ᠦᠴᠦᠸᠠᠨ ᠰᠢᠶᠠᠨ ᠤ ᠠᠷᠠᠳ ᠤᠨ ᠲᠥᠯᠦᠭᠡᠯᠡᠭᠴᠢᠳ ᠤᠨ ᠶᠡᠭᠡ ᠬᠤᠷᠠᠯ ᠰᠢᠶᠠᠨ ᠤ ᠳᠡᠰ ᠤᠨ ᠠᠷᠠᠳ ᠤᠨ ᠲᠥᠯᠦᠭᠡᠯᠡᠭᠴᠢᠳ ᠤᠨ ᠶᠡᠭᠡ ᠬᠤᠷᠠᠯ ᠤᠨ ᠲᠥᠯᠦᠭᠡᠯᠡᠭᠴᠢ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠳᠤ ᠬᠦᠴᠦᠨ ᠨᠡᠮᠡᠷᠢᠯᠡᠬᠦ ᠪᠣᠯᠪᠠᠰᠤᠷᠠᠯ ᠶᠠᠪᠤᠭᠤᠯᠪᠠ
ᠨᠡᠶᠢᠲᠡᠯᠡᠭᠰᠡᠨ ᠴᠠᠭ᠄
2018-07-25
     ᠰᠢᠶᠠᠨ ᠤ ᠳᠡᠰ ᠤᠨ ᠠᠷᠠᠳ ᠤᠨ ᠲᠥᠯᠦᠭᠡᠯᠡᠭᠴᠢᠳ ᠤᠨ ᠶᠡᠭᠡ ᠬᠤᠷᠠᠯ ᠤᠨ ᠲᠥᠯᠦᠭᠡᠯᠡᠭᠴᠢ ᠶᠢᠨ ᠤᠯᠤᠰ ᠲᠥᠷᠦ ᠶᠢᠨ ᠦᠵᠡᠯ ᠰᠠᠨᠠᠭ᠎ᠠ ᠬᠡᠪ ᠪᠤᠯᠪᠠᠰᠤᠷᠠᠯ ᠢ ᠪᠥᠬᠦ ᠲᠠᠯ᠎ᠠ ᠪᠠᠷ ᠳᠡᠭᠡᠭᠰᠢᠯᠡᠭᠦᠯᠵᠤ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠥᠯᠦᠭᠡᠯᠡᠭᠴᠢ ᠶᠢᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢ ᠬᠠᠪᠰᠤᠷᠤᠨ ᠠᠬᠢᠭᠤᠯᠬᠤ ᠦᠢᠯᠡᠳᠤᠯ ᠢ ᠭᠦᠢᠴᠡᠳ ᠪᠠᠳᠠᠷᠠᠭᠤᠯᠬᠤ ᠶᠢᠨ ᠲᠥᠯᠦᠭᠡ᠂ 7 ᠳ᠋ᠤᠭᠠᠷ ᠰᠠᠷ᠎ᠠ ᠶᠢᠨ 24 ᠤ ᠡᠳᠤᠷ᠂ ᠰᠢᠶᠠᠨ ᠤ ᠠᠷᠠᠳ ᠤᠨ ᠲᠥᠯᠦᠭᠡᠯᠡᠭᠴᠢᠳ ᠤᠨ ᠶᠡᠭᠡ ᠬᠤᠷᠠᠯ ᠰᠢᠶᠠᠨ ᠤ ᠳᠡᠰ ᠤᠨ ᠠᠷᠠᠳ ᠤᠨ ᠲᠥᠯᠦᠭᠡᠯᠡᠭᠴᠢᠳ ᠤᠨ ᠶᠡᠭᠡ ᠬᠤᠷᠠᠯ ᠤᠨ ᠲᠥᠯᠦᠭᠡᠯᠡᠭᠴᠢ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠳᠤ ᠬᠦᠴᠦᠨ ᠨᠡᠮᠡᠷᠢᠯᠡᠬᠦ ᠪᠣᠯᠪᠠᠰᠤᠷᠠᠯ ᠶᠠᠪᠤᠭᠤᠯᠵᠤ᠂ ᠣᠨᠴᠠ ᠤᠷᠢᠭᠰᠠᠨ ᠵᠤᠴᠢᠨ ᠬᠤᠲᠠ ᠶᠢᠨ ᠬᠥᠳᠡᠭᠡ ᠲᠤᠰᠬᠤᠨ ᠤ ᠠᠵᠢᠯ ᠤᠨ ᠵᠦᠪᠯᠡᠯ ᠤᠨ ᠡᠷᠬᠢᠯᠡᠭᠴᠢ ᠶᠦᠨ ᠢᠣᠢ ᠲᠢᠩ ᠲᠤᠰᠬᠠᠢ ᠰᠡᠳᠤᠪᠲᠤ ᠶᠠᠷᠢᠶ᠎ᠠ ᠲᠠᠯᠪᠢᠪᠠ᠃ ᠰᠢᠶᠠᠨ ᠤ ᠠᠷᠠᠳ ᠤᠨ ᠲᠥᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠡᠦ ᠸᠧᠨ ᠪᠢᠶᠤᠤ᠂ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠬᠦᠨ ᠰᠢᠶᠠᠨ ᠤ ᠳᠡᠳ᠋ ᠳᠠᠷᠤᠭ᠎ᠠ ᠵᠣᠣ ᠵᠦᠩ᠂ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠬᠦᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ ᠬᠢᠨᠠᠨ ᠪᠠᠶᠢᠴᠠᠭᠠᠬᠤ ᠵᠦᠪᠯᠡᠯ ᠤᠨ ᠡᠷᠬᠢᠯᠡᠭᠴᠢ ᠵᠸᠣ ᠵᠧᠨ ᠭᠤᠸᠠᠩ᠂ ᠰᠢᠶᠠᠨ ᠤ ᠠᠷᠠᠳ ᠤᠨ ᠲᠥᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠳ᠋ᠢ ᠭᠦᠸᠧ ᠰᠢᠶᠦ᠋ᠩ᠂ ᠼᠤᠤ ᠰᠢᠤᠸᠢ ᠵᠢᠶᠦ᠋ᠨ ᠬᠤᠷᠠᠯ ᠳᠤ ᠣᠷᠤᠯᠴᠠᠵᠤ᠂ ᠰᠢᠶᠠᠨ ᠤ ᠠᠷᠠᠳ ᠤᠨ ᠲᠥᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠪᠠᠶᠢᠭᠤᠯᠭ᠎ᠠ ᠶᠢᠨ ᠪᠥᠬᠦ ᠺᠠᠳ᠋ᠷ ᠵᠢᠴᠢ ᠪᠥᠬᠦ ᠰᠢᠶᠠᠨ ᠤ ᠳᠡᠰ ᠤᠨ ᠠᠷᠠᠳ ᠤᠨ ᠲᠥᠯᠦᠭᠡᠯᠡᠭᠴᠢᠳ ᠤᠨ ᠶᠡᠭᠡ ᠬᠤᠷᠠᠯ ᠤᠨ ᠲᠥᠯᠦᠭᠡᠯᠡᠭᠴᠢ ᠬᠤᠷᠠᠯ ᠳᠤ ᠣᠷᠤᠯᠴᠠᠪᠠ᠃      ᠶᠦᠨ ᠢᠣᠢ ᠲᠢᠩ ᠬᠥᠬᠡᠬᠤᠲᠠ ᠶᠢᠨ ᠶᠠᠳᠠᠭᠤ ᠶᠢ ᠲᠡᠳᠬᠦᠬᠦ ᠰᠢᠪᠲᠤᠯᠤᠯᠲᠠ ᠶᠢᠨ ᠦᠨᠳᠦᠰᠦᠨ ᠪᠠᠶᠢᠳᠠᠯ ᠤᠨ ᠲᠣᠭᠤᠷᠢᠨ ᠳᠤ᠂ ᠤᠯᠤᠰ ᠲᠥᠷᠦ ᠶᠢᠨ ᠵᠣᠭᠰᠤᠯᠲᠠ ᠪᠠᠨ ᠦᠨᠳᠦᠷᠵᠢᠭᠦᠯᠦᠨ᠂ ᠣᠨᠤᠪᠴᠢᠲᠠᠢ ᠪᠠᠷ ᠢᠯᠭᠠᠨ ᠲᠠᠨᠢᠵᠤ᠂ ᠣᠨᠢᠨ ᠳᠡᠭᠡᠷ᠎ᠡ ᠨᠢ ᠶᠠᠳᠠᠭᠤ ᠶᠢ ᠲᠡᠳᠬᠦᠵᠤ᠂ ᠣᠨᠣᠪᠴᠢᠲᠠᠢ ᠪᠠᠷ ᠤᠬᠤᠷᠢᠵᠤ ᠭᠠᠷᠬᠤ᠂ ᠪᠠᠳᠤᠳᠬᠠᠨ ᠳᠡᠭᠡᠭᠰᠢᠯᠡᠭᠦᠯᠬᠦ᠂ ᠣᠷᠤᠰᠢᠵᠤ ᠪᠠᠶᠢᠭ᠎ᠠ ᠠᠰᠠᠭᠤᠳᠠᠯ ᠵᠢᠴᠢ ᠳᠠᠷᠠᠭ᠎ᠠ ᠠᠯᠬᠤᠮ ᠤᠨ ᠠᠵᠢᠯ ᠤᠨ ᠱᠠᠭᠠᠷᠳᠠᠯᠭ᠎ᠠ ᠵᠡᠷᠭᠡ ᠵᠢᠷᠭᠤᠭᠠᠨ ᠲᠠᠯ᠎ᠠ ᠪᠠᠷ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠳᠤ ᠨᠠᠷᠢᠨ ᠲᠠᠶᠢᠯᠪᠤᠷᠢ ᠬᠢᠵᠣ᠂ ᠬᠥᠬᠡᠬᠤᠲᠠ ᠶᠢᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠲᠠᠶᠢᠨ ᠤ ᠶᠡᠷᠦᠩᠬᠡᠢ ᠰᠡᠳᠬᠢᠮᠵᠢ᠂ ᠬᠤᠯᠪᠤᠭᠳᠠᠯ ᠪᠥᠬᠦᠢ ᠲᠥᠷᠦ ᠶᠢᠨ ᠪᠣᠳᠤᠯᠭ᠎ᠠ ᠵᠢᠴᠢ ᠲᠤᠬᠠᠶᠢᠯᠠᠭᠰᠠᠨ ᠠᠵᠢᠯ ᠤᠨ ᠮᠡᠳᠡᠯᠭᠡ ᠶᠢ ᠭᠦᠨᠵᠡᠭᠡᠢ ᠲᠠᠶᠢᠯᠪᠤᠷᠢᠯᠠᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠲᠤᠰ ᠤᠳᠠᠭᠠᠨ ᠤ ᠶᠠᠷᠢᠶ᠎ᠠ ᠨᠢ ᠤᠷᠤᠭᠤ ᠤᠷᠤᠰᠬᠤ ᠤᠰᠤ ᠮᠡᠲᠤ ᠳᠥᠭᠦᠮ ᠣᠶᠢᠯᠠᠭᠠᠮᠵᠢᠲᠠᠢ᠂ ᠠᠷᠠᠳ ᠤᠨ ᠲᠥᠯᠦᠭᠡᠯᠡᠭᠴᠢᠳ ᠤᠨ ᠶᠡᠭᠡ ᠬᠤᠷᠠᠯ ᠤᠨ ᠲᠥᠯᠦᠭᠡᠯᠡᠭᠴᠢ ᠶᠢᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠳᠤ ᠬᠦᠴᠦ ᠨᠡᠮᠡᠷᠢᠯᠡᠬᠦ ᠠᠵᠢᠯᠯᠠᠭ᠎ᠠ ᠥᠷᠨᠢᠭᠦᠯᠬᠦ ᠳᠤ ᠴᠢᠬᠤᠯᠠ ᠵᠢᠯᠤᠭᠤᠳᠬᠤ ᠠᠴᠢ ᠬᠤᠯᠪᠤᠭᠳᠠᠯ ᠲᠠᠢ᠃ ᠪᠦᠬᠦ ᠰᠢᠶᠠᠨ ᠤ ᠳᠡᠰ ᠤᠨ ᠠᠷᠠᠳ ᠤᠨ ᠲᠥᠯᠦᠭᠡᠯᠡᠭᠴᠢᠳ ᠤᠨ ᠶᠡᠭᠡ ᠬᠤᠷᠠᠯ ᠤᠨ ᠲᠥᠯᠦᠭᠡᠯᠡᠭᠴᠢ ᠲᠤᠰ ᠤᠳᠠᠭᠠᠨ ᠤ ᠪᠣᠯᠪᠠᠰᠤᠷᠠᠯ ᠤᠨ ᠠᠭᠤᠯᠭ᠎ᠠ ᠶᠢ ᠨᠠᠷᠢᠨ ᠬᠢᠨᠠᠮᠠᠭᠠᠢ ᠰᠤᠷᠤᠯᠴᠠᠵᠤ᠂ ᠦᠵᠡᠯ ᠰᠠᠨᠠᠭ᠎ᠠ ᠪᠠᠨ ᠨᠢᠭᠡᠳᠬᠡᠵᠤ᠂ ᠡᠭᠦᠷᠭᠡ ᠲᠤᠰᠢᠶᠠᠯ ᠢᠶᠠᠨ ᠭᠦᠢᠴᠡᠳᠬᠡᠬᠦ ᠤᠬᠠᠮᠰᠠᠷ ᠢᠶᠠᠨ ᠨᠡᠮᠡᠭᠳᠡᠭᠦᠯᠵᠤ᠂ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠠᠢ ᠭᠡᠪᠡ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号