ᠤᠯᠤᠰ ᠪᠠ ᠥᠪᠡᠷᠲᠡᠭᠡᠨ ᠵᠠᠰᠠᠬᠤ ᠣᠷᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ | ᠶᠡᠷᠦᠩᠬᠡᠶ ᠬᠠᠷᠠᠯᠲᠠ᠂ 2020 ᠣᠨ ᠪᠣᠯᠬᠤ ᠳᠤ ᠳᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠲᠡᠶ ᠡᠷᠦᠬᠡ ᠶᠢᠨ | ︽ᠬᠤᠶᠠᠷ ᠶᠠᠪᠤᠳᠠᠯ ᠳᠤ ᠰᠠᠨᠠᠭ᠎ᠠ ᠵᠣᠪᠠᠭ᠋ᠤ ᠦᠭᠡᠢ ᠪᠣᠯᠬᠤ᠂ ᠭᠤᠷᠪᠠ ᠶᠢ ᠪᠠᠲᠤᠯᠠᠬᠤ︾ ᠪᠠ ᠤᠳᠤ ᠪᠠᠶᠢᠭ᠎ᠠ | ᠬᠥᠳᠡᠭᠡ ᠲᠣᠰᠬᠤᠨ ᠤ ᠨᠤᠷᠠᠬᠤ ᠠᠶᠤᠯᠲᠠᠶ ᠭᠡᠷ ᠪᠠᠶᠢᠰᠢᠩ ᠢ ᠥᠭᠡᠷᠡᠴᠢᠯᠡᠬᠦ ᠡᠭᠦᠷᠭᠡ ᠶᠢ ᠦᠨᠳᠦᠰᠦᠨ ᠳᠡᠭᠡᠨ | ᠪᠡᠶᠡᠯᠡᠭᠦᠯᠬᠦ ᠬᠠᠷᠠᠯᠲᠠ ᠶᠢ ᠨᠠᠶᠢᠳᠠᠪᠤᠷᠢᠵᠢᠭᠤᠯᠬᠤ ᠶᠢᠨ ᠲᠤᠰᠠᠳᠠ᠂ ᠴᠢᠩ ᠱᠦᠢ ᠾᠧ ᠰᠢᠶᠠᠨ ᠨᠤᠷᠠᠬᠤ ᠠᠶᠤᠯᠲᠠᠶ | ᠭᠡᠷ ᠪᠠᠶᠢᠰᠢᠩ ᠢ ᠬᠢᠨᠠᠨ ᠲᠣᠭᠲᠠᠭᠠᠬᠤ ᠡᠷᠴᠢᠮ ᠢᠶᠠᠨ ᠴᠢᠩᠭᠠᠷᠠᠭᠤᠯᠵᠤ᠂ ᠬᠥᠳᠡᠭᠡ ᠲᠣᠰᠬᠤᠨ ᠤ ᠨᠤᠷᠠᠬᠤ ᠠᠶᠤᠯᠲᠠᠶ | ᠭᠡᠷ ᠪᠠᠶᠢᠰᠢᠩ ᠢ ᠥᠭᠡᠷᠡᠴᠢᠯᠡᠬᠦ ᠠᠵᠢᠯ ᠢ ᠯᠠᠪᠳᠠᠭᠤᠨ ᠪᠠᠲᠤᠲᠠᠶ ᠥᠷᠨᠢᠭᠦᠯᠪᠠ᠃ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠬᠤ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ ᠲᠤᠰ ᠰᠢᠶᠠᠨ 6 ᠳ᠋ᠤᠭᠠᠷ ᠰᠠᠷ᠎ᠠ ᠶᠢᠨ | ᠰᠡᠭᠦᠯᠴᠢ ᠪᠠᠷ ᠪᠦᠬᠦ ᠰᠢᠶᠠᠨ ᠤ ᠪᠤᠢ ᠪᠦᠬᠦ ᠪᠠᠶᠢᠩᠭᠤ ᠰᠠᠭᠤᠭ᠎ᠠ ᠡᠷᠦᠬᠡ ᠶᠢᠨ ᠭᠡᠷ ᠪᠠᠶᠢᠰᠢᠩ ᠤᠨ ᠠᠮᠤᠷ ᠲᠦᠪᠰᠢᠨ ᠢ | ᠬᠢᠨᠠᠨ ᠲᠣᠭᠲᠠᠭᠠᠪᠠ᠃ ᠡᠭᠦᠨ ᠤ ᠬᠠᠮᠲᠤ᠂ ᠴᠢᠯᠠᠭᠤᠨ ᠨᠦᠬᠡᠨ ᠭᠡᠷ᠂ ᠰᠢᠷᠣᠢ ᠶᠢᠨ ᠨᠦᠭᠡᠨ ᠭᠡᠷ ᠨᠢ ᠣᠯᠠᠨ | ᠲᠤᠭ᠎ᠠ ᠶᠢ ᠡᠵᠡᠯᠡᠵᠦ ᠪᠠᠶᠢᠭ᠎ᠠ ᠪᠠᠶᠢᠳᠠᠯ ᠳᠤ ᠬᠠᠨᠳᠤᠭᠤᠯᠤᠨ᠂ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠶᠠᠮᠤᠨ ᠤ ᠨᠡᠶᠢᠲᠡᠯᠡᠭᠰᠡᠨ ︽ᠬᠥᠳᠡᠭᠡ ᠲᠣᠰᠬᠤᠨ ᠤ ᠨᠤᠷᠠᠬᠤ ᠠᠶᠤᠯᠲᠠᠶ ᠭᠡᠷ ᠪᠠᠶᠢᠰᠢᠩ ᠢ ᠬᠢᠨᠠᠨ ᠲᠣᠭᠲᠠᠭᠠᠬᠤ | ᠮᠡᠷᠭᠡᠵᠢᠯ ᠤᠨ ᠵᠢᠯᠣᠭᠤᠳᠤᠮᠵᠢ ︵ᠲᠤᠷᠰᠢᠨ ᠬᠡᠷᠡᠭᠵᠢᠭᠦᠯᠬᠦ︶︾ ︵ᠪᠦᠲᠦᠭᠡᠨ ᠲᠣᠰᠬᠤᠨ ᠵᠠᠬᠢᠳᠠᠯ ﹇2009﹈ | 69 ᠳ᠋ᠦ᠋ᠭᠡᠷ ᠲᠣᠭᠠᠲᠤ︶ ᠶᠢ ᠦᠨᠳᠦᠰᠦᠯᠡᠵᠦ᠂ ︽ᠴᠢᠩ ᠱᠦᠢ ᠾᠧ ᠰᠢᠶᠠᠨ ᠤ ᠬᠥᠳᠡᠭᠡ ᠲᠣᠰᠬᠤᠨ ᠤ ᠣᠷᠣᠨ | ᠰᠠᠭᠤᠴᠠ ᠶᠢᠨ ᠠᠮᠤᠷ ᠲᠦᠪᠰᠢᠨ ᠢ ᠬᠢᠨᠠᠨ ᠲᠣᠭᠲᠠᠭᠠᠬᠤ ᠪᠠᠷᠢᠮᠵᠢᠶ᠎ᠠ︾ ︵ᠴᠢᠯᠠᠭᠤᠨ ᠨᠦᠬᠡᠨ ᠭᠡᠷ᠂ ᠰᠢᠷᠣᠢ ᠶᠢᠨ | ᠨᠦᠬᠡᠨ ᠭᠡᠷ︶ ᠶᠢ ᠲᠣᠭᠲᠠᠭᠠᠪᠠ᠃ ᠡᠭᠦᠨ ᠤ ᠬᠠᠮᠲᠤ ᠪᠠᠰᠠ ᠰᠢᠶᠠᠨ ᠤ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠣᠪᠴᠢᠶ᠎ᠠ ᠶᠢᠨ ᠨᠤᠷᠠᠬᠤ ᠠᠶᠤᠯᠲᠠᠶ ᠭᠡᠷ ᠪᠠᠶᠢᠰᠢᠩ ᠢ ᠬᠢᠨᠠᠨ ᠲᠣᠭᠲᠠᠭᠠᠬᠤ ᠠᠵᠢᠯ ᠤᠨ | ᠳᠤᠭᠤᠶᠢᠯᠠᠩ ᠪᠠᠶᠢᠭᠤᠯᠵᠤ᠂ ᠲᠤᠰᠬᠠᠶ ᠮᠡᠷᠭᠡᠵᠢᠯ ᠤᠨ ᠭᠤᠣᠯᠯᠠᠭᠴᠢ ᠪᠦᠷᠢᠯᠳᠦᠬᠦᠨ ᠭᠠᠷᠭᠠᠨ ᠳᠤᠭᠤᠶᠢᠯᠠᠩ | ᠪᠠᠶᠢᠭᠤᠯᠵᠤ᠂ ᠡᠯ᠎ᠡ ᠰᠢᠶᠠᠩ ᠪᠠᠯᠭᠠᠰᠤ᠂ ᠲᠣᠰᠬᠤᠨ ᠳᠤ ᠭᠦᠨᠵᠡᠭᠡᠶᠢᠷᠡᠨ ᠲᠤᠬᠠᠶ ᠶᠢᠨ ᠭᠠᠵᠠᠷ ᠲᠤᠨᠢ ᠬᠥᠳᠡᠭᠡ | ᠲᠣᠰᠬᠤᠨ ᠤ ᠨᠤᠷᠠᠬᠤ ᠠᠶᠤᠯᠲᠠᠶ ᠭᠡᠷ ᠪᠠᠶᠢᠰᠢᠩ ᠢ ᠬᠢᠨᠠᠨ ᠲᠣᠭᠲᠠᠭᠠᠬᠤ ᠠᠵᠢᠯ ᠢ ᠥᠷᠨᠢᠭᠦᠯᠪᠡ᠃ ᠣᠳᠣᠬᠠᠨ᠂ | ᠨᠢᠭᠡᠨᠲᠡ 8 ᠰᠢᠶᠠᠩ ᠪᠠᠯᠭᠠᠰᠤ᠂ 103 ᠵᠠᠰᠠᠭ ᠵᠠᠬᠢᠷᠭᠠᠨ ᠤ ᠲᠣᠰᠬᠤᠨ ᠤ ᠪᠤᠶ ᠪᠦᠬᠦᠢ ᠪᠠᠶᠢᠩᠭᠤ ᠰᠠᠭᠤᠭ᠎ᠠ | ᠲᠠᠷᠢᠶᠠᠴᠢᠨ ᠡᠷᠤᠭᠡ ᠶᠢᠨ ᠣᠷᠣᠨ ᠰᠠᠭᠤᠴᠠ ᠶᠢ ᠪᠠᠶᠢᠳᠠᠯ ᠢ ᠣᠶᠢᠯᠠᠭᠠᠬᠤ᠂ ᠬᠢᠨᠠᠨ ᠲᠣᠭᠲᠠᠭᠠᠯᠲᠠ ᠶᠢᠨ ᠠᠵᠢᠯ ᠢ | ᠪᠡᠶᠡᠯᠡᠭᠦᠯᠵᠦ᠂ ᠶᠠᠭ ᠳ᠋ᠠᠶᠢᠲ᠋ᠠ ᠮᠠᠲ᠋ᠧᠷᠢᠶᠠᠯ ᠡᠮᠬᠢᠳᠬᠡᠬᠦ᠂ ᠰᠢᠩᠭᠡᠭᠡᠨ ᠣᠷᠣᠭᠤᠯᠬᠤ᠂ ᠪᠦᠷᠢᠳᠬᠡᠯ ᠬᠢᠬᠦ ᠠᠵᠢᠯ ᠳᠠᠭᠠᠨ | ᠪᠤᠢ᠃ ᠵᠢᠯ ᠤᠨ ᠡᠴᠦᠰ ᠠᠴᠠ ᠡᠮᠦᠨ᠎ᠡ ᠪᠤᠢ ᠪᠦᠬᠦᠢ ᠥᠭᠡᠷᠡᠴᠢᠯᠡᠨ ᠪᠠᠶᠢᠭᠤᠯᠬᠤ ᠡᠭᠦᠷᠭᠡ ᠶᠢ ᠪᠡᠶᠡᠯᠡᠭᠦᠯᠵᠦ᠂ | ᠣᠷᠣᠨ ᠰᠠᠭᠤᠴᠠ ᠶᠢᠨ ᠠᠮᠤᠷ ᠲᠦᠪᠰᠢᠨ ᠢ ᠪᠠᠲᠤᠯᠠᠬᠤ ᠪᠠᠷ ᠬᠦᠴᠦᠯᠡᠨ ᠴᠢᠷᠮᠠᠶᠢᠵᠤ ᠪᠤᠢ᠃ |