7 ᠳ᠋ᠤᠭᠠᠷ ᠰᠠᠷ᠎ᠠ ᠶᠢᠨ16 ᠤ ᠡᠳᠤᠷ᠂ ᠳᠣᠮᠳᠠᠳᠤ ᠤᠯᠤᠰ ᠤᠨ ᠢᠨᠵᠧᠨᠧᠷᠢᠩ ᠤᠨ | ᠬᠦᠷᠢᠶᠡᠯᠡᠩ ᠦᠨᠠᠺᠠᠳᠧᠮᠢᠴᠢ᠂ ᠰᠢᠨᠵᠢᠶᠠᠩ ᠤᠨ ᠱᠢ ᠾᠧ ᠽᠢ ᠶᠡᠭᠡ ᠰᠤᠷᠭᠠᠭᠤᠯᠢ ᠶᠢᠨ ᠴᠧᠨ ᠰᠢᠤᠸᠢ ᠭᠧᠩ | ᠫᠷᠤᠹᠧᠰᠰᠤᠷ ᠪᠠᠷᠠᠭᠤᠨ ᠠᠤᠰᠲᠷᠡᠯᠢᠶᠠ ᠶᠢᠨ ᠶᠡᠭᠡ ᠰᠤᠷᠭᠠᠭᠤᠯᠢ ᠶᠢᠨ ᠶᠠᠨ ᠭᠦᠢ ᠵᠢᠶᠦ᠋ᠨ ᠫᠷᠤᠹᠧᠰᠰᠤᠷ ᠪᠠ ᠱᠢ | ᠾᠧ ᠽᠢ ᠶᠡᠭᠡ ᠰᠤᠷᠭᠠᠭᠤᠯᠢ ᠶᠢᠨ ᠮᠧᠬᠠᠨᠢᠭ ᠴᠠᠬᠢᠯᠭᠠᠨ ᠤ ᠢᠨᠵᠧᠨ᠋ᠷᠢᠩ ᠤᠨ ᠳᠡᠭᠡᠳᠤ ᠰᠤᠷᠭᠠᠭᠤᠯᠢ ᠶᠢᠨ ᠨᠠᠮ ᠤᠨ | ᠬᠤᠷᠢᠶ᠎ᠠ ᠶᠢᠨ ᠱᠦᠵᠢ᠂ ᠳᠡᠭᠡᠳᠤ ᠰᠤᠷᠭᠠᠭᠤᠯᠢ ᠶᠢᠨ ᠳᠡᠳ᠋ ᠳᠠᠷᠤᠭ᠎ᠠ ᠮᠠ ᡁᠢ ᠴᠢᠶᠦ᠋ᠨ ᠵᠡᠷᠭᠡ ᠡᠷᠳᠡᠮᠳᠡᠨ ᠦᠴᠦᠸᠠᠨ | ᠰᠢᠶᠠᠨ ᠳᠤ ᠬᠦᠷᠴᠤ ᠬᠠᠭᠤᠷᠠᠢ ᠶᠢᠨ ᠲᠠᠷᠢᠮᠠᠯ ᠤᠨ ᠲᠤᠷᠰᠢᠯᠲᠠ ᠶᠢᠨ ᠥᠷᠲᠡᠭᠡ ᠶᠢ ᠪᠠᠶᠢᠴᠠᠭᠠᠪᠠ᠂ ᠥᠪᠦᠷ | ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠳᠡᠳ᠋ ᠳᠠᠷᠤᠭ᠎ᠠ ᠯᠦ | ᠵᠠᠨ ᠶᠤᠸᠠᠨ ᠰᠣᠳᠤᠯᠤᠭᠴᠢ᠂ ᠶᠡᠷᠦᠩᠬᠡᠢ ᠲᠠᠷᠢᠶᠠᠯᠠᠩ ᠤᠨ ᠲᠧᠭᠨᠢᠭᠴᠢ ᠵᠠᠩ ᠵᠢᠶᠠᠨ ᠵᠦᠩ ᠰᠣᠳᠤᠯᠤᠭᠴᠢ ᠪᠠ | ᠤᠨᠴᠠᠭᠠᠢ ᠲᠠᠷᠢᠮᠠᠯ ᠤᠨ ᠬᠡᠯᠲᠡᠰ ᠤᠨ ᠬᠡᠯᠲᠡᠰ ᠤᠨ ᠳᠠᠷᠤᠭ᠎ᠠ ᠵᠠᠩ ᠰᠢᠶᠣᠣ ᠰᠢᠶᠠ ᠳ᠋ᠤᠺᠲ᠋ᠤᠷ ᠪᠠᠷ᠎ᠠ ᠪᠣᠯᠵᠤ | ᠪᠠᠶᠢᠴᠠᠭᠠᠯᠲᠠ ᠬᠢᠪᠡ᠃ ᠦᠴᠦᠸᠠᠨ ᠰᠢᠶᠠᠨ ᠤ ᠬᠠᠭᠤᠷᠠᠢ ᠶᠢᠨ ᠲᠠᠷᠢᠮᠠᠯ ᠤᠨ ᠲᠤᠷᠰᠢᠯᠲᠠ ᠶᠢᠨ ᠥᠷᠲᠡᠭᠡ ᠶᠢᠨ | ᠳᠠᠷᠤᠭ᠎ᠠ ᠵᠣᠣ ᠫᠸᠢ ᠢ ᠰᠣᠳᠤᠯᠤᠭᠴᠢ ᠲᠤᠷᠰᠢᠯᠲᠠ ᠶᠢᠨ ᠦᠷᠲᠡᠭᠡ ᠶᠢᠨ ᠬᠥᠭᠵᠢᠯᠲᠡ ᠶᠢᠨ ᠲᠡᠤᠬᠡ᠂ ᠲᠧᠭᠨᠢᠭ ᠤᠨ | ᠲᠠᠪᠴᠠᠩ ᠤᠨ ᠪᠥᠲᠦᠭᠡᠨ ᠪᠠᠶᠢᠭᠤᠯᠤᠯᠲᠠ᠂ ᠡᠷᠳᠡᠮ ᠰᠢᠨᠵᠢᠯᠡᠭᠡᠨ ᠤ ᠲᠥᠷᠦᠯ ᠵᠦᠢᠯ ᠤᠨ ᠠᠬᠢᠴᠠ᠂ ᠲᠤᠷᠰᠢᠯᠲᠠ ᠶᠢᠨ | ᠭᠠᠵᠠᠷ ᠤᠨ ᠪᠠᠶᠢᠷᠢᠯᠠᠭᠤᠯᠤᠯᠲᠠ ᠵᠢᠴᠢ ᠡᠷᠳᠡᠮ ᠰᠢᠨᠵᠢᠯᠡᠭᠡᠨ ᠤ ᠦᠷ᠎ᠡ ᠪᠥᠲᠦᠭᠡᠯ ᠵᠡᠷᠭᠡ ᠲᠠᠯ᠎ᠠ ᠪᠠᠷ ᠨᠠᠷᠢᠨ | ᠮᠡᠳᠡᠭᠦᠯᠦᠯᠲᠡ ᠬᠢᠪᠡ᠃ ᠴᠧᠨ ᠰᠢᠤᠸᠢ ᠭᠧᠩ ᠳ᠋ᠤᠺᠲ᠋ᠤᠷ ᠲᠤᠷᠰᠢᠯᠲᠠ ᠶᠢᠨ ᠥᠷᠲᠡᠭᠡ ᠶᠢᠨ ᠰᠠᠭᠤᠷᠢ ᠪᠥᠲᠦᠭᠡᠨ | ᠪᠠᠶᠢᠭᠤᠯᠤᠯᠲᠠ ᠪᠠ ᠡᠷᠳᠡᠮ ᠰᠢᠨᠵᠢᠯᠡᠭᠡᠨ ᠤ ᠠᠵᠢᠯ ᠢ ᠭᠦᠢᠴᠡᠳ ᠨᠣᠲᠠᠯᠠᠵᠤ᠂ ᠮᠣᠨᠢ ᠠᠭᠤᠯᠠ ᠶᠢᠨ ᠠᠷᠤ | ᠬᠤᠷᠮᠣᠢ ᠶᠢᠨ ᠲᠠᠷᠢᠶᠠᠨ ᠭᠠᠵᠠᠷ ᠤᠨ ᠣᠯᠠᠨ ᠡᠬᠢᠲᠦ ᠪᠣᠬᠢᠷᠳᠤᠯ᠂ ᠰᠦᠯᠢᠶᠤᠤ ᠪᠥᠷᠬᠦᠭᠦᠯ ᠤᠨ ᠬᠡᠷᠡᠭᠯᠡᠯᠲᠡ ᠵᠢᠴᠢ | ᠡᠭᠡᠭᠦᠯᠦᠨ ᠬᠤᠷᠢᠶᠠᠬᠤ ᠵᠡᠷᠭᠡ ᠠᠰᠠᠭᠤᠳᠠᠯ ᠤᠨ ᠲᠤᠬᠠᠢ ᠲᠤᠷᠰᠢᠯᠲᠠ ᠶᠢᠨ ᠥᠷᠲᠡᠭᠡᠨ ᠤ ᠡᠷᠳᠡᠮ ᠰᠢᠨᠵᠢᠯᠡᠭᠡᠨ ᠤ | ᠠᠵᠢᠯᠲᠠᠨ ᠲᠠᠢ ᠭᠦᠨᠵᠡᠭᠡᠢ ᠶᠠᠷᠢᠯᠴᠠᠯᠭ᠎ᠠ ᠬᠢᠬᠦ ᠶᠢᠨ ᠬᠠᠮᠲᠤ ᠪᠦᠷᠢᠨ ᠲᠥᠭᠦᠷ ᠲᠠᠷᠢᠶᠠᠯᠠᠩ ᠤᠨ ᠪᠠᠭᠠᠵᠢ ᠶᠢᠨ | ᠦᠭᠡᠷᠡᠴᠢᠯᠡᠨ ᠰᠠᠶᠢᠵᠢᠷᠠᠭᠤᠯᠤᠯᠲᠠ᠂ ᠬᠡᠯᠪᠡᠷᠢ ᠰᠤᠩᠭᠤᠬᠤ ᠵᠢᠴᠢ ᠬᠡᠷᠡᠭᠯᠡᠯᠲᠡ ᠶᠢᠨ ᠲᠤᠬᠠᠢ ᠲᠠᠶᠢᠯᠪᠤᠷᠢᠯᠠᠨ ᠵᠢᠭᠠᠵᠤ᠂ | ᠲᠤᠷᠰᠢᠯᠲᠠ ᠶᠢᠨ ᠥᠷᠲᠡᠭᠡ ᠶᠢᠨ ᠡᠷᠳᠡᠮ ᠰᠢᠨᠵᠢᠯᠡᠭᠡᠨ ᠤ ᠪᠠᠶᠢᠷᠢ ᠲᠣᠭᠲᠠᠭᠠᠯᠲᠠ ᠪᠠ ᠬᠥᠭᠵᠢᠯᠲᠡ ᠶᠢᠨ ᠴᠢᠭᠯᠡᠯ ᠳᠤ | ᠵᠢᠯᠤᠭᠤᠳᠬᠤ ᠰᠠᠨᠠᠯ ᠳᠤᠷᠠᠳᠪᠠ᠃ |