ᠳᠠᠶᠢᠴᠢᠨ ᠬᠤᠷᠢᠨᠭᠡᠷ ᠰᠢᠶᠠᠨ ᠤ ᠵᠠᠰᠠᠭ ᠤᠨ ᠶᠠᠪᠤᠳᠠᠯ ᠤᠨ ᠲᠥᠪ ᠲᠤ ᠭᠦᠨᠵᠡᠭᠡᠶᠢᠷᠡᠵᠦ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2018-07-26
     7 ᠳ᠋ᠤᠭᠠᠷ ᠰᠠᠷ᠎ᠠ ᠶᠢᠨ 24 ᠤ ᠡᠳᠦᠷ ᠤᠨ ᠦᠳᠡ ᠶᠢᠨ ᠬᠤᠶᠢᠨ᠎ᠠ᠂ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠢᠶᠠᠨ ᠤ ᠳᠡᠳ᠋ ᠳᠠᠷᠤᠭ᠎ᠠ ᠳᠠᠶᠢᠴᠢᠨ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠲᠤ ᠭᠦᠨᠵᠡᠭᠡᠶᠢᠷᠡᠵᠦ᠂ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠠᠵᠢᠯ ᠢ ᠲᠣᠭᠤᠷᠢᠨ  ᠪᠠᠶᠢᠴᠠᠭᠠᠵᠣ᠂ ᠰᠢᠶᠠᠨ ᠤ ᠵᠠᠰᠠᠭ ᠤᠨ ᠶᠠᠪᠤᠳᠠᠯ ᠤᠨ ᠲᠥᠪ᠂ ᠰᠢᠶᠠᠨ ᠤ ᠬᠥᠮᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠵᠢᠴᠢ ᠪᠤᠰᠤᠳ ᠬᠤᠯᠪᠣᠭᠳᠠᠯ ᠪᠦᠬᠦᠢ ᠨᠢᠭᠡᠴᠡ ᠶᠢᠨ ᠬᠠᠷᠢᠭᠤᠴᠠᠯᠭᠠᠲᠠᠳ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃      ᠳᠠᠶᠢᠴᠢᠨ ᠣᠷᠢᠳ ᠬᠤᠵᠢᠳ ᠡᠯ᠎ᠡ ᠵᠠᠰᠠᠭ ᠤᠨ ᠶᠠᠪᠣᠳᠠᠯ ᠤᠨ ᠲᠥᠪ ᠲᠤ ᠣᠷᠣᠵᠣ ᠠᠯᠪᠠᠯᠠᠭᠰᠠᠨ ᠨᠢᠭᠡᠴᠡ ᠶᠢᠨ ᠠᠵᠢᠯᠯᠠᠬᠤ ᠴᠣᠩᠬᠤᠪᠴᠢ ᠶᠢ ᠲᠣᠭᠤᠷᠢᠨ ᠦᠵᠡᠵᠦ᠂ ᠡᠯ᠎ᠡ ᠴᠣᠩᠬᠤᠪᠴᠢ ᠶᠢᠨ ᠠᠵᠢᠯᠯᠠᠵᠣ ᠪᠠᠶᠢᠭ᠎ᠠ ᠪᠠᠶᠢᠳᠠᠯ ᠢ ᠠᠰᠠᠭᠤᠨ ᠯᠠᠪᠯᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠲᠣᠣᠷ ᠰᠦᠯᠵᠢᠶᠡᠨ ᠤ ᠪᠥᠳᠥᠭᠡᠨ ᠪᠠᠶᠢᠭᠤᠯᠤᠯᠲᠠ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠲᠡᠭᠦᠨ ᠤ ᠲᠠᠷᠠᠭ᠎ᠠ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᢭ ᠤᠨA301 ᠬᠤᠷᠠᠯ ᠤᠨ ᠭᠡᠷ ᠲᠤ ᠰᠠᠭᠤᠳᠠᠯ ᠤᠨ ᠬᠤᠷᠠᠯ ᠬᠢᠪᠡ᠃      ᠳᠠᠶᠢᠴᠢᠨ ᠵᠢᠭᠠᠵᠤ ᠭᠠᠷᠭᠠᠭᠰᠠᠨ ᠨᠢ᠂ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠵᠥᠭᠡᠯᠡᠨ ᠬᠠᠲᠠᠭᠤ ᠪᠡᠯᠡᠳᠬᠡᠮᠵᠢ ᠶᠢᠨ ᠪᠦᠳᠦᠬᠡᠨ ᠪᠠᠶᠢᠭᠤᠯᠤᠯᠲᠠ ᠨᠢᠭᠡᠨᠲᠡ ᠨᠡᠯᠢᠶᠡᠳ ᠲᠡᠭᠦᠯᠳᠡᠷᠵᠢᠵᠡᠶ᠂ ᠤᠳᠤ ᠡᠨᠡᠬᠦ ᠰᠢᠯᠢᠳᠡᠭ ᠰᠠᠶᠢᠨ ᠡᠬᠢ ᠪᠠᠶᠠᠯᠢᠭ ᠣᠷᠴᠢᠨ ᠲᠣᠭᠤᠷᠢᠨ ᠢ ᠰᠠᠶᠢᠲᠣᠷ ᠠᠳᠬᠤᠵᠤ᠂ ᠬᠤᠯᠪᠣᠭᠳᠠᠯ ᠪᠦᠬᠦᠢ ᠠᠭᠤᠯᠭ᠎ᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠲᠠᠷᠠᠭ᠎ᠠ ᠠᠯᠬᠤᠮ ᠤᠨ ᠨᠡᠩ ᠤᠯᠠᠨ ᠨᠢᠭᠡᠴᠡ ᠶᠢᠨ ᠣᠷᠣᠵᠤ ᠠᠯᠪᠠᠯᠠᠬᠤ ᠵᠢᠴᠢ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ ᠳᠦᠷᠢᠮ ᠤᠨ ᠥᠭᠡᠷᠡᠴᠢᠯᠡᠯᠲᠡ ᠳᠤ ᠪᠠᠲᠤ ᠪᠠᠬᠢ ᠰᠠᠭᠤᠷᠢ ᠶᠢ ᠲᠠᠯᠪᠢᠵᠤ᠂ ︽ᠨᠢᠭᠡ ᠥᠷᠲᠡᠭᠡᠲᠦ ᠮᠠᠶ᠋ᠢᠭ ᠤᠨ ᠦᠢᠯᠡᠴᠢᠯᠡᠭᠡ︾ ᠶᠢᠨ ᠲᠠᠪᠴᠠᠩ ᠤᠨ ᠪᠥᠳᠥᠭᠡᠨ ᠪᠠᠶᠢᠭᠤᠯᠤᠯᠲᠠ ᠶᠢ ᠶᠡᠬᠡᠪᠡᠷ ᠲᠦᠯᠬᠢᠨ ᠠᠬᠢᠭᠤᠯᠬᠤ ᠬᠡᠷᠡᠭᠲᠡᠢ ᠭᠡᠵᠡᠢ᠃
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号