ᠢᠦᠢ ᠴᠢᠤᠸᠠᠨ ᠲᠣᠭᠤᠷᠢᠭ ᠶᠠᠳᠠᠭᠤ ᠬᠦᠴᠢᠷᠳᠡᠯᠲᠡᠶ ᠡᠪᠡᠳᠴᠢᠲᠡᠨ ᠢ ᠡᠮᠴᠢᠯᠡᠵᠦ ᠡᠮ ᠬᠦᠷᠭᠡᠬᠦ ᠪᠠᠷ ᠠᠶᠢᠯᠴᠢᠯᠠᠪᠠ
ᠨᠡᠶᠢᠲᠡᠯᠡᠭᠰᠡᠨ ᠴᠠᠭ᠄
2018-07-26
     ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠲᠦᠷᠦ ᠶᠢᠨ ᠪᠤᠳᠤᠯᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠤᠨ᠂ ᠡᠨᠡᠬᠦ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠤᠳᠤᠯᠭ᠎ᠠ ᠶᠢ ᠬᠦᠮᠦᠨ ᠤ ᠰᠡᠳᠭᠢᠯ ᠳᠤ ᠭᠦᠨ ᠰᠠᠭᠤᠭᠳᠠᠭᠤᠯᠵᠤ᠂ ᠢᠦᠶ ᠴᠢᠤᠸᠠᠨ ᠲᠣᠭᠤᠷᠢᠭ ᠤᠨ ᠲᠣᠬᠤᠢ ᠶᠢᠨ ᠪᠠᠶᠢᠰᠢᠩ ᠤᠨ ᠡᠷᠡᠭᠦᠯ ᠬᠠᠮᠠᠭᠠᠯᠠᠯ ᠤᠨ ᠬᠤᠷᠢᠶ᠎ᠠ ᠬᠥᠳᠡᠭᠡ ᠲᠣᠰᠬᠤᠨ ᠤ ᠬᠡᠰᠡᠭ ᠭᠡᠷ ᠪᠦᠯᠢ ᠶᠢᠨ ᠡᠮ ᠡᠮᠨᠡᠯᠭᠡ ᠶᠢᠨ ᠵᠠᠷᠤᠳᠠᠯ ᠢ  ᠡᠭᠦᠷᠭᠡᠯᠡᠬᠦ ᠴᠢᠳᠠᠯ ᠦᠭᠡᠢ ᠠᠷᠬᠠᠭ ᠡᠪᠡᠳᠴᠢᠨ ᠲᠠᠢ ᠡᠪᠡᠳᠴᠢᠲᠡᠨ ᠳᠤ ᠰᠠᠷ᠎ᠠ ᠪᠦᠷᠢ ᠲᠣᠭᠲᠠᠮᠠᠯ ᠬᠤᠭᠤᠴᠠᠭ᠎ᠠ ᠲᠠᠢ ᠪᠠᠷ  ᠡᠮᠴᠢᠯᠡᠵᠦ ᠡᠮ  ᠬᠦᠷᠭᠡᠬᠦ ᠪᠠᠷ ᠠᠶᠢᠯᠴᠢᠯᠠᠨ ᠦᠢᠯᠡᠴᠢᠯᠡᠪᠡ᠃      7 ᠰᠠᠷ᠎ᠠ ᠶᠢᠨ16 ᠤ ᠡᠳᠦᠷ ᠠᠴᠠ17 ᠤ ᠡᠳᠦᠷ᠂  ᠸᠠᠩ ᡁᠢ ᠬᠤᠸᠠ᠂ ᠭᠦᠸᠧ ᠬᠤᠩ ᠶᠠᠨ᠂ ᠭᠤᠤ ᠫᠸᠢ ᠫᠸᠢ ᠵᠡᠷᠭᠡ ᠬᠦᠮᠦᠨ ᠢᠶᠠᠷ ᠪᠦᠷᠢᠯᠳᠦᠭᠰᠡᠨ ᠡᠮᠨᠡᠯᠭᠡ ᠶᠢᠨ ᠳᠤᠭᠤᠶᠢᠯᠠᠩ ᠵᠦᠰᠡᠷᠡᠬᠦ ᠪᠤᠷᠤᠭᠠᠨ᠂  ᠵᠠᠮ ᠰᠠᠭᠠᠳ  ᠲᠠᠢ ᠵᠡᠷᠭᠡ ᠬᠦᠴᠢᠷ ᠢ ᠲᠡᠪᠴᠢᠨ᠂ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠤᠨ ᠬᠠᠷᠢᠭᠤᠴᠠᠯᠭᠠᠲᠠᠨ ᠵᠸᠤ ᡁᠢ ᠡᠦ ᠶᠢᠨ ᠳᠠᠭᠠᠭᠤᠯᠭ᠎ᠠ ᠳᠣᠣᠷ᠎ᠠ᠂ 30 ᠭᠠᠷᠤᠶ ᠡᠷᠤᠭᠡ ᠠᠷᠬᠠᠭ ᠡᠪᠡᠳᠴᠢᠲᠡᠨ ᠤ ᠭᠡᠷ ᠲᠤ ᠣᠴᠢᠨ ᠰᠣᠷᠪᠤᠯᠵᠢᠯᠠᠵᠤ᠂ ᠠᠷᠬᠠᠭ ᠡᠪᠡᠳᠴᠢᠨ ᠲᠠᠢ ᠡᠪᠡᠳᠴᠢᠲᠡᠨ ᠳᠤ ᠲᠤᠬᠢᠷᠠᠬᠤ ᠡᠮ ᠢ ᠶᠠᠳᠠᠭᠤ ᠬᠦᠴᠢᠷᠳᠡᠯᠲᠡᠶ ᠬᠥᠮᠦᠰ ᠲᠤ ᠬᠤᠪᠢᠶᠠᠨ ᠦᠭᠴᠦ᠂ ᠡᠮ ᠬᠡᠷᠡᠭᠯᠡᠬᠦ ᠲᠤᠬᠠᠢ ᠨᠠᠷᠢᠨ ᠬᠢᠨᠠᠮᠠᠭᠠᠶ  ᠵᠢᠯᠤᠭᠤᠳᠴᠤ᠂ ᠡᠪᠡᠳᠴᠢᠲᠡᠨ ᠤ ᠠᠰᠠᠭᠤᠯᠲᠠ ᠶᠢ ᠨᠠᠷᠢᠨ ᠬᠢᠨᠠᠮᠠᠭᠠᠢ ᠬᠠᠷᠢᠭᠤᠯᠵᠤ᠂ ᠲᠠᠷᠠᠭᠠᠴᠢ ᠶᠢᠨ ᠠᠯᠬᠤᠮ ᠤᠨ ᠡᠮᠨᠡᠨ ᠵᠠᠰᠠᠬᠤ ᠲᠥᠰᠦᠯ ᠢ ᠵᠢᠯᠤᠭᠤᠳᠤᠨ᠂ ᠪᠢᠴᠢᠬᠠᠨ ᠡᠮ ᠤᠨ ᠬᠠᠶᠢᠷᠴᠠᠭ ᠲᠠᠬᠢ ᠡᠮ ᠪᠠ ᠡᠮᠴᠢᠯᠡᠭᠡᠨ ᠤ ᠭᠠᠷ ᠠᠪᠤᠯᠭ᠎ᠠ ᠶᠢ ᠨᠦᠬᠦᠪᠦᠷᠢᠯᠡᠨ ᠲᠡᠭᠦᠯᠳᠡᠷᠵᠢᠬᠦᠯᠵᠦ᠂ ᠬᠤᠯᠪᠣᠭᠳᠠᠯ ᠪᠦᠬᠦᠢ ᠵᠦᠢᠯ ᠢ ᠨᠠᠷᠢᠨ ᠬᠢᠨᠠᠮᠠᠭᠠᠶ᠂ ᠵᠥᠪ ᠣᠨᠣᠪᠴᠢᠲᠠᠶ ᠲᠡᠮᠳᠡᠭᠯᠡᠯ ᠬᠢᠪᠡ᠃ ᠡᠪᠡᠳᠴᠢᠲᠡᠨ ᠡᠮᠴᠢᠯᠡᠭᠡᠨ ᠤ ᠳᠤᠭᠤᠶᠢᠯᠠᠩ ᠬᠦᠷᠴᠦ ᠢᠷᠡᠭᠰᠡᠨ  ᠳᠤ ᠪᠠᠶᠠᠷᠯᠠᠨ  ᠲᠠᠯᠠᠷᠬᠠᠭᠰᠠᠨ ᠰᠡᠳᠭᠢᠯ ᠢᠶᠠᠨ ᠢᠯᠡᠳᠭᠡᠪᠡ᠃      ᠳᠠᠷᠠᠭᠠᠴᠢ ᠶᠢᠨ ᠠᠯᠬᠤᠮ ᠳᠤ᠂ ᠡᠷᠡᠭᠦᠯ ᠬᠠᠮᠠᠭᠠᠯᠠᠯ ᠤᠨ ᠬᠤᠷᠢᠶ᠎ᠠ  ᠶᠢᠨ ᠡᠮ ᠡᠮᠨᠡᠯᠭᠡ ᠶᠢᠨ ᠪᠦᠯᠬᠦᠮ ᠵᠠᠯᠭᠠᠯᠳᠤᠭ᠎ᠠ ᠪᠠᠷ ᠪᠤᠰᠤᠳ ᠵᠠᠰᠠᠭ ᠵᠠᠬᠢᠷᠭᠠᠨ ᠤ ᠲᠤᠰᠬᠤᠨ ᠤ ᠶᠠᠳᠠᠭᠤ ᠬᠦᠴᠢᠷᠳᠡᠯᠲᠡᠶ ᠭᠡᠷ ᠪᠦᠯᠢ ᠳᠤ ᠠᠷᠬᠠᠭ ᠡᠪᠡᠳᠴᠢᠨ ᠤ ᠡᠮ ᠲᠠᠷᠬᠠᠭᠠᠬᠤ ᠠᠵᠢᠯ ᠢ ᠬᠢᠵᠦ᠂ ᠪᠦᠬᠦ  ᠲᠣᠭᠤᠷᠢᠭ ᠤᠨ  ᠨᠠᠷᠢᠯᠢᠭ ᠤᠨᠤᠴᠠᠲᠠᠢ ᠪᠠᠷ ᠶᠠᠳᠠᠭᠤ ᠶᠢ ᠲᠡᠳᠬᠦᠬᠦ᠂ ᠪᠦᠬᠦ ᠲᠠᠯ᠎ᠠ ᠪᠠᠷ ᠴᠢᠨᠡᠭᠡᠯᠢᠭᠵᠢᠬᠦ ᠶᠢ ᠪᠡᠶᠡᠯᠡᠭᠦᠯᠬᠦ   ᠳᠤ ᠬᠤᠪᠢ ᠨᠡᠮᠡᠷᠢ ᠦᠵᠡᠭᠦᠯᠦᠨ᠎ᠡ᠃
 
ᠢᠷᠡᠯᠲᠡ᠄ ᠢᠤᠢ ᠴᠢᠤᠸᠠᠨ ᠲᠤᠭᠤᠷᠢᠭ ᠤᠨ ᠠᠷᠠᠳ ‍ᠤᠨ‌ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号