ᠰᠢᠨᠵᠢᠯᠡᠬᠦ ᠤᠬᠠᠭᠠᠨ ᠮᠡᠷᠭᠡᠵᠢᠯ ᠤᠨ ᠶᠠᠮᠤᠨ ᠤ ᠳᠡᠳ᠋ ᠰᠠᠶᠢᠳ ᠯᠢ ᠮᠧᠩ ᠬᠤᠷᠢᠨᠭᠡᠷ ᠰᠢᠶᠠᠨ ᠳᠤ ᠬᠦᠷᠴᠦ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠢ ᠪᠠᠶᠢᠴᠠᠭᠠᠪᠠ
ᠨᠡᠶᠢᠲᠡᠯᠡᠭᠰᠡᠨ ᠴᠠᠭ᠄
2018-07-24
     7 ᠳ᠋ᠤᠭᠠᠷ ᠰᠠᠷ᠎ᠠ ᠶᠢᠨ 20 ᠤ ᠡᠳᠦᠷ᠂ ᠰᠢᠨᠵᠢᠯᠡᠬᠦ ᠤᠬᠠᠭᠠᠨ ᠮᠡᠷᠭᠡᠵᠢᠯ ᠤᠨ ᠶᠠᠮᠤᠨ ᠤ ᠨᠠᠮ ᠤᠨ ᠣᠳᠣᠷᠢᠳᠬᠤ ᠳᠤᠭᠤᠶᠢᠯᠠᠩ ᠤᠨ ᠭᠡᠰᠢᠭᠦᠨ᠂ ᠶᠠᠮᠤᠨ ᠤ ᠳᠡᠳ᠋ ᠰᠠᠶᠢᠳ ᠯᠢ ᠮᠧᠩ ᠰᠢᠨᠵᠢᠯᠡᠬᠦ ᠤᠬᠠᠭᠠᠨ ᠮᠡᠷᠭᠡᠵᠢᠯ ᠤᠨ ᠶᠠᠮᠣᠨ ᠤ ᠬᠤᠯᠪᠣᠭᠳᠠᠯ ᠪᠦᠬᠦᠢ ᠬᠦᠮᠦᠰ ᠢ ᠳᠠᠭᠠᠭᠤᠯᠵᠣ ᠮᠠᠨ ᠤ ᠰᠢᠶᠠᠨ ᠳᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠢ ᠪᠠᠶᠢᠴᠠᠭᠠᠪᠠ᠃      ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠡᠸᠥ ᠶᠠᠩ ᠰᠢᠶᠣᠣ ᠬᠤᠢ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ᠂ ᠥᠪᠥᠷ ᠮᠣᠩᠭᠤᠯ ᠤᠨ ᠬᠤᠷᠢᠨᠭᠡᠷ ᠰᠢᠶᠠᠨ ᠤ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠹᠧᠩ ᠢᠦᠢ ᠵᠧᠨ᠂ ᠬᠤᠲᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠳᠡᠳ᠋ ᠡᠷᠬᠢᠯᠡᠭᠴᠢ᠂ ᠰᠢᠶᠠᠨ ᠤ ᠨᠠᠮ ᠤᠨ ᠬᠤᠷᠢᠶ᠎ᠠ ᠶᠢᠨ ᠱᠦᠵᠢ ᠸᠠᠩ ᠸᠧᠢ ᠯᠢᠶᠠᠩ᠂ ᠬᠤᠲᠠ ᠶᠢᠨ ᠳᠡᠳ᠋ ᠳᠠᠷᠤᠭ᠎ᠠ ᠪᠢ ᠭᠦᠸᠧ ᠴᠧᠨ᠂ ᠰᠢᠶᠠᠨ ᠤ ᠳᠡᠳ᠋ ᠳᠠᠷᠤᠭ᠎ᠠ ᠾᠧ ᠹᠧᠩ ᠵᠢᠴᠢ ᠣᠷᠣᠨ ᠬᠤᠲᠠ ᠰᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠶᠠᠮᠣᠨ ᠤ ᠬᠠᠷᠢᠭᠤᠴᠠᠯᠭᠠᠲᠠᠳ ᠪᠠᠷ᠎ᠠ ᠪᠣᠯᠪᠠ᠃      ᠯᠢ ᠮᠧᠩ ᠨᠠᠷ ᠤᠷᠢᠳ ᠬᠤᠵᠢᠳ ᠥᠪᠥᠷ ᠮᠣᠩᠭᠤᠯ ᠤᠨ ᠰᠠᠢ ᠺᠧ ᠰᠢᠩ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠣ ᠺᠤᠮᠫᠠᠨᠢ᠂ ᠥᠪᠥᠷ ᠮᠣᠩᠭᠤᠯ ᠤᠨ ᠮᠧᠩ ᠼᠣᠤ ᠠᠮᠢ ᠠᠬᠤᠢ ᠶᠢᠨ ᠪᠦᠯᠦᠭᠯᠡᠯ᠂ ᠮᠧᠩ ᠨᠢᠦ ᠪᠦᠯᠦᠭᠯᠡᠯ ᠵᠡᠷᠭᠡ ᠭᠠᠵᠠᠷ ᠲᠤ ᠬᠦᠷᠴᠦ ᠪᠠᠶᠢᠴᠠᠭᠠᠨ ᠰᠣᠳᠣᠯᠣᠯᠲᠠ ᠬᠢᠪᠡ᠃ ᠡᠳᠡᠭᠡᠷ ᠭᠠᠵᠠᠷ ᠲᠤ ᠬᠦᠷᠬᠦ ᠪᠣᠯᠭᠠᠨ ᠲᠠᠨᠢᠯᠴᠠᠭᠤᠯᠭ᠎ᠠ ᠶᠢ ᠨᠢ ᠨᠠᠷᠢᠨ ᠬᠢᠨᠠᠮᠠᠭᠠᠢ ᠰᠣᠨᠣᠰᠴᠣ᠂ ᠠᠵᠤ ᠠᠬᠤᠶᠢᠯᠠᠯ ᠤᠨ ᠪᠠᠶᠢᠭᠤᠯᠣᠯ᠂ ᠲᠣᠭᠲᠠᠴᠠ ᠶᠢᠨ ᠰᠢᠨ᠎ᠡ ᠶᠢ ᠡᠭᠦᠳᠬᠦ ᠬᠢᠭᠡᠳ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠯ᠎ᠠ ᠪᠠᠷ  ᠬᠢ ᠪᠦᠬᠦᠯᠢ ᠴᠣᠭᠴᠠᠲᠣ ᠠᠵᠢᠯᠯᠠᠭᠠᠨ ᠤ ᠪᠠᠶᠢᠳᠠᠯ ᠵᠢᠴᠢ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠤᠯᠠᠷᠢᠨ ᠬᠤᠪᠢᠰᠬᠤ ᠵᠡᠷᠭᠡ ᠠᠵᠢᠯ ᠢ ᠨᠠᠷᠢᠯᠢᠭ ᠣᠶᠢᠯᠠᠭᠠᠭᠰᠠᠨ ᠪᠠᠶᠢᠨ᠎ᠠ᠃      ᠪᠠᠶᠢᠴᠠᠭᠠᠯᠲᠠ ᠶᠢᠨ ᠳᠤᠮᠳᠠ᠂ ᠯᠢ ᠮᠧᠩ ᠨᠠᠷ ᠮᠠᠨ ᠤ ᠰᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠤᠨ ᠣᠯᠣᠭᠰᠠᠨ ᠬᠢᠷᠢ ᠪᠦᠲᠦᠮᠵᠢ ᠶᠢ ᠭᠦᠢᠴᠡᠳ ᠨᠣᠲᠠᠯᠠᠪᠠ᠃ ᠲᠡᠷᠡ ᠪᠠᠰᠠ ᠢᠯᠡᠳᠬᠡᠭᠰᠡᠨ ᠨᠢ᠂ ᠪᠢᠳᠡ ᠵᠠᠪᠠᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠣᠮᠳᠠᠳᠣ ᠣᠯᠣᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠣ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠲᠦᠷᠭᠡᠳᠬᠡᠨ ᠠᠬᠢᠭᠤᠯᠵᠣ᠂ ᠰᠢᠨᠵᠢᠯᠡᠬᠦ ᠤᠬᠠᠭᠠᠨ ᠮᠡᠷᠭᠡᠵᠢᠯ ᠤᠨ ᠪᠠᠶᠢᠭᠤᠯᠣᠯ ᠤᠨ ᠥᠭᠡᠷᠡᠴᠢᠯᠡᠯᠲᠡ ᠶᠢ ᠲᠠᠰᠣᠷᠠᠯᠲᠠ ᠦᠭᠡᠢ ᠭᠦᠨᠵᠡᠭᠡᠶᠢᠷᠡᠭᠦᠯᠵᠦ᠂ ᠥᠭᠡᠷᠡᠴᠢᠯᠡᠯᠲᠡ ᠪᠠᠷ ᠰᠢᠨ᠎ᠡ ᠶᠢ ᠡᠭᠦᠳᠬᠦ ᠠᠮᠢᠳᠣᠯᠢᠭ ᠬᠦᠴᠦᠨ ᠢ ᠪᠠᠳᠠᠷᠠᠭᠤᠯᠵᠣ᠂ ᠰᠢᠨ᠎ᠡ ᠶᠢ ᠡᠭᠦᠳᠬᠦ ᠬᠦᠳᠡᠯᠭᠡᠬᠦ ᠬᠦᠴᠦᠨ ᠢᠶᠠᠷ ᠬᠦᠭᠵᠢᠯᠲᠡ ᠶᠢᠨ ᠬᠡᠯᠪᠡᠷᠢ ᠪᠠᠨ ᠬᠤᠪᠢᠷᠠᠭᠤᠯᠬᠤ ᠬᠡᠷᠡᠭᠲᠡᠢ᠃ ᠬᠠᠷᠠᠯᠲᠠ᠂ ᠦᠵᠡᠯ ᠰᠠᠨᠠᠭ᠎ᠠ᠂ ᠠᠵᠢᠯᠯᠠᠭ᠎ᠠ ᠪᠠᠨ ᠦᠷᠭᠦᠯᠵᠢᠯᠡᠨ ᠨᠢᠭᠡᠲᠦᠯᠲᠡᠢ ᠪᠠᠶᠢᠯᠭᠠᠵᠣ᠂ ᠰᠢᠨᠵᠢᠯᠡᠬᠦ ᠤᠬᠠᠭᠠᠨ ᠬᠢᠭᠡᠳ ᠠᠵᠣ ᠠᠬᠤᠢ ᠶᠢᠨ ᠨᠢᠭᠲᠠ ᠤᠶᠠᠯᠳᠣᠯ ᠢ ᠤᠯᠠᠮ ᠨᠢᠭᠡ ᠠᠯᠬᠤᠮ ᠠᠬᠢᠭᠤᠯᠣᠨ᠂ ᠰᠢᠨ᠎ᠡ ᠶᠢ ᠡᠭᠦᠳᠴᠦ ᠠᠳᠠᠯ ᠪᠣᠰᠬᠠᠬᠤ ᠶᠢ ᠤᠯᠠᠮ ᠨᠢᠭᠡ ᠠᠯᠬᠤᠮ ᠪᠣᠲᠠᠲᠠᠢ ᠳᠤ ᠰᠠᠶᠢᠲᠣᠷ ᠠᠳᠬᠤᠵᠣ᠂ ᠰᠢᠨ᠎ᠡ ᠶᠢ ᠡᠭᠦᠳᠬᠦ ᠬᠦᠳᠡᠯᠭᠡᠬᠦ ᠬᠦᠴᠦᠨ ᠤ ᠬᠦᠭᠵᠢᠯᠲᠡ ᠶᠢᠨ ᠬᠢᠷᠢ ᠲᠦᠪᠰᠢᠨ ᠢ ᠲᠠᠰᠣᠷᠠᠯᠲᠠ ᠦᠭᠡᠢ ᠳᠡᠭᠡᠭᠰᠢᠯᠡᠬᠦᠯᠵᠦ᠂ ᠲᠥᠪ ᠬᠤᠲᠠ ᠶᠢᠨ ᠬᠦᠭᠵᠢᠯᠲᠡ ᠶᠢᠨ ᠰᠢᠨ᠎ᠡ ᠬᠦᠳᠡᠯᠭᠡᠬᠦ ᠬᠦᠴᠦᠨ ᠢ ᠲᠠᠰᠣᠷᠠᠯᠲᠠ ᠦᠭᠡᠢ ᠴᠢᠩᠭᠠᠳᠬᠠᠬᠤ ᠬᠡᠷᠡᠭᠲᠡᠢ ᠭᠡᠵᠡᠢ᠃
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号