ᠥᠢᠷ᠎ᠠ ᠶᠢᠨ ᠡᠳᠦᠷ ᠬᠦᠬᠡᠬᠤᠲᠠ ᠶᠢᠨ ᠦᠷᠭᠦᠯᠵᠢᠯᠡᠭᠰᠡᠨ ᠪᠣᠷᠣᠭᠠᠨ ᠤ ᠪᠠᠶᠢᠳᠠᠯ ᠳᠤ ᠰᠢᠨ᠎ᠡ ᠬᠤᠲᠠ | ᠲᠣᠭᠤᠷᠢᠭ ᠤᠨ ᠦᠶᠡᠷ ᠢ ᠰᠡᠷᠭᠡᠶᠢᠯᠡᠬᠦ ᠠᠯᠪᠠᠨ ᠭᠡᠷ ᠴᠠᠭ ᠠᠭᠤᠷ ᠤᠨ ᠲᠣᠪᠴᠢᠶ᠎ᠠ ᠵᠢᠨᠠᠭᠠᠳᠠᠷ ᠪᠣᠷᠣᠭᠠᠨ ᠤ | ᠰᠡᠷᠡᠮᠵᠢᠯᠡᠭᠦᠯᠦᠯ ᠤᠨ ᠳᠣᠬᠢᠶ᠎ᠠ ᠶᠢᠨ ᠮᠡᠳᠡᠭᠡ ᠵᠠᠩᠭᠢ ᠶᠢ ᠣᠯᠤᠭᠰᠠᠨ ᠤ ᠳᠠᠷᠠᠭ᠎ᠠ ᠂ ᠦᠳᠲᠡᠷ ᠲᠦᠷᠭᠡᠨ ᠪᠠᠴᠢᠮ | ᠪᠠᠶᠢᠳᠠᠯ ᠢ ᠠᠷᠭᠠᠴᠠᠬᠤ ᠲᠤᠰᠬᠠᠯ ᠭᠠᠷᠭᠠᠵᠤ ᠦᠶᠡᠷ ᠢ ᠰᠡᠷᠭᠡᠶᠢᠯᠡᠬᠦ ᠵᠢᠵᠢᠭᠦᠷᠯᠡᠬᠦ ᠪᠠᠨ ᠴᠢᠩᠭᠠᠳᠬᠠᠵᠤ᠂ 24 | ᠴᠠᠭ ᠤᠨ ᠦᠶᠡᠷ ᠢ ᠰᠡᠷᠭᠡᠶᠢᠯᠡᠬᠦ ᠵᠢᠵᠢᠭᠦᠷᠯᠡᠬᠦ ᠲᠦᠷᠢᠮ ᠢᠶᠠᠨ ᠴᠢᠩᠭᠠᠳᠬᠠᠵᠦ ᠂ ︽ᠰᠢᠨ᠎ᠡ ᠬᠤᠲᠠ ᠲᠣᠭᠤᠷᠢᠭ ᠤᠨ | 2018 ᠣᠨ ᠤ ᠬᠤᠳᠠ ᠬᠥᠳᠡᠭᠡ ᠶᠢᠨ ᠦᠶᠡᠷ ᠰᠡᠷᠭᠡᠶᠢᠯᠡᠬᠦ ᠤᠷᠢᠳᠴᠢᠯᠠᠭᠰᠠᠨ ᠲᠥᠰᠦᠯ︾ ᠤᠨ | ᠱᠠᠭᠠᠷᠳᠠᠯᠭ᠎ᠠ ᠪᠠᠷ ᠦᠶᠡᠷ ᠤᠨ ᠪᠠᠶᠢᠳᠠᠯ ᠢ ᠬᠢᠨᠠᠨ ᠬᠡᠮᠵᠢᠬᠦ ᠳᠤᠭᠤᠶᠢᠯᠠᠩ ᠨᠢ ᠴᠠᠭ ᠲᠤᠬᠠᠶ ᠳᠤᠨᠢ ᠬᠢᠨᠠᠨ ᠬᠡᠮᠵᠢᠵᠦ ᠂ | ᠭᠡᠰᠢᠭᠦᠨ ᠪᠠᠶᠢᠭᠤᠯᠭ᠎ᠠ ᠨᠢᠭᠡᠴᠡ ᠲᠠᠢ ᠨᠢᠭᠲᠠ ᠬᠠᠷᠢᠴᠠᠵᠦ᠂ ᠠᠷᠤ ᠲᠠᠯ᠎ᠠ ᠶᠢᠨ ᠪᠠᠲᠤᠯᠠᠭ᠎ᠠ ᠶᠢᠨ ᠠᠵᠢᠯ ᠤᠨ | ᠳᠤᠭᠤᠶᠢᠯᠠᠩ ᠠᠴᠠ ᠦᠶᠡᠷ ᠢ ᠰᠡᠷᠭᠡᠶᠢᠯᠡᠬᠦ ᠡᠳ᠋ ᠪᠤᠳᠠᠰ ᠢ ᠪᠦᠷᠢᠨ ᠭᠦᠢᠴᠡᠳᠲ᠋ᠣᠭᠢᠷᠠᠭᠤᠯᠵᠤ ᠂ ᠴᠠᠭ ᠢᠮᠠᠭᠲᠠ | ᠵᠠᠷᠯᠢᠭ ᠬᠦᠯᠢᠶᠡᠬᠦ ᠪᠠᠷ ᠪᠡᠯᠡᠨ ᠪᠠᠶᠢᠨ᠎ᠠ᠃ ᠭᠤᠣᠯ ᠶᠢᠨ ᠳᠠᠭᠠᠤ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠳᠡᠳ᠋ | ᠶᠡᠷᠦᠩᠬᠡᠶ ᠵᠢᠯᠤᠭᠤᠳᠤᠭᠴᠢ ᠰᠢᠤᠢ ᠰᠢᠶᠠᠩ ᠵᠢᠶᠦ᠋ᠨ᠂ ᠦᠶᠡᠷ ᠢ ᠰᠡᠷᠭᠡᠶᠢᠯᠡᠬᠦ ᠠᠯᠪᠠᠨ ᠭᠡᠷ ᠤᠨ ᠡᠷᠬᠢᠯᠡᠭᠴᠢ ᠵᠠᠩ | ᠼᠦᠢ ᠯᠢ ᠶᠢᠨ ᠳᠠᠭᠠᠭᠤᠯᠭ᠎ᠠ ᠪᠠᠷ ᠠᠭᠤᠯᠠ ᠳᠠᠭᠠᠤ ᠠᠭᠤᠯᠠᠨ ᠦᠶᠡᠷ ᠲᠤ ᠪᠠᠶᠢᠴᠠᠭᠠᠯᠲᠠ ᠬᠢᠵᠦ᠂ ᠠᠶᠤᠯᠲᠠᠶ | ᠪᠠᠶᠢᠳᠠᠯ ᠲᠠᠢ ᠭᠤᠣᠯ ᠤᠨ ᠬᠡᠰᠡᠭ ᠲᠤ ᠲᠤᠰᠬᠠᠶ ᠬᠥᠮᠦᠨ ᠲᠣᠬᠢᠷᠠᠭᠤᠯᠤᠨ ᠵᠢᠵᠢᠭᠦᠷᠯᠡᠭᠦᠯᠵᠦ᠂ ᠮᠠᠰᠢᠨ ᠡᠳ᠋ ᠪᠠᠷᠠᠭ᠎ᠠ | ᠲᠣᠬᠢᠷᠠᠭᠤᠯᠤᠨ᠂ ᠴᠠᠭ ᠲᠤᠬᠠᠶ ᠳᠤᠨᠢ ᠲᠦᠭᠰᠢᠭᠦᠷᠢᠲᠦ ᠪᠠᠶᠢᠳᠠᠯ ᠲᠤᠯᠭᠠᠷᠠᠪᠠᠯ ᠰᠢᠢᠳᠪᠦᠷᠢᠯᠡᠬᠦ ᠶᠢ ᠪᠠᠲᠣᠯᠠᠵᠤ᠂ | ᠲᠤᠰ ᠤᠳᠠᠭᠠᠨ ᠤ ᠦᠶᠡᠷ ᠢ ᠰᠡᠷᠭᠡᠶᠢᠯᠡᠬᠦ ᠠᠵᠢᠯ ᠳᠤ ᠵᠡᠪᠰᠡᠭᠲᠦ ᠬᠦᠴᠦᠨ ᠤ ᠬᠡᠯᠲᠡᠰ ᠤᠨ ᠠᠶᠤᠯ ᠠᠴᠠ ᠠᠪᠤᠷᠠᠬᠤ | 80 ᠬᠥᠮᠦᠨ᠂ ᠰᠢᠶᠠᠩ ᠪᠠᠯᠭᠠᠰᠤᠨ ᠤ ᠠᠶᠤᠯ ᠠᠴᠠ ᠠᠪᠤᠷᠠᠬᠤ 60 ᠬᠥᠮᠦᠨ᠂ ᠲᠦᠷ ᠴᠠᠭ ᠤᠬᠤᠷᠢᠨ ᠭᠠᠷᠴᠤ | ᠲᠥᠪᠬᠢᠨᠡᠭᠦᠯᠬᠦ 20 ᠬᠥᠮᠦᠨ ᠲᠣᠬᠢᠷᠠᠭᠤᠯᠵᠠᠢ᠃ |