᠳᠠᠯ ᠢ ᠪᠦᠳᠦᠮᠵᠢᠳᠡᠢ ᠰᠢᠢᠳᠪᠦᠷᠢᠯᠡᠭᠰᠡᠨ ᠪᠠᠶᠢᠨ᠎ᠠ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号