ᠡᠮᠦᠨᠡᠭᠡᠨ᠂ ᠥᠪᠡᠷᠲᠡᠭᠡᠨ ᠵᠠᠰᠠᠬᠤ ᠣᠷᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ | ᠠᠵᠢᠯ ᠤᠨ ᠶᠡᠷᠦᠩᠬᠡᠶ ᠪᠠᠶᠢᠷᠢᠯᠠᠭᠤᠯᠤᠯᠲᠠ ᠶᠢ ᠭᠦᠨᠵᠡᠭᠡᠶ ᠲᠤᠭᠤᠰᠢᠯᠠᠭᠤᠯᠬᠤ ᠶᠢᠨ ᠲᠦᠯᠦᠭᠡ᠂ ᠮᠠᠨ ᠤ ᠤᠷᠤᠨ ︽︿ | ᠬᠠᠷᠠᠭ᠎ᠠ ᠤᠷᠤᠭᠤᠯᠬᠤ ᠶᠠᠳᠠᠭᠤ ᠶᠢ ᠲᠡᠳᠬᠦᠬᠦ ᠢᠨᠵᠧᠨᠧᠷᠢᠩ﹀ ᠢ ᠴᠢᠨᠠᠭᠰᠢᠳᠠ ᠰᠠᠶᠢᠲᠤᠷ ᠬᠢᠬᠦ ᠲᠤᠬᠠᠶ ᠠᠵᠢᠯ ᠤᠨ | ᠮᠡᠳᠡᠭᠳᠡᠯ︾ ᠪᠠᠭᠤᠯᠭᠠᠵᠤ᠂ ᠪᠦᠬᠦ ᠣᠷᠣᠨ ᠳᠤ ︽ᠬᠠᠷᠠᠭ᠎ᠠ ᠤᠷᠤᠭᠤᠯᠬᠤ ᠶᠠᠳᠠᠭᠤ ᠶᠢ ᠲᠡᠳᠬᠦᠬᠦ ᠢᠨᠵᠧᠨᠧᠷᠢᠩ︾ | ᠤᠨ ᠲᠦᠷᠦᠯ ᠵᠦᠢᠯ ᠢ ᠡᠬᠢᠯᠡᠨ ᠬᠡᠷᠡᠭᠵᠢᠭᠦᠯᠵᠦ᠂ ᠦᠨ᠎ᠡ ᠲᠥᠯᠥᠪᠦᠷᠢ ᠦᠭᠡᠢ ᠪᠠᠷ ᠡᠪᠡᠳᠴᠢᠲᠡᠨ ᠢ ᠠᠪᠤᠷᠠᠨ | ᠲᠤᠰᠠᠯᠠᠬᠤ ᠪᠠᠷ ᠪᠤᠯᠪᠠ᠃ ᠲᠥᠷᠥᠯ ᠵᠦᠢᠯ ᠤᠨ ᠳᠤᠬᠢᠷᠠᠭᠤᠯᠤᠯᠳᠠ ᠶᠣᠰᠣᠭᠠᠷ᠂ ᠠᠪᠤᠷᠠᠨ ᠳᠤᠰᠠᠯᠠᠬᠤ ᠡᠲᠡᠭᠡᠳ ᠨᠢ | ᠦᠨᠳᠦᠰᠦᠨ ᠡᠮ ᠡᠮᠨᠡᠯᠭᠡ ᠶᠢᠨ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ᠂ ᠡᠮ ᠡᠮᠨᠡᠯᠭᠡ ᠶᠢᠨ ᠠᠪᠤᠷᠠᠨ | ᠳᠤᠰᠠᠯᠠᠮᠵᠢ᠂ ᠬᠤᠳᠠᠯᠳᠤᠭᠠᠨ ᠤ ᠳᠠᠭᠠᠳᠬᠠᠯ ᠢᠶᠠᠷ ᠵᠠᠷᠤᠳᠠᠯ ᠰᠦᠢᠳᠭᠡᠯ ᠢᠶᠠᠨ ᠳᠠᠩᠰᠠᠨ ᠠᠴᠠ ᠲᠠᠶᠢᠯᠤᠭᠰᠠᠨ ᠤ | ᠳᠠᠷᠠᠭᠠᠬᠢ ᠬᠤᠪᠢ ᠬᠥᠮᠦᠨ ᠤ ᠲᠤᠰᠢᠶᠠᠬᠤ ᠬᠡᠰᠡᠭ ᠵᠠᠷᠤᠳᠠᠯ ᠢ ᠰᠢᠶ᠋ᠳᠪᠦᠷᠢᠯᠡᠨ ᠦᠭᠴᠦ᠂ ᠰᠦᠢᠳᠬᠡᠯ ᠬᠤᠷᠢᠶᠠᠬᠤ | ᠦᠭᠡᠢ ᠪᠠᠷ ᠠᠪᠤᠷᠠᠨ ᠵᠠᠰᠠᠯᠳᠠ ᠬᠢᠭᠦ ᠶᠢ ᠪᠡᠶᠡᠯᠡᠭᠦᠯᠬᠦ ᠪᠤᠯᠤᠨ᠎ᠡ᠃ | ︽ᠮᠡᠳᠡᠭᠳᠡᠯ︾ ᠳᠤ᠂ ᠡᠯ᠎ᠡ ᠭᠠᠵᠠᠷ ᠤᠨ ᠬᠢᠨ ᠭᠠᠴᠠᠭ᠎ᠠ ᠲᠣᠰᠬᠤᠨ ᠤ ᠡᠮᠴᠢ᠂ ᠲᠥᠯᠥᠪᠯᠡᠭᠡᠲᠦ | ᠦᠷᠡᠵᠢᠯ ᠤᠨ ᠲᠤᠰᠬᠠᠶ ᠺᠠᠳ᠋ᠷ᠂ ᠨᠢᠭᠡᠳᠦᠭᠡᠷ ᠱᠦᠵᠢ᠂ ᠭᠠᠴᠠᠭ᠎ᠠ ᠲᠣᠰᠬᠤᠨ ᠳᠤ ᠰᠠᠭᠤᠭ᠎ᠠ ᠠᠵᠢᠯᠯᠠᠬᠤ ᠠᠩᠭᠢ | ᠵᠡᠷᠭᠡ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠪᠠ ᠲᠥᠯᠥᠪᠯᠡᠭᠡᠲᠦ ᠦᠷᠡᠵᠢᠯ ᠪᠣᠯᠤᠨ ᠶᠠᠳᠠᠭᠤ ᠶᠢ ᠲᠡᠳᠬᠦᠬᠦ | ᠡᠩᠨᠡᠭᠡ ᠶᠢ ᠵᠣᠬᠢᠶᠠᠨ ᠪᠠᠶᠢᠭᠤᠯᠵᠤ᠂ ︽ᠬᠠᠮᠢᠶᠠᠷᠤᠯᠲᠠ ᠶᠢᠨ ᠰᠢᠰᠲ᠋ᠧᠮ︾ ᠳᠤᠮᠳᠠᠬᠢ ᠶᠠᠳᠠᠭᠤ ᠬᠦᠴᠢᠷᠳᠡᠯᠲᠡᠶ | ᠴᠠᠭᠠᠨ ᠬᠠᠷᠠᠩ ᠡᠪᠡᠳᠴᠢᠲᠡᠨ ᠢ ᠳᠠᠩᠰᠠᠯᠠᠭᠰᠠᠨ ᠪᠠᠶᠢᠳᠠᠯ ᠢ ᠦᠨᠳᠦᠰᠦᠯᠡᠵᠤ᠂ ᠲᠥᠯᠥᠪᠯᠡᠭᠡ ᠲᠠᠢ ᠪᠠᠷ ᠤᠢᠢᠷ᠎ᠠ | ᠬᠠᠪᠢ ᠶᠢᠨ ᠲᠣᠭᠲᠠᠭᠰᠠᠨ ᠴᠡᠭ ᠤᠨ ᠡᠮᠨᠡᠯᠭᠡ ᠶᠢᠨ ᠬᠤᠷᠢᠶ᠎ᠠ ᠳᠤ ᠠᠪᠤᠷᠠᠨ ᠵᠠᠰᠠᠯᠳᠠ ᠬᠢᠯᠬᠡᠨ᠎ᠡ᠃ ᠠᠪᠤᠷᠠᠨ | ᠳᠤᠰᠠᠯᠠᠭᠰᠠᠨ ᠪᠠᠶᠢᠳᠠᠯ ᠳᠤ ᠬᠥᠳᠡᠯᠦᠩᠭᠦᠶ ᠮᠥᠷᠳᠡᠯᠲᠡ ᠬᠢᠭᠦ ᠪᠠ ᠠᠪᠤᠷᠠᠨ ᠳᠤᠰᠠᠯᠠᠭᠰᠠᠳ ᠢ ᠳᠠᠩᠰᠠᠨ ᠠᠴᠠ | ᠭᠠᠷᠭᠠᠬᠤ ᠬᠠᠮᠢᠶᠠᠷᠤᠯᠲᠠ ᠬᠢᠵᠤ᠂ ︽ᠬᠠᠮᠢᠶᠠᠷᠤᠯᠲᠠ ᠶᠢᠨ ᠰᠢᠰᠲ᠋ᠧᠮ︾ ᠢ ᠴᠠᠭ ᠲᠤᠬᠠᠶ ᠳᠤᠨᠢ ᠰᠢᠨᠡᠳᠬᠡᠵᠤ᠂ | ᠡᠮᠨᠡᠨ ᠵᠠᠰᠠᠬᠤ ᠨᠥᠬᠦᠴᠡᠯ ᠳᠤ ᠨᠡᠶᠢᠴᠡᠬᠦ ᠶᠠᠳᠠᠭᠤ ᠬᠦᠴᠢᠷᠳᠡᠯᠲᠡᠶ ᠴᠠᠭᠠᠨ ᠬᠠᠷᠠᠩ ᠡᠪᠡᠳᠴᠢᠲᠡᠨ ᠪᠦᠬᠦᠨ ᠢ ᠠᠪᠤᠷᠠᠨ | ᠵᠠᠰᠠᠬᠤ ᠬᠦᠷᠢᠶ᠎ᠠ ᠬᠡᠪᠴᠢᠶᠡᠨ ᠳᠤ ᠣᠷᠣᠭᠤᠯᠬᠤ ᠬᠡᠷᠡᠭᠳᠠᠢ ᠭᠡᠵᠤ ᠱᠠᠭᠠᠷᠳᠠᠪᠠ᠃ | ︽ᠮᠡᠳᠡᠭᠳᠡᠯ︾ ᠳᠤ᠂ ᠲᠣᠭᠲᠠᠭᠰᠠᠨ ᠴᠡᠭ ᠤᠨ ᠡᠮᠨᠡᠯᠭᠡ ᠶᠢᠨ ᠬᠤᠷᠢᠶ᠎ᠠ ᠨᠢ ᠬᠠᠮᠢᠶᠠᠷᠤᠯᠲᠠ ᠶᠢᠨ ᠳᠦᠷᠢᠮ ᠪᠠ | ᠠᠵᠢᠯ ᠤᠨ ᠵᠢᠷᠤᠮᠵᠢᠯ ᠢᠶᠠᠨ ᠲᠡᠭᠦᠯᠳᠡᠷᠵᠢᠭᠦᠯᠵᠦ᠂ ᠥᠨᠳᠥᠷ ᠬᠢᠷᠢ ᠲᠦᠪᠰᠢᠨ ᠲᠠᠢ ᠨᠢᠳᠤᠨ ᠤ ᠰᠠᠯᠠᠭᠠᠨ ᠤ ᠡᠮᠴᠢ | ᠨᠠᠷ ᠤᠨ ᠮᠡᠰᠡ ᠵᠠᠰᠠᠯ ᠤᠨ ᠪᠦᠯᠬᠦᠮ ᠵᠤᠬᠢᠶᠠᠨ ᠪᠠᠶᠢᠭᠤᠯᠵᠤ᠂ ︽ᠴᠠᠭᠠᠨ ᠬᠠᠷᠠᠩ ᠤᠨ ᠮᠡᠰᠡ ᠵᠠᠰᠠᠯ ᠤᠨ ᠵᠢᠷᠤᠮᠵᠢᠯ | ᠵᠢᠴᠢ ᠶᠠᠰᠤ ᠴᠢᠨᠠᠷ ᠢ ᠡᠵᠡᠮᠳᠡᠭᠦ ᠪᠠᠷᠢᠮᠵᠢᠶ᠎ᠠ︾᠂ ᠣᠨᠣᠰᠢᠯᠠᠨ ᠡᠮᠨᠡᠬᠦ ᠲᠥᠰᠦᠯ ᠬᠢᠭᠡᠳ ᠡᠮᠴᠢᠯᠡᠭᠡᠨ ᠤ ᠶᠠᠪᠤᠴᠠ ᠶᠢᠨ | ᠬᠠᠮᠢᠶᠠᠷᠤᠯᠲᠠ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠣᠨᠣᠰᠢᠯᠠᠨ ᠡᠮᠨᠡᠬᠦ ᠠᠵᠢᠯᠯᠠᠭ᠎ᠠ ᠥᠷᠨᠢᠭᠦᠯᠵᠤ᠂ ᠦᠨ᠎ᠠ | ᠬᠠᠩᠰᠢ ᠨᠢ ᠲᠣᠬᠢᠷᠠᠮᠵᠢᠲᠠᠶ ᠮᠠᠲ᠋ᠧᠷᠢᠶᠠᠯ ᠪᠠ ᠡᠮ ᠤᠨ ᠵᠦᠢᠯᠡᠰ ᠢ ᠰᠤᠩᠭᠤᠵᠤ᠂ ᠡᠮ ᠡᠮᠨᠡᠯᠭᠡ ᠶᠢᠨ ᠵᠠᠷᠤᠳᠠᠯ ᠢ | ᠴᠢᠩᠭ᠎ᠠ ᠬᠢᠵᠠᠭᠠᠷᠯᠠᠬᠤ ᠬᠡᠷᠡᠭᠳᠠᠢ᠃ ᠥᠪᠡᠷᠲᠡᠭᠡᠨ ᠵᠠᠰᠠᠬᠤ ᠣᠷᠣᠨ ᠤ ᠬᠠᠷᠠᠭ᠎ᠠ ᠮᠠᠭᠤᠳᠠᠬᠤ ᠶᠢ ᠰᠡᠷᠭᠡᠶᠢᠯᠡᠬᠦ | ᠮᠡᠷᠭᠡᠵᠢᠯ ᠤᠨ ᠵᠢᠯᠦᠭᠤᠳᠦᠯᠭ᠎ᠠ ᠶᠢᠨ ᠳᠤᠭᠤᠶᠢᠯᠠᠩ ᠪᠣᠯᠤᠨ ᠡᠯ᠎ᠡ ᠱᠠᠲᠤᠨ ᠤ ᠨᠢᠳᠤᠨ ᠤ ᠰᠠᠯᠠᠭᠠᠨ ᠤ ᠲᠤᠰᠬᠠᠶ | ᠮᠡᠷᠭᠡᠵᠢᠯ ᠤᠨ ᠶᠠᠰᠤ ᠴᠢᠨᠠᠷ ᠢ ᠡᠵᠡᠮᠳᠡᠭᠦ ᠵᠣᠬᠢᠶᠠᠨ ᠪᠠᠶᠢᠭᠤᠯᠤᠯᠲᠠ ᠠᠴᠠ ᠲᠤᠰᠬᠠᠶ ᠮᠡᠷᠭᠡᠵᠢᠯᠲᠡᠨ ᠤ | ᠳᠠᠪᠠᠭᠤᠯᠢᠭ ᠢᠶᠠᠨ ᠪᠠᠳᠠᠷᠠᠭᠤᠯᠵᠤ᠂ ᠡᠯ᠎ᠡ ᠭᠠᠵᠠᠷ ᠢ ᠵᠢᠯᠣᠭᠤᠳᠤᠨ ᠮᠡᠷᠭᠡᠵᠢᠯ ᠤᠨ ᠳᠡᠮᠵᠢᠯᠭᠡ ᠪᠤᠯᠤᠨ ᠶᠠᠰᠤ ᠴᠢᠨᠠᠷ ᠢ | ᠡᠵᠡᠮᠳᠡᠭᠦ ᠠᠵᠢᠯᠯᠠᠭ᠎ᠠ ᠶᠢ ᠰᠠᠶᠢᠲᠤᠷ ᠬᠢᠵᠦ᠂ ᠮᠡᠰᠡ ᠵᠠᠰᠠᠯ ᠬᠢᠭᠰᠡᠨ ᠤ ᠳᠠᠷᠠᠭ᠎ᠠ ᠳᠠᠬᠢᠨᠳᠠ ᠬᠡᠮ ᠭᠠᠷᠬᠤ ᠨᠤᠷᠮ᠎ᠠ ᠶᠢ | ᠪᠠᠭᠤᠷᠠᠭᠤᠯᠵᠤ᠂ ᠮᠡᠰᠡ ᠵᠠᠰᠠᠯ ᠤᠨ ᠦᠷ᠎ᠠ ᠪᠦᠳᠦᠮᠵᠢ ᠶᠢ ᠳᠡᠭᠡᠭᠰᠢᠯᠡᠭᠦᠯᠤᠨ᠂ ᠡᠪᠡᠳᠴᠢᠲᠡᠨ ᠤ ᠮᠡᠰᠡ ᠵᠠᠰᠠᠯ ᠬᠢᠭᠦ | ᠶᠠᠰᠤ ᠴᠢᠨᠠᠷ ᠪᠠ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ ᠭᠡᠵᠤ ᠴᠢᠬᠤᠯᠠᠴᠢᠯᠠᠪᠠ᠃ |