| | | 7 ᠳ᠋ᠤᠭᠠᠷ ᠰᠠᠷ᠎ᠠ ᠶᠢᠨ 20 ᠤ ᠡᠳᠦᠷ ᠤᠨ ᠦᠳᠡ ᠶᠢᠨ ᠬᠤᠶᠢᠨ᠎ᠠ᠂ ᠰᠢᠶᠠᠨ ᠤ ᠨᠠᠮ ᠤᠨ ᠬᠤᠷᠢᠶ᠎ᠠ ᠶᠢᠨ | ᠳᠡᠳ᠋ ᠱᠦᠵᠢ᠂ ᠰᠢᠶᠠᠨ ᠤ ᠳᠠᠷᠤᠭ᠎ᠠ ᠴᠧᠨ ᠯᠢ ᠶᠢᠨ ᠴᠧᠩ ᠭᠤᠸᠠᠨ ᠪᠠᠯᠭᠠᠰᠣᠨ ᠤ ᠨᠣᠷᠠᠬᠤ ᠠᠶᠣᠯ ᠲᠠᠢ ᠭᠡᠷ | ᠪᠠᠶᠢᠰᠢᠩ ᠤᠨ ᠭᠠᠮᠰᠢᠭᠳᠠᠭᠰᠠᠨ ᠪᠠᠶᠢᠳᠠᠯ ᠢ ᠪᠣᠲᠠᠲᠠᠢ ᠭᠠᠵᠠᠷ ᠲᠤᠨᠢ ᠪᠠᠶᠢᠴᠠᠭᠠᠨ ᠦᠵᠡᠪᠡ᠃ ᠴᠧᠩ ᠭᠤᠸᠠᠨ | ᠪᠠᠯᠭᠠᠰᠣᠨ ᠤ ᠨᠠᠮ ᠵᠠᠰᠠᠭ ᠤᠨ ᠭᠤᠣᠯ ᠬᠠᠷᠢᠭᠤᠴᠠᠯᠭᠠᠲᠠᠨ᠂ ᠰᠢᠶᠠᠨ ᠤ ᠠᠷᠠᠳ ᠤᠨ ᠶᠠᠪᠣᠳᠠᠯ ᠤᠨ ᠲᠣᠪᠴᠢᠶ᠎ᠠ ᠶᠢᠨ | ᠬᠠᠷᠢᠭᠤᠴᠠᠯᠭᠠᠲᠠᠨ ᠪᠠᠷ᠎ᠠ ᠪᠣᠯᠪᠠ᠃ | ᠴᠧᠨ ᠯᠢ ᠶᠢᠨ ᠴᠧᠩ ᠭᠤᠸᠠᠨ ᠪᠠᠯᠭᠠᠰᠣᠨ ᠤ ᠭᠤᠷᠪᠠᠳᠣᠭᠠᠷ ᠰᠠᠭᠤᠭᠠᠯᠢ ᠠᠷᠠᠳ ᠤᠨ ᠵᠥᠪᠯᠡᠯ ᠤᠨ ᠸᠠᠩ | ᠪᠢᠩ ᠸᠧᠨ᠂ ᠰᠢᠩ ᠢᠦᠢ ᠬᠤ᠋ ᠶᠢᠨ ᠭᠡᠷ ᠲᠤ ᠬᠦᠷᠴᠦ᠂ ᠪᠣᠷᠣᠭᠠᠨ ᠤ ᠣᠯᠠᠷᠢᠯ ᠤᠨ ᠨᠣᠷᠠᠬᠤ ᠠᠶᠣᠯ ᠲᠠᠢ ᠭᠡᠷ | ᠪᠠᠶᠢᠰᠢᠩ ᠤᠨ ᠭᠠᠮᠰᠢᠭᠳᠠᠭᠰᠠᠨ ᠪᠠᠶᠢᠳᠠᠯ ᠢ ᠪᠠᠶᠢᠴᠠᠭᠠᠨ ᠦᠵᠡᠵᠦ᠂ ᠭᠠᠮᠰᠢᠭᠳᠠᠭᠰᠠᠨ ᠪᠠᠶᠢᠳᠠᠯ ᠢ ᠨᠠᠷᠢᠯᠢᠭ | ᠣᠶᠢᠯᠠᠭᠠᠵᠣ᠂ ᠡᠭᠦᠨ ᠤ ᠬᠠᠮᠲᠣ ᠴᠧᠩ ᠭᠤᠸᠠᠨ ᠪᠠᠯᠭᠠᠰᠣ᠂ ᠰᠢᠶᠠᠨ ᠤ ᠠᠷᠠᠳ ᠤᠨ ᠶᠠᠪᠣᠳᠠᠯ ᠤᠨ ᠲᠣᠪᠴᠢᠶᠠᠨ ᠤ | ᠬᠠᠷᠢᠭᠤᠴᠠᠯᠭᠠᠲᠠᠨ ᠳᠤ ᠲᠣᠭᠤᠷᠢᠨ ᠪᠠᠶᠢᠴᠠᠭᠠᠯᠲᠠ ᠪᠠᠨ ᠴᠢᠩᠭᠠᠳᠬᠠᠵᠣ᠂ ᠭᠠᠮᠰᠢᠭᠳᠠᠭᠰᠠᠨ ᠠᠷᠠᠳ ᠤᠨ | ᠰᠢᠯᠵᠢᠭᠦᠯᠦᠨ ᠲᠣᠬᠤᠨᠢᠭᠤᠯᠬᠤ ᠠᠵᠢᠯ ᠢ ᠢᠳᠡᠪᠬᠢᠲᠡᠢ ᠰᠠᠶᠢᠲᠣᠷ ᠬᠢᠬᠦ ᠶᠢ ᠱᠠᠭᠠᠷᠳᠠᠵᠣ᠂ ᠠᠷᠠᠳ ᠣᠯᠠᠨ ᠤ | ᠬᠦᠮᠦᠨ ᠤ ᠪᠡᠶ᠎ᠡ ᠶᠢᠨ ᠠᠮᠣᠷ ᠲᠦᠪᠰᠢᠨ ᠢ ᠪᠠᠲᠣᠯᠠᠬᠤ ᠬᠡᠷᠡᠭᠲᠡᠢ ᠭᠡᠪᠡ᠃ | ᠴᠧᠨ ᠯᠢ ᠶᠢᠨ ᠱᠠᠭᠠᠷᠳᠠᠭᠰᠠᠨ ᠨᠢ᠂ ᠴᠧᠩ ᠭᠤᠸᠠᠨ ᠪᠠᠯᠭᠠᠰᠣ ᠠᠯᠢ ᠲᠦᠷᠭᠡᠨ ᠢᠶᠠᠷ ᠭᠤᠷᠪᠠᠳᠣᠭᠠᠷ | ᠰᠠᠭᠤᠭᠠᠯᠢ ᠠᠷᠠᠳ ᠤᠨ ᠵᠥᠪᠯᠡᠯ ᠤᠨ ᠨᠤᠷᠠᠬᠤ ᠠᠶᠣᠯ ᠲᠠᠢ ᠭᠡᠷ ᠪᠠᠶᠢᠰᠢᠩ ᠪᠣᠶᠣ ᠪᠣᠷᠣᠭᠠᠨ ᠤ ᠤᠰᠣ ᠯᠡᠪᠡᠷᠡᠵᠦ | ᠪᠠᠶᠢᠭ᠎ᠠ ᠭᠡᠷ ᠪᠠᠶᠢᠰᠢᠩ ᠲᠠᠢ ᠰᠠᠭᠤᠭᠠᠯᠢ ᠠᠷᠠᠳ ᠢ ᠠᠮᠣᠷ ᠲᠦᠪᠰᠢᠨ ᠭᠠᠵᠠᠷ ᠰᠢᠯᠵᠢᠭᠦᠯᠦᠨ᠂ ᠪᠠᠴᠢᠮ ᠪᠠᠶᠢᠳᠠᠯ ᠢ | ᠠᠷᠭᠠᠴᠠᠬᠤ ᠲᠥᠰᠥᠯ ᠢ ᠰᠠᠶᠢᠲᠣᠷ ᠬᠢᠬᠦ ᠬᠡᠷᠡᠭᠲᠡᠢ ᠭᠡᠪᠡ᠃ ᠡᠭᠦᠨ ᠤ ᠬᠠᠮᠲᠣ᠂ ᠰᠢᠶᠠᠨ ᠤ ᠣᠷᠣᠨ ᠰᠠᠭᠤᠴᠠ | ᠪᠦᠲᠦᠭᠡᠨ ᠪᠠᠶᠢᠭᠤᠯᠣᠯᠲᠠ ᠶᠢᠨ ᠲᠣᠪᠴᠢᠶ᠎ᠠ ᠳᠥᠭᠦᠮ ᠪᠦᠳᠦᠭᠦᠯᠢᠭ ᠣᠷᠣᠨ ᠰᠠᠭᠤᠴᠠ ᠶᠢᠨ ᠨᠣᠷᠠᠬᠤ ᠠᠶᠣᠯ ᠲᠠᠢ | ᠭᠡᠷ ᠪᠠᠶᠢᠰᠢᠩ ᠢ ᠥᠭᠡᠷᠡᠴᠢᠯᠡᠨ ᠰᠠᠶᠢᠵᠢᠷᠠᠭᠤᠯᠬᠤ ᠬᠡᠷᠡᠭᠵᠢᠭᠦᠯᠦᠯᠲᠡ ᠶᠢᠨ ᠲᠥᠰᠥᠯ ᠢ ᠴᠠᠭ ᠢ ᠠᠮᠵᠢᠨ ᠲᠣᠭᠲᠠᠭᠠᠨ | ᠭᠠᠷᠭᠠᠵᠣ᠂ ᠨᠣᠷᠠᠬᠤ ᠠᠶᠣᠯ ᠲᠠᠢ ᠭᠡᠷ ᠪᠠᠶᠢᠰᠢᠩ ᠲᠠᠢ ᠰᠠᠭᠤᠭᠠᠯᠢ ᠠᠷᠠᠳ ᠤᠨ ᠣᠳᠣᠬᠠᠨ ᠤ ᠠᠮᠢᠳᠣᠷᠠᠯ ᠤᠨ | ᠪᠠᠶᠢᠳᠠᠯ ᠢ ᠰᠠᠶᠢᠵᠢᠷᠠᠭᠤᠯᠬᠤ ᠬᠡᠷᠡᠭᠲᠡᠢ ᠭᠡᠵᠡᠢ᠃ |