| | | 7 ᠳ᠋ᠤᠭᠠᠷ ᠰᠠᠷ᠎ᠠ ᠶᠢᠨ 21 ᠤ ᠡᠳᠦᠷ᠂ ᠢᠦᠶ ᠴᠢᠤᠸᠠᠨ ᠲᠣᠭᠤᠷᠢᠭ ᠪᠥᠬᠦ ᠲᠤᠭᠤᠷᠢᠭ ᠤᠨ ᠠᠮᠢ | ᠠᠬᠤᠶ ᠣᠷᠴᠢᠨ ᠲᠣᠭᠤᠷᠢᠨ ᠢ ᠬᠠᠮᠠᠭᠠᠯᠠᠬᠤ ᠶᠡᠭᠡ ᠬᠤᠷᠠᠯ ᠵᠢᠴᠢ ︽ᠴᠡᠴᠡᠷᠯᠢᠭᠲᠦ ᠬᠤᠲᠠ᠂ ᠠᠷᠢᠭᠤᠨ ᠴᠡᠪᠡᠷ | ᠬᠤᠲᠠ᠂ ᠤᠷᠴᠢᠨ ᠲᠤᠭᠤᠷᠢᠨ ᠢ ᠬᠠᠮᠠᠭᠠᠯᠠᠬᠤ ᠵᠢᠱᠢᠶᠡᠴᠢ ᠬᠤᠲᠠ ᠶᠢ ᠬᠠᠮᠲᠤ ᠳᠤᠨᠢ ᠪᠠᠶᠢᠭᠤᠯᠬᠤ︾ | ᠳᠠᠶᠢᠴᠢᠯᠠᠯᠲᠠ ᠶᠢᠨ ᠬᠤᠷᠠᠯ ᠬᠤᠷᠠᠯᠳᠤᠭᠤᠯᠵᠤ᠂ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ | ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠪᠦᠬᠦ ᠤᠯᠤᠰ᠂ ᠪᠥᠬᠦ ᠣᠷᠣᠨ ᠪᠣᠯᠤᠨ ᠪᠦᠬᠦ ᠬᠤᠲᠠ ᠶᠢᠨ | ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠬᠤᠲᠠ ᠶᠢᠨ ︽ᠴᠡᠴᠡᠷᠯᠢᠭᠲᠦ ᠬᠤᠲᠠ᠂ ᠠᠷᠢᠭᠤᠨ ᠴᠡᠪᠡᠷ ᠬᠤᠲᠠ᠂ | ᠤᠷᠴᠢᠨ ᠲᠤᠭᠤᠷᠢᠨ ᠢ ᠬᠠᠮᠠᠭᠠᠯᠠᠬᠤ ᠵᠢᠱᠢᠶᠡᠴᠢ ᠬᠤᠲᠠ ᠶᠢ ᠬᠠᠮᠲᠤ ᠳᠤᠨᠢ ᠪᠠᠶᠢᠭᠤᠯᠬᠤ︾ ᠳᠠᠶᠢᠴᠢᠯᠠᠯᠲᠠ ᠶᠢᠨ | ᠬᠤᠷᠠᠯ ᠤᠨ ᠨᠢᠭᠡᠳᠦᠯᠲᠡᠶ ᠱᠠᠭᠠᠷᠳᠠᠯᠭ᠎ᠠ ᠪᠠᠷ᠂ ᠢᠦᠶ ᠴᠢᠤᠸᠠᠨ ᠲᠣᠭᠤᠷᠢᠭ ᠤᠨ ᠣᠷᠴᠢᠨ ᠲᠣᠭᠤᠷᠢᠨ ᠤ | ᠬᠠᠮᠠᠭᠠᠯᠠᠯᠲᠠ ᠪᠣᠯᠤᠨ ︽ᠴᠡᠴᠡᠷᠯᠢᠭᠲᠦ ᠬᠤᠲᠠ᠂ ᠠᠷᠢᠭᠤᠨ ᠴᠡᠪᠡᠷ ᠬᠤᠲᠠ᠂ ᠤᠷᠴᠢᠨ ᠲᠤᠭᠤᠷᠢᠨ ᠢ ᠬᠠᠮᠠᠭᠠᠯᠠᠬᠤ | ᠵᠢᠱᠢᠶᠡᠴᠢ ᠬᠤᠲᠠ ᠶᠢ ᠬᠠᠮᠲᠤ ᠳᠤᠨᠢ ᠪᠠᠶᠢᠭᠤᠯᠬᠤ︾ ᠠᠵᠢᠯ ᠢ ᠲᠣᠬᠢᠷᠠᠭᠤᠯᠤᠨ ᠪᠠᠶᠢᠷᠢᠯᠠᠭᠤᠯᠤᠨ᠎ᠠ᠃ ᠢᠦᠶ | ᠴᠢᠤᠸᠠᠨ ᠲᠣᠭᠤᠷᠢᠭ ᠤᠨ ᠳᠥᠷᠪᠡᠨ ᠶᠡᠭᠡ ᠤᠳᠤᠷᠢᠳᠬᠤ ᠪᠠᠭ ᠤᠨ ᠭᠤᠣᠯ ᠤᠳᠤᠷᠢᠳᠤᠯᠭ᠎ᠠ᠂ ᠡᠯ᠎ᠡ ᠬᠤᠯᠪᠣᠭᠳᠠᠯ | ᠪᠦᠬᠦᠢ ᠰᠠᠯᠠᠭ᠎ᠠ ᠮᠥᠴᠢᠷ᠂ ᠨᠢᠭᠡ ᠪᠠᠯᠭᠠᠰᠤ ᠨᠠᠢᠮᠠᠨ ᠬᠡᠷᠡᠭ ᠡᠷᠬᠢᠯᠡᠬᠦ ᠭᠠᠵᠠᠷ ᠤᠨ ᠬᠠᠷᠢᠭᠤᠴᠠᠯᠭᠠᠲᠠᠳ ᠬᠤᠷᠠᠯ ᠳᠤ | ᠤᠷᠤᠯᠴᠠᠪᠠ᠃ | | | | | ᠬᠤᠷᠠᠯ ᠠᠴᠠ ᠴᠢᠬᠤᠯᠠᠴᠢᠯᠠᠭᠰᠠᠨ ᠨᠢ᠂ ᠨᠢᠭᠡ ᠳᠤ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ | ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠵᠤ ᠭᠤᠶᠢᠪᠢᠰᠢ ᠦᠭᠡᠢ ᠨᠠᠶᠢᠳᠠᠪᠤᠷᠢᠵᠢᠭᠤᠯᠤᠨ᠂ ᠠᠮᠢ ᠠᠬᠤᠶ ᠣᠷᠴᠢᠨ | ᠲᠣᠭᠤᠷᠢᠨ ᠢ ᠬᠠᠮᠠᠭᠠᠯᠠᠬᠤ ᠠᠵᠢᠯ ᠢ ᠦᠨᠡᠨ ᠬᠦ ᠰᠠᠶᠢᠲᠤᠷ ᠬᠢᠬᠦ ᠦᠵᠡᠯ ᠰᠠᠨᠠᠭᠠᠨ ᠤ ᠤᠬᠠᠮᠰᠠᠷ ᠪᠣᠯᠤᠨ | ᠠᠵᠢᠯᠯᠠᠭ᠎ᠠ ᠶᠢᠨ ᠤᠬᠠᠮᠰᠠᠷ ᠢᠶᠠᠨ ᠴᠢᠩᠭᠠᠳᠬᠠᠵᠤ᠂ ︽ᠬᠤᠶᠠᠷ ᠠᠭᠤᠯᠠ︾ ᠶᠢᠨ ᠤᠨᠤᠯ ᠤᠨ ᠤᠬᠠᠮᠰᠠᠷ ᠢ ᠤᠯᠠᠮ | ᠨᠢᠭᠡ ᠠᠯᠬᠤᠮ ᠴᠢᠩᠭᠠᠳᠬᠠᠨ ᠦᠢᠯᠡᠳᠦᠭᠡᠯᠵᠢᠭᠦᠯᠵᠦ᠂ ᠪᠣᠬᠢᠷᠲᠤᠯ ᠢ ᠰᠡᠷᠭᠡᠶᠢᠯᠡᠨ ᠵᠠᠰᠠᠬᠤ ᠪᠡᠷᠬᠡ ᠰᠡᠳᠦᠪ ᠢ | ᠰᠢᠢᠳᠪᠦᠷᠢᠯᠡᠬᠦ ᠳᠠᠶᠢᠨ ᠢ ᠰᠠᠶᠢᠲᠤᠷ ᠬᠢᠬᠦ ᠡᠭᠦᠷᠭᠡ ᠶᠢ ᠴᠢᠩᠭᠠᠳᠬᠠᠵᠤ᠂ ᠪᠦᠬᠦ ᠠᠷᠠᠳ ᠢᠶᠠᠷ ᠢᠶᠠᠨ ᠪᠠᠶᠢᠭᠠᠯᠢ ᠶᠢ | ᠬᠠᠮᠠᠭᠠᠯᠠᠬᠤ ᠳᠤ ᠤᠷᠤᠯᠴᠠᠬᠤ ᠦᠵᠡᠯ ᠤᠬᠠᠮᠰᠠᠷ ᠢ ᠴᠢᠩᠭᠠᠳᠬᠠᠵᠤ᠂ ᠪᠣᠬᠢᠷᠲᠤᠯ ᠦᠬᠡᠢ ᠬᠥᠭᠵᠢᠯᠲᠡ ᠶᠢᠨ | ᠤᠳᠤᠷᠢᠳᠤᠮᠵᠢ ᠶᠢ ᠴᠢᠩᠭᠠᠳᠬᠠᠨ ᠲᠦᠯᠬᠢᠨ ᠠᠬᠢᠭᠤᠯᠤᠨ᠎ᠠ᠃ ᠬᠤᠶᠠᠷ ᠲᠤ᠂ ᠠᠭᠠᠷ ᠮᠠᠨᠳᠠᠯ ᠤᠨ ᠪᠣᠬᠢᠷᠲᠤᠯ ᠂ | ᠤᠰᠤᠨ ᠤ ᠪᠤᠬᠢᠷᠲᠤᠯ᠂ ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠶᠢ ᠬᠦᠴᠦᠲᠡᠶ ᠳᠥᠯᠭᠢᠨ | ᠠᠬᠢᠭᠤᠯᠵᠤ᠂ ᠲᠥᠪ ᠤᠨ ᠣᠷᠴᠢᠨ ᠠᠬᠤᠶ ᠶᠢᠨ ᠬᠠᠮᠠᠭᠠᠯᠠᠯᠲᠠ ᠶᠢᠨ ᠰᠢᠪᠠᠳᠠᠨ ᠪᠠᠶᠢᠴᠠᠭᠠᠬᠤ ᠠᠵᠢᠯ ᠳᠤ | ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠬᠦᠴᠦᠲᠡᠶ ᠠᠳᠬᠤᠵᠤ᠂ ᠬᠤᠳᠠ ᠬᠥᠳᠡᠭᠡ ᠶᠢᠨ | ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠴᠢᠩᠭᠠᠳᠬᠠᠵᠤ᠂ ᠪᠣᠬᠢᠷᠲᠤᠯ | ᠦᠭᠡᠢ ᠬᠥᠭᠵᠢᠯᠲᠡ ᠶᠢ ᠲᠥᠯᠬᠢᠨ ᠠᠬᠢᠭᠤᠯᠵᠤ᠂ ᠭᠤᠣᠯᠳᠠᠯᠭ᠎ᠠ ᠪᠠᠨ ᠲᠤᠪᠤᠶᠢᠯᠭᠠᠨ᠂ ᠨᠢᠭᠡᠳᠦᠯᠲᠡᠶ ᠲᠥᠯᠥᠪᠯᠡᠵᠦ | ᠨᠡᠶᠢᠲᠡ ᠳᠤᠨᠢ ᠬᠠᠷᠠᠭᠠᠯᠵᠠᠨ᠂ ᠡᠷᠡᠰ ᠰᠢᠢᠤᠮᠡᠭᠡᠢ ᠪᠠᠷ ᠪᠣᠬᠢᠷᠲᠤᠯ ᠢ ᠰᠡᠷᠭᠡᠶᠢᠯᠡᠨ ᠵᠠᠰᠠᠬᠤ ᠪᠡᠷᠬᠡ ᠰᠡᠳᠦᠪ ᠢ | ᠰᠢᠢᠳᠪᠦᠷᠢᠯᠡᠬᠦ ᠳᠠᠶᠢᠨ ᠢ ᠰᠠᠶᠢᠲᠤᠷ ᠶᠠᠪᠤᠭᠤᠯᠤᠨ ᠢᠯᠠᠯᠲᠠ ᠤᠯᠤᠨ᠎ᠠ᠃ ᠭᠤᠷᠪᠠ ᠳᠤ᠂ ᠡᠭᠦᠳᠦᠨ ᠪᠠᠶᠢᠭᠤᠯᠵᠤ | ᠬᠥᠲᠥᠯᠥᠨ ᠵᠢᠯᠤᠭᠤᠳᠴᠤ᠂ ᠭᠤᠣᠯᠳᠠᠯᠭ᠎ᠠ ᠶᠢ ᠠᠬᠢᠭᠤᠯᠵᠤ᠂ ︽ ᠴᠡᠴᠡᠷᠯᠢᠭᠲᠦ ᠬᠤᠲᠠ᠂ ᠠᠷᠢᠭᠤᠨ ᠴᠡᠪᠡᠷ | ᠬᠤᠲᠠ᠂ ᠤᠷᠴᠢᠨ ᠲᠤᠭᠤᠷᠢᠨ ᠢ ᠬᠠᠮᠠᠭᠠᠯᠠᠬᠤ ᠵᠢᠱᠢᠶᠡᠴᠢ ᠬᠤᠲᠠ ᠶᠢ ᠬᠠᠮᠲᠤ ᠳᠤᠨᠢ ᠪᠠᠶᠢᠭᠤᠯᠬᠤ︾ ᠡᠯ᠎ᠡ | ᠵᠦᠢᠯ ᠤᠨ ᠠᠵᠢᠯ ᠢ ᠭᠦᠨᠵᠡᠭᠡᠶ ᠦᠷᠨᠢᠭᠦᠯᠦᠨ᠎ᠡ᠃ ᠪᠦᠬᠦ ᠲᠣᠭᠤᠷᠢᠭ ᠤᠨ ᠡᠯ᠎ᠡ ᠱᠠᠲᠤ ᠡᠯ᠎ᠡ ᠰᠠᠯᠠᠭ᠎ᠠ | ᠮᠥᠴᠢᠷ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ | ᠣᠷᠳᠣᠨ ᠤ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠯᠠᠪᠳᠠᠭᠤᠨ ᠪᠠᠲᠤᠲᠠᠶ | ᠪᠥᠭᠡᠳ ᠪᠦᠲᠦᠮᠵᠢᠲᠡᠶ ᠠᠵᠢᠯ ᠤᠨ ᠠᠷᠭ᠎ᠠ ᠬᠡᠮᠵᠢᠶ᠎ᠡ᠂ ᠪᠤᠰᠢᠭᠤ ᠱᠠᠯᠠᠮᠠᠭᠠᠢ ᠣᠪᠤᠷ ᠰᠤᠷᠲᠠᠯ᠂ ᠪᠣᠳᠠᠲᠠᠶ ᠶᠢ | ᠡᠷᠬᠢᠮᠯᠡᠬᠦ ᠦᠷ᠎ᠡ ᠪᠦᠲᠦᠮᠵᠢ ᠲᠠᠢ ᠠᠷᠭ᠎ᠠ ᠬᠡᠮᠵᠢᠶ᠎ᠡ ᠪᠠᠷ ︽ᠴᠡᠴᠡᠷᠯᠢᠭᠲᠦ ᠬᠤᠲᠠ᠂ ᠠᠷᠢᠭᠤᠨ ᠴᠡᠪᠡᠷ ᠬᠤᠲᠠ᠂ | ᠤᠷᠴᠢᠨ ᠲᠤᠭᠤᠷᠢᠨ ᠢ ᠬᠠᠮᠠᠭᠠᠯᠠᠬᠤ ᠵᠢᠱᠢᠶᠡᠴᠢ ᠬᠤᠲᠠ ᠶᠢ ᠬᠠᠮᠲᠤ ᠳᠤᠨᠢ ᠪᠠᠶᠢᠭᠤᠯᠬᠤ︾ ᠡᠯ᠎ᠡ ᠵᠦᠢᠯ ᠤᠨ | ᠠᠵᠢᠯ ᠤᠨ ᠡᠭᠦᠷᠭᠡ ᠶᠢ ᠪᠦᠲᠦᠮᠵᠢᠲᠡᠶ ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠲᠦᠯᠬᠢᠨ ᠠᠬᠢᠭᠤᠯᠤᠨ᠎ᠠ᠃ | ᠳᠥᠷᠪᠡ ᠳᠤ᠂ ᠤᠳᠤᠷᠢᠳᠬᠤ ᠬᠠᠷᠢᠭᠤᠴᠠᠯᠭ᠎ᠠ ᠶᠢ ᠦᠨᠡᠨ ᠬᠦ ᠴᠢᠩᠭᠠᠷᠠᠭᠤᠯᠤᠨ᠂ ᠦᠨᠡᠨ ᠬᠦ ᠠᠵᠢᠯ ᠤᠨ | ᠬᠠᠮᠲᠤᠷᠠᠯ ᠬᠦᠴᠦᠨ ᠢ ᠪᠦᠷᠢᠯᠳᠦᠭᠦᠯᠥᠨ᠂ ᠰᠢᠪᠠᠳᠠᠨ ᠪᠠᠶᠢᠴᠠᠭᠠᠬᠤ ᠠᠵᠢᠯ ᠢ ᠦᠨᠡᠨ ᠬᠦ ᠴᠢᠩᠭᠠᠳᠬᠠᠵᠤ᠂ ᠣᠷᠴᠢᠨ | ᠲᠣᠭᠤᠷᠢᠨ ᠤ ᠬᠠᠮᠠᠭᠠᠯᠠᠯᠲᠠ ᠪᠣᠯᠤᠨ ︽ᠴᠡᠴᠡᠷᠯᠢᠭᠲᠦ ᠬᠤᠲᠠ᠂ ᠠᠷᠢᠭᠤᠨ ᠴᠡᠪᠡᠷ ᠬᠤᠲᠠ᠂ ᠤᠷᠴᠢᠨ | ᠲᠤᠭᠤᠷᠢᠨ ᠢ ᠬᠠᠮᠠᠭᠠᠯᠠᠬᠤ ᠵᠢᠱᠢᠶᠡᠴᠢ ᠬᠤᠲᠠ ᠶᠢ ᠬᠠᠮᠲᠤ ᠳᠤᠨᠢ ᠪᠠᠶᠢᠭᠤᠯᠬᠤ︾ ᠡᠯ᠎ᠡ ᠵᠦᠢᠯ ᠤᠨ ᠬᠠᠷᠠᠯᠲᠠ | ᠡᠭᠦᠷᠭᠡ ᠶᠢ ᠪᠡᠶᠡᠯᠡᠬᠦᠯᠬᠦ ᠶᠢ ᠦᠨᠡᠨ ᠬᠦ ᠪᠠᠲᠤᠯᠠᠨ᠎ᠠ᠃ | | | |