ᠴᠢᠩ ᠱᠦᠢ ᠾᠧ ᠰᠢᠶᠠᠨ ᠥᠪᠡᠷᠲᠡᠭᠡᠨ ᠵᠠᠰᠠᠬᠤ ᠣᠷᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠲᠡᠩᠴᠡᠭᠦᠷᠢᠲᠡᠶ ᠬᠥᠭᠵᠢᠯᠲᠡ ᠶᠢᠨ ᠦᠨᠡᠯᠡᠨ ᠵᠢᠱᠢᠯᠲᠡ ᠳᠤ ᠤᠷᠤᠭᠰᠢᠲᠠᠢ ᠪᠠᠷ ᠪᠠᠲᠤᠯᠠᠭᠳᠠᠪᠠ
ᠨᠡᠶᠢᠲᠡᠯᠡᠭᠰᠡᠨ ᠴᠠᠭ᠄
2018-07-24
     7 ᠳ᠋ᠤᠭᠠᠷ ᠰᠠᠷ᠎ᠠ ᠶᠢᠨ 22 ᠤᠨ ᠡᠳᠦᠷ ᠤᠨ ᠦᠳᠡ ᠶᠢᠨ ᠡᠮᠦᠨ᠎ᠡ᠂ ᠪᠦᠬᠦ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ ᠦᠨᠳᠦᠰᠦᠨ ᠳᠡᠭᠡᠨ ᠲᠡᠩᠴᠡᠭᠦᠷᠢᠲᠡᠶ ᠰᠢᠶᠠᠨ ᠢ ᠪᠦᠲᠦᠭᠡᠨ ᠪᠠᠶᠢᠭᠤᠯᠬᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠨᠠᠨ ᠵᠢᠯᠣᠭᠤᠳᠬᠤ ᠦᠨᠡᠯᠡᠨ ᠵᠢᠱᠢᠯᠲᠡ ᠶᠢᠨ ᠬᠠᠷᠢᠭᠤ ᠲᠤᠰᠬᠠᠬᠤ ᠬᠤᠷᠠᠯ ᠬᠥᠬᠡᠬᠤᠲᠠ ᠳᠤ ᠬᠤᠷᠠᠯᠳᠤᠵᠤ᠂ ᠴᠢᠩ ᠱᠦᠢ ᠾᠧ ᠰᠢᠶᠠᠨ ᠥᠪᠡᠷᠲᠡᠭᠡᠨ ᠵᠠᠰᠠᠬᠤ ᠣᠷᠣᠨ ᠤ ᠦᠨᠡᠯᠡᠨ ᠵᠢᠱᠢᠵᠦ ᠰᠢᠯᠭᠠᠨ ᠠᠪᠬᠤ ᠳᠤ ᠤᠷᠤᠭᠰᠢᠲᠠᠢ ᠪᠠᠷ ᠪᠠᠲᠤᠯᠠᠭᠳᠠᠵᠤ᠂ ᠤᠯᠤᠰ ᠤᠨ ᠮᠠᠭᠠᠳᠯᠠᠨ ᠲᠣᠭᠲᠠᠭᠠᠯᠲᠠ ᠶᠢ ᠭᠤᠶᠤᠴᠢᠯᠠᠬᠤ ᠨᠥᠬᠦᠴᠡᠯ ᠢ ᠪᠦᠷᠢᠯᠳᠦᠭᠦᠯᠦᠭᠰᠡᠨ ᠪᠠᠶᠢᠨ᠎ᠠ᠃      7  ᠳ᠋ᠤᠭᠠᠷ ᠰᠠᠷ᠎ᠠ ᠶᠢᠨ 18 ᠤ ᠡᠳᠦᠷ ᠠᠴᠠ 20 ᠶᠢᠨ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠲᠡᠩᠴᠡᠭᠦᠷᠢᠲᠡᠶ ᠬᠥᠭᠵᠢᠯᠲᠡ ᠶᠢ ᠬᠢᠨᠠᠨ ᠵᠢᠯᠣᠭᠤᠳᠴᠤ ᠦᠨᠡᠯᠡᠨ ᠵᠢᠱᠢᠬᠦ ᠳᠤᠭᠤᠶᠢᠯᠠᠩ ᠤᠨ ᠬᠢᠨ ᠨᠢ ᠴᠢᠩ ᠱᠦᠢ ᠾᠧ ᠰᠢᠶᠠᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠲᠡᠩᠴᠡᠭᠦᠷᠢᠲᠡᠶ ᠬᠥᠭᠵᠢᠯᠲᠡ ᠶᠢᠨ ᠪᠠᠶᠢᠳᠠᠯ ᠢ ᠦᠨᠡᠯᠡᠨ ᠵᠢᠱᠢᠵᠦ ᠰᠢᠮᠳᠠᠭᠤᠯᠤᠨ ᠵᠢᠯᠣᠭᠤᠳᠪᠠ᠃ ᠬᠢᠨᠠᠨ ᠵᠢᠯᠣᠭᠤᠳᠴᠤ ᠦᠨᠡᠯᠡᠨ ᠵᠢᠱᠢᠬᠦ ᠳᠤᠭᠤᠶᠢᠯᠠᠩ ᠤᠨ ᠬᠠᠷᠢᠴᠠᠭᠤᠯᠤᠨ ᠦᠨᠡᠯᠡᠨ ᠵᠢᠱᠢᠬᠦ ᠪᠠᠷᠢᠮᠵᠢᠶ᠎ᠠ ᠪᠣᠯᠤᠨ ᠱᠠᠭᠠᠷᠳᠠᠯᠭ᠎ᠠ ᠪᠠᠷ᠂ ︽ᠡᠷᠬᠡ ᠲᠡᠭᠰᠢ ᠲᠥᠪ ᠭᠤᠣᠯᠴᠢ᠂ ᠴᠢᠩᠭ᠎ᠠ ᠠᠳᠬᠤᠵᠤ︾ ᠵᠠᠷᠴᠢᠮ ᠶᠣᠰᠣᠭᠠᠷ᠂ ᠮᠠᠨ ᠤ ᠰᠢᠶᠠᠨ ᠤ ᠬᠤᠯᠪᠣᠭᠳᠠᠯ ᠪᠦᠬᠦᠢ ᠮᠠᠲ᠋ᠧᠷᠢᠶᠠᠯ᠂ ᠳ᠋ᠠᠶᠢᠲ᠋ᠠ ᠶᠢ ᠬᠢᠨᠠᠮᠠᠭᠠᠶ ᠬᠢᠨᠠᠨ ᠪᠠᠶᠢᠴᠠᠭᠠᠵᠤ᠂ ᠰᠢᠶᠠᠨ ᠤ ᠳᠠᠷᠤᠭ᠎ᠠ ᠶᠢᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ  /  ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠰᠤᠷᠭᠠᠭᠤᠯᠢ ᠶᠢᠨ ᠳᠠᠷᠤᠭ᠎ᠠ / ᠪᠠᠭᠰᠢ᠂ ᠭᠡᠷ ᠤᠨ ᠠᠬᠠᠮᠠᠳ ᠤᠨ ᠶᠠᠷᠢᠯᠴᠠᠬᠤ ᠬᠤᠷᠠᠯ ᠢ 3 ᠥᠷᠨᠢᠭᠦᠯᠵᠦ᠂ 11 ᠰᠤᠷᠭᠠᠭᠤᠯᠢ ᠶᠢᠨ ᠲᠤᠬᠠᠶ ᠶᠢᠨ ᠭᠠᠵᠠᠷ ᠲᠤᠨᠢ ᠪᠠᠶᠢᠴᠠᠭᠠᠵᠤ ︵2 ᠵᠢᠭᠠᠨ ᠰᠤᠷᠭᠠᠬᠤ ᠴᠢᠬ ᠪᠠᠭᠲᠠᠨ᠎ᠠ︶᠂ ᠰᠦᠯᠵᠢᠶᠡᠨ ᠳᠡᠭᠡᠷ᠎ᠡ ᠬᠠᠨᠤᠮᠵᠢ ᠶᠢᠨ ᠬᠡᠮᠵᠢᠶ᠎ᠡ ᠶᠢᠨ ᠠᠰᠠᠭᠤᠯᠲᠠ ᠶᠢᠨ ᠬᠠᠭᠤᠳᠠᠰᠤ ᠢ 274 ᠬᠤᠪᠢ ᠴᠤᠭᠯᠠᠭᠤᠯᠤᠭᠰᠠᠨ ᠤ ᠬᠠᠮᠲᠤ ᠲᠠᠰᠢᠷᠠᠮ ᠤᠨ ᠰᠤᠷᠪᠤᠯᠵᠢᠯᠠᠭ᠎ᠠ ᠵᠡᠷᠭᠡ ᠬᠡᠯᠪᠡᠷᠢ ᠪᠠᠷ ᠤᠯᠠᠨ ᠨᠡᠶᠢᠲᠡ ᠶᠢᠨ ᠰᠠᠨᠠᠯ ᠢ ᠬᠤᠷᠢᠶᠠᠪᠠ᠃      ᠬᠢᠨᠠᠨ ᠵᠢᠯᠣᠭᠤᠳᠴᠤ ᠦᠨᠡᠯᠡᠨ ᠵᠢᠱᠢᠵᠦ ᠳᠤᠭᠤᠶᠢᠯᠠᠩ ᠨᠢ ᠴᠢᠩ ᠱᠦᠢ ᠾᠧ ᠰᠢᠶᠠᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠦᠨᠳᠦᠰᠦᠨ ᠨᠥᠬᠦᠴᠡᠯ ᠨᠢ ᠪᠠᠷᠢᠮᠵᠢᠶ᠎ᠠ ᠳᠤ ᠬᠦᠷᠦᠭᠰᠡᠨ ᠪᠠᠶᠢᠳᠠᠯ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠬᠤᠭᠤᠷᠣᠨᠳᠣᠬᠢ ᠲᠡᠩᠴᠡᠭᠦᠷᠢ ᠶᠢᠨ ᠪᠠᠶᠢᠳᠠᠯ᠂ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠢ ᠲᠡᠩᠴᠡᠭᠦᠷᠢᠲᠡᠶ ᠬᠥᠭᠵᠢᠭᠦᠯᠬᠦ ᠠᠵᠢᠯ ᠤᠨ ᠪᠠᠶᠢᠳᠠᠯ ᠵᠢᠴᠢ ᠤᠯᠠᠨ ᠨᠡᠶᠢᠲᠡ ᠶᠢᠨ ᠲᠤᠰ ᠭᠠᠵᠠᠷ ᠣᠷᠣᠨ ᠤ ᠪᠠᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠲᠡᠩᠴᠡᠭᠦᠷᠢᠲᠡᠶ ᠬᠥᠭᠵᠢᠯᠲᠡ ᠳᠠᠬᠢ ᠬᠠᠨᠤᠮᠵᠢ ᠶᠢᠨ ᠬᠡᠮᠵᠢᠶ᠎ᠡ ᠵᠡᠷᠭᠡ ᠲᠦᠷᠪᠡᠨ ᠲᠠᠯ᠎ᠠ ᠪᠠᠷ ᠪᠦᠬᠦ ᠲᠠᠯ᠎ᠠ ᠶᠢᠨ ᠪᠠᠶᠢᠴᠠᠭᠠᠯᠲᠠ ᠬᠢᠵᠦ᠂ ᠬᠢᠨᠠᠨ ᠵᠢᠯᠣᠭᠤᠳᠴᠤ ᠦᠨᠡᠯᠡᠨ ᠵᠢᠱᠢᠬᠦ ᠳᠤᠭᠤᠶᠢᠯᠠᠩ ᠤᠨ ᠦᠵᠡᠬᠦ ᠪᠠᠷ᠂ ᠴᠢᠩ ᠱᠦᠢ ᠾᠧ ᠰᠢᠶᠠᠨ ᠤᠯᠤᠰ ᠠᠴᠠ ᠲᠣᠭᠲᠠᠭᠠᠭᠰᠠᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠥᠭᠵᠢᠯᠲᠡ ᠨᠢ ᠦᠨᠳᠦᠰᠦᠨ ᠳᠡᠭᠡᠨ ᠲᠡᠩᠴᠡᠭᠦᠷᠢᠲᠡᠶ ᠰᠢᠶᠠᠨ ᠤ ᠦᠨᠡᠯᠡᠨ ᠵᠢᠱᠢᠵᠦ ᠨᠤᠲᠠᠯᠠᠨ ᠲᠣᠭᠲᠠᠭᠠᠬᠤ ᠪᠠᠷᠢᠮᠵᠢᠶ᠎ᠠ ᠳᠤ ᠬᠦᠷᠦᠭᠰᠡᠨ ᠪᠣᠯᠬᠤᠷ ᠤᠯᠤᠰ ᠲᠤ ᠮᠡᠳᠡᠭᠦᠯᠦᠨ ᠭᠤᠶᠤᠴᠢᠯᠠᠬᠤ ᠨᠥᠬᠦᠴᠡᠯ ᠢ ᠪᠦᠷᠢᠯᠳᠦᠭᠦᠯᠦᠭᠰᠡᠨ ᠪᠠᠶᠢᠨ᠎ᠠ᠃      ᠬᠢᠨᠠᠨ ᠵᠢᠯᠣᠭᠤᠳᠴᠤ ᠦᠨᠡᠯᠡᠨ ᠵᠢᠱᠢᠬᠦ ᠳᠤᠭᠤᠶᠢᠯᠠᠩ ᠨᠢ ᠮᠠᠨ ᠤ ᠰᠢᠶᠠᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠢ ᠲᠡᠩᠴᠡᠭᠦᠷᠢᠲᠡᠶ ᠬᠥᠭᠵᠢᠭᠦᠯᠬᠦ ᠠᠵᠢᠯ ᠳᠤ ᠣᠯᠤᠭᠰᠠᠨ ᠠᠮᠵᠢᠯᠲᠠ ᠶᠢ ᠭᠦᠢᠴᠡᠳ ᠨᠤᠲᠠᠯᠠᠭᠰᠠᠨ ᠤ ᠬᠠᠮᠲᠤ ᠪᠠᠰᠠ ᠴᠡᠭᠴᠡᠯᠡᠨ ᠥᠭᠡᠷᠡᠴᠢᠯᠡᠬᠦ ᠴᠢᠬᠤᠯᠠᠲᠠᠶ ᠠᠰᠠᠭᠤᠳᠠᠯ ᠤᠳ ᠢ ᠳᠤᠷᠠᠳᠤᠨ᠂ ᠴᠡᠭᠴᠡᠯᠡᠨ ᠥᠭᠡᠷᠡᠴᠢᠯᠡᠬᠦ ᠰᠠᠨᠠᠯ ᠦᠯᠡᠳᠡᠭᠡᠪᠡ᠃      ᠴᠢᠩ ᠱᠦᠢ ᠾᠧ ᠰᠢᠶᠠᠨ ᠤ ᠬᠢᠨ ᠲᠤᠰ ᠤᠳᠠᠭᠠᠨ ᠤ ᠥᠪᠡᠷᠲᠡᠭᠡᠨ ᠵᠠᠰᠠᠬᠤ ᠣᠷᠣᠨ ᠤ ᠦᠨᠡᠯᠡᠨ ᠵᠢᠱᠢᠵᠦ ᠬᠢᠨᠠᠨ ᠵᠢᠯᠣᠭᠤᠳᠬᠤ ᠪᠠᠷ ᠠᠵᠠ ᠲᠣᠬᠢᠶᠠᠯ ᠪᠣᠯᠭᠠᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠲᠡᠩᠴᠡᠭᠦᠷᠢᠲᠡᠶ ᠬᠥᠭᠵᠢᠯᠲᠡ ᠶᠢᠨ ᠲᠤᠬᠠᠶ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠤᠷᠭᠠᠨ ᠬᠥᠮᠦᠵᠢᠯ ᠤᠨ ᠳᠤᠲᠠᠭᠤᠳᠠᠯ ᠢ ᠲᠦᠷᠭᠡᠨ ᠨᠥᠬᠦᠪᠥᠷᠢᠯᠡᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠲᠡᠩᠴᠡᠭᠦᠷᠢᠲᠡᠶ ᠬᠥᠭᠵᠢᠯᠲᠡ ᠶᠢᠨ ᠬᠢᠷᠢ ᠬᠡᠮᠵᠢᠶ᠎ᠡ ᠶᠢ ᠦᠷᠭᠦᠯᠵᠢᠯᠡᠨ ᠳᠡᠭᠡᠭᠰᠢᠯᠡᠭᠦᠯᠵᠦ᠂ ᠰᠢᠯᠢᠳᠡᠭ ᠴᠢᠨᠠᠷ ᠲᠠᠢ ᠳᠡᠩᠴᠡᠬᠦᠷᠢᠰᠢᠯ ᠵᠦᠭ ᠤᠷᠤᠭᠰᠢᠯᠠᠵᠤ᠂ ᠪᠦᠬᠦ ᠰᠢᠶᠠᠨ ᠤ ᠰᠤᠷᠭᠠᠨ ᠬᠥᠮᠦᠵᠢᠯ ᠤᠨ ᠦᠢᠯᠡᠰ ᠤᠨ ᠳᠠᠬᠢᠨ ᠰᠢᠨ᠎ᠡ ᠳᠡᠭᠲᠡᠷ ᠲᠤ ᠭᠠᠷᠭᠠᠬᠤ ᠶᠢ ᠴᠢᠷᠮᠠᠶᠢᠨ ᠲᠦᠯᠬᠢᠨ ᠠᠬᠢᠭᠤᠯᠬᠤ ᠪᠠᠷ ᠪᠤᠢ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号