ᠴᠢᠩ ᠱᠦᠢ ᠾᠧ ᠰᠢᠶᠠᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠪᠦᠬᠦ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠲᠤᠬᠢᠷᠠᠭᠤᠯᠤᠯᠳᠠ ᠶᠢᠨ ᠬᠤᠷᠠᠯ ᠤᠨ 2018 ᠣᠨ ᠤ 18 ᠳ᠋ᠤᠭᠠᠷ ᠤᠳᠠᠭᠠᠨ ᠤ ᠡᠭᠡᠯᠵᠢᠲᠦ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2018-07-26
     7 ᠳ᠋ᠤᠭᠠᠷ ᠰᠠᠷ᠎ᠠ ᠶᠢᠨ 23 ᠤ ᠡᠳᠦᠷ᠂ ᠴᠢᠩ ᠱᠦᠢ ᠾᠧ ᠰᠢᠶᠠᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠪᠦᠬᠦ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠲᠤᠬᠢᠷᠠᠭᠤᠯᠤᠯᠳᠠ ᠶᠢᠨ ᠬᠤᠷᠠᠯ ᠤᠨ 2018 ᠣᠨ ᠤ 18 ᠳ᠋ᠤᠭᠠᠷ ᠤᠳᠠᠭᠠᠨ ᠤ ᠡᠭᠡᠯᠵᠢᠲᠦ ᠬᠤᠷᠠᠯ ᠬᠤᠷᠠᠯᠳᠤᠪᠠ᠃      ᠶᠦᠨ ᠯᠢᠨ ᠴᠢᠶᠦ᠋ᠩ᠂ ᠺᠠᠩ ᠶᠦᠩ ᠴᠢᠶᠠᠩ᠂ ᠵᠠᠩ ᠮᠢᠨ ᠴᠦᠨ᠂ ᠯᠢᠦ ᠢᠦ ᠼᠦᠨ᠂ ᠶᠠᠩ  ᠳ᠋ᠧ ᠮᠢᠩ᠂ ᠯᠢ ᠯᠢᠦ ᠰᠢᠶᠣᠣ᠂ ᠫᠠᠨ ᠵᠢᠶᠠᠨ ᠵᠢᠶᠦ᠋ᠨ᠂ ᠯᠢ ᠷᠦᠢ ᠵᠢᠶᠦ᠋ᠨ᠂ ᠶᠦᠨ ᠴᠢᠶᠣᠤ ᠳᠠᠩ᠂ ᠯᠢ ᠵᠢᠶᠦ᠋ᠨ ᠵᠡᠷᠭᠡ ᠰᠢᠶᠠᠨ ᠤ ᠤᠳᠤᠷᠢᠳᠤᠯᠭ᠎ᠠ ᠵᠢᠴᠢ ᠰᠢᠶᠠᠨ ᠤ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠤᠳᠤᠷᠢᠳᠬᠤ ᠳᠤᠭᠤᠶᠢᠯᠠᠩ ᠤᠨ ᠡᠯ᠎ᠡ ᠪᠦᠷᠢᠯᠳᠦᠬᠦᠨ ᠨᠢᠭᠡᠴᠡ ᠶᠢᠨ ᠬᠠᠷᠢᠭᠤᠴᠠᠯᠭᠠᠲᠠᠨ᠂ ᠡᠯ᠎ᠡ ᠰᠢᠶᠠᠩ ᠪᠠᠯᠭᠠᠰᠤᠨ ᠤ ᠨᠠᠮ ᠤᠨ ᠬᠤᠷᠢᠶ᠎ᠠ ᠶᠢᠨ ᠱᠦᠵᠢ᠂ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠨᠠᠷ ᠬᠤᠷᠠᠯ ᠳᠤ ᠣᠷᠣᠯᠴᠠᠪᠠ᠃      ᠥᠪᠡᠷᠲᠡᠭᠡᠨ ᠵᠠᠰᠠᠬᠤ ᠣᠷᠣᠨ ᠠᠴᠠ ᠴᠢᠩ ᠱᠦᠢ ᠾᠧ ᠰᠢᠶᠠᠨ ᠳᠤ ᠲᠣᠮᠢᠯᠠᠨ ᠰᠠᠭᠤᠯᠭᠠᠭᠰᠠᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠶᠡᠷᠦᠩᠬᠡᠶ ᠠᠩᠭᠢ ᠶᠢᠨ ᠪᠦᠬᠦ ᠪᠦᠷᠢᠯᠳᠦᠬᠦᠨ᠂ ᠬᠤᠳᠠ ᠠᠴᠠ ᠴᠢᠩ ᠱᠦᠢ ᠾᠧ ᠰᠢᠶᠠᠨ ᠳᠤ ᠲᠣᠮᠢᠯᠠᠨ ᠰᠠᠭᠤᠯᠭᠠᠭᠰᠠᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠰᠢᠮᠳᠠᠭᠤᠯᠤᠨ ᠵᠢᠯᠣᠭᠤᠳᠬᠤ ᠳᠤᠭᠤᠶᠢᠯᠠᠩ ᠤᠨ ᠪᠦᠬᠦ ᠭᠡᠰᠢᠭᠦᠳ ᠤᠷᠢᠯᠭ᠎ᠠ ᠪᠠᠷ ᠬᠤᠷᠠᠯ ᠳᠤ ᠣᠷᠣᠯᠴᠠᠪᠠ᠃      ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ ᠵᠠᠩ ᠺᠧ ᠯᠢᠩ ᠬᠤᠷᠠᠯ ᠢ ᠡᠷᠭᠢᠯᠡᠪᠡ᠃      ᠶᠦᠨ ᠯᠢᠨ ᠴᠢᠶᠦ᠋ᠩ ᠬᠤᠷᠠᠯ ᠳᠡᠭᠡᠷ᠎ᠡ ᠣᠳᠣᠬᠠᠨ ᠤ ᠶᠠᠳᠠᠭᠤ ᠶᠢ ᠲᠡᠳᠬᠦᠬᠦ ᠠᠵᠢᠯ ᠢ ᠰᠠᠶᠢᠲᠤᠷ ᠬᠢᠬᠦ ᠲᠤᠬᠠᠶ ᠴᠢᠬᠤᠯᠠᠴᠢᠯᠠᠭᠰᠠᠨ ᠨᠢ᠂ ᠨᠢᠭᠡ ᠳᠤ ᠠᠮᠵᠢᠯᠲᠠ ᠪᠦᠲᠦᠭᠡᠯ ᠢ ᠨᠤᠲᠠᠯᠠᠵᠤ᠂ ᠠᠰᠠᠭᠤᠳᠠᠯ ᠲᠠᠢ ᠨᠢᠭᠤᠷᠳᠠᠬᠤ ᠬᠡᠷᠡᠭᠲᠡᠢ᠃ 7 ᠳ᠋ᠤᠭᠠᠷ ᠰᠠᠷ᠎ᠠ ᠶᠢᠨ 15 ᠤ ᠡᠳᠦᠷ  —20 ᠤᠨ ᠡᠳᠦᠷ ᠪᠣᠯᠲᠠᠯ᠎ᠠ᠂ ᠬᠤᠲᠠ ᠶᠢᠨ ᠠᠩᠬᠠᠨ ᠤ ᠬᠢᠨᠠᠯᠲᠠ ᠶᠢᠨ ᠳᠤᠭᠤᠶᠢᠯᠠᠩ ᠨᠢ ᠮᠠᠨ ᠤ ᠰᠢᠶᠠᠨ ᠤ ᠥᠪᠡᠷᠲᠡᠭᠡᠨ ᠵᠠᠰᠠᠬᠤ ᠣᠷᠣᠨ ᠤ ᠱᠠᠲᠤᠨ ᠤ ᠶᠠᠳᠠᠭᠤ ᠬᠦᠴᠢᠷᠳᠡᠯᠲᠡᠶ ᠰᠢᠶᠠᠨ ᠤ ᠲᠣᠭᠠᠨ ᠠᠴᠠ ᠭᠠᠷᠭᠠᠬᠤ ᠠᠵᠢᠯ ᠢ ᠪᠦᠬᠦ ᠲᠠᠯ᠎ᠠ ᠪᠠᠷ ᠰᠢᠯᠭᠠᠨ ᠦᠵᠡᠭᠰᠡᠨ ᠪᠥᠭᠡᠳ ᠬᠠᠷᠢᠭᠤ ᠲᠤᠰᠬᠠᠭᠰᠠᠨ ᠰᠠᠨᠠᠯ ᠢ ᠬᠡᠯᠪᠡᠷᠢ ᠪᠠᠷ᠂ ᠮᠠᠨ ᠤ ᠠᠵᠢᠯ ᠢ ᠪᠤᠰᠤᠳᠴᠢ ᠢᠶᠠᠷ ᠦᠨᠡᠯᠡᠭᠰᠡᠨ ᠤ ᠬᠠᠮᠲᠤ ᠠᠵᠢᠯ ᠥᠷᠨᠢᠭᠦᠯᠬᠦ ᠶᠠᠪᠤᠴᠠ ᠳᠠᠬᠢ ᠡᠯ᠎ᠡ ᠰᠢᠶᠠᠩ ᠪᠠᠯᠭᠠᠰᠤᠨ ᠤ ᠠᠵᠤ ᠦᠢᠯᠡᠰ ᠢ ᠬᠥᠭᠵᠢᠭᠦᠯᠬᠦ᠂ ᠲᠣᠰᠬᠤᠨ ᠤ ᠬᠠᠮᠲᠤ ᠶᠢᠨ ᠠᠵᠤ ᠠᠬᠤᠶ᠂ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠵᠡᠷᠭᠡ ᠲᠠᠯ᠎ᠠ ᠪᠠᠷ ᠣᠯᠤᠭᠰᠠᠨ ᠠᠮᠵᠢᠯᠲᠠ ᠶᠢ ᠨᠤᠲᠠᠯᠠᠪᠠ᠃ ᠡᠭᠦᠨ ᠤ ᠬᠠᠮᠲᠤ᠂ ᠬᠤᠲᠠ ᠶᠢᠨ ᠠᠩᠬᠠᠨ ᠤ ᠬᠢᠨᠠᠯᠲᠠ ᠶᠢᠨ ᠳᠤᠭᠤᠶᠢᠯᠠᠩ ᠴᠤ ᠠᠵᠢᠯ ᠤᠨ ᠳᠤᠮᠳᠠᠬᠢ ᠬᠦᠷᠦᠯᠴᠡᠬᠦ ᠦᠭᠡᠢ ᠲᠠᠯ᠎ᠠ ᠶᠢ ᠵᠢᠭᠠᠵᠤ ᠭᠠᠷᠭᠠᠵᠤ᠂ ᠣᠨᠣᠪᠴᠢᠲᠠᠶ ᠰᠠᠨᠠᠯ ᠰᠠᠨᠠᠭᠤᠯᠭ᠎ᠠ ᠳᠤᠷᠠᠳᠤᠭᠰᠠᠨ ᠪᠠᠶᠢᠨ᠎ᠠ᠃ ᠡᠯ᠎ᠡ ᠰᠢᠶᠠᠩ ᠪᠠᠯᠭᠠᠰᠤ᠂ ᠰᠢᠶᠠᠩ ᠳᠤ ᠬᠠᠷᠭᠤᠴᠠᠬᠤ ᠤᠳᠤᠷᠢᠳᠤᠯᠭ᠎ᠠ᠂ ᠠᠵᠢᠯ ᠢ ᠳᠥᠯᠭᠢᠨ ᠠᠬᠢᠭᠤᠯᠬᠤ ᠳᠤᠭᠤᠶᠢᠯᠠᠩ ᠤᠨ ᠳᠠᠷᠤᠭ᠎ᠠ ᠪᠣᠯᠣᠨ ᠰᠢᠶᠠᠩ ᠪᠠᠯᠭᠠᠰᠤᠨ ᠤ ᠬᠠᠷᠢᠭᠤᠴᠠᠯᠭᠠᠲᠠᠳ ᠬᠤᠶᠢᠰᠢᠳᠠ ᠶᠢᠨ ᠠᠵᠢᠯ ᠤᠨ ᠳᠤᠮᠳᠠ᠂ ᠰᠡᠳᠬᠢᠮᠵᠢ ᠲᠣᠳᠣᠷᠬᠠᠶ ᠪᠠᠶᠢᠬᠤ ᠶᠢ ᠴᠠᠭ ᠢᠮᠠᠭᠲᠠ ᠪᠠᠲᠤᠯᠠᠵᠤ᠂ ᠳᠤᠭᠲᠤᠷᠪᠠᠯ ᠬᠦᠴᠦ ᠨᠢᠭᠡᠲᠡᠶ ᠪᠠᠶᠢᠵᠤ᠂ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ  ᠳᠠᠭᠠᠨ ᠨᠠᠷᠢᠨ ᠬᠢᠨᠠᠮᠠᠭᠠᠶ ᠬᠠᠨᠳᠤᠵᠤ᠂ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠬᠡᠷᠡᠭᠲᠡᠶ᠃ ᠬᠤᠶᠠᠷ ᠲᠤ ᠰᠡᠷᠭᠡᠭ ᠪᠠᠶᠢᠬᠤ ᠶᠢ ᠪᠠᠷᠢᠮᠲᠠᠯᠠᠵᠤ᠂ ᠲᠡᠬᠢᠨ ᠴᠡᠭᠴᠡᠯᠡᠵᠤ ᠮᠣᠷᠳᠠᠬᠤ ᠬᠡᠷᠡᠭᠲᠡᠢ᠃ ᠡᠯ᠎ᠡ ᠰᠢᠶᠠᠩ ᠪᠠᠯᠭᠠᠰᠤ᠂ ᠰᠢᠶᠠᠩ ᠳᠤ ᠬᠠᠷᠢᠭᠤᠴᠠᠬᠤ ᠤᠨ ᠤᠳᠤᠷᠢᠳᠤᠯᠭ᠎ᠠ᠂ ᠠᠵᠢᠯ ᠢ ᠳᠥᠯᠭᠢᠨ ᠠᠬᠢᠭᠤᠯᠬᠤ ᠳᠤᠭᠤᠶᠢᠯᠠᠩ ᠤᠨ ᠳᠠᠷᠤᠭ᠎ᠠ ᠨᠠᠷ ᠪᠦᠬᠦ ᠤᠯᠤᠰ᠂ ᠪᠦᠬᠦ ᠣᠷᠣᠨ᠂ ᠪᠥᠬᠦ ᠬᠤᠲᠠ ᠶᠢᠨ ᠡᠯ᠎ᠡ ᠱᠠᠲᠤᠨ ᠤ ᠬᠠᠷᠢᠭᠤ ᠲᠤᠰᠬᠠᠭᠰᠠᠨ ᠠᠰᠠᠭᠤᠳᠠᠯ ᠢ ᠴᠢᠩᠭ᠎ᠠ ᠬᠠᠷᠢᠴᠠᠭᠤᠯᠵᠤ ᠪᠠᠶᠢᠭᠠᠳ ᠴᠡᠭᠴᠡᠯᠡᠨ ᠵᠠᠰᠠᠵᠤ᠂ ᠭᠡᠭᠡᠳᠡᠭᠦᠯᠦᠨ ᠦᠨᠡᠯᠡᠭᠰᠡᠨ᠂ ᠪᠤᠷᠤᠭᠤ ᠦᠨᠡᠯᠡᠭᠰᠡᠨ ᠵᠡᠷᠭᠡ ᠠᠰᠠᠭᠤᠳᠠᠯ ᠢ ᠴᠠᠭ ᠲᠤᠬᠠᠶ ᠳᠤᠨᠢ ᠢᠯᠡᠷᠡᠭᠦᠯᠵᠦ᠂ ᠠᠵᠢᠯ ᠢᠶᠠᠨ ᠯᠠᠪᠳᠠᠭᠤᠨ ᠪᠠᠲᠤᠲᠠᠶ ᠬᠢᠵᠦ᠂ ᠨᠤᠷᠠᠬᠤ ᠠᠶᠤᠯᠲᠠᠶ ᠭᠡᠷ ᠪᠠᠶᠢᠰᠢᠩ᠂ ᠵᠠᠮ᠂ ᠣᠨᠳᠣᠤ ᠭᠠᠵᠠᠷ ᠲᠤ ᠨᠡᠭᠦᠯᠭᠡᠬᠦ᠂ ᠠᠵᠤ ᠦᠢᠯᠡᠰ ᠤᠨ ᠲᠦᠷᠦᠯ ᠵᠦᠢᠯ ᠤᠨ ᠬᠥᠮᠥᠷᠭᠡ ᠪᠣᠯᠣᠨ ᠪᠡᠯᠠ ᠮᠥᠩᠭᠦ ᠶᠢᠨ ᠬᠡᠷᠡᠭᠯᠡᠯᠲᠡ ᠵᠡᠷᠭᠡ ᠬᠦᠴᠢᠷ ᠲᠦᠪᠡᠭᠲᠡᠶ ᠠᠰᠠᠭᠤᠳᠠᠯ ᠳᠤ ᠭᠤᠣᠯᠳᠠᠯᠭ᠎ᠠ ᠲᠠᠢ ᠰᠢᠪᠲᠤᠯᠤᠯᠲᠠ ᠭᠠᠷᠭᠠᠵᠤ᠂ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠳᠠᠭᠰᠢᠷᠠᠭᠤᠯᠵᠤ᠂ ᠠᠰᠠᠭᠤᠳᠠᠯ ᠢ ᠬᠢᠨᠠᠮᠠᠭᠠᠶ ᠵᠢᠭᠰᠠᠭᠠᠨ ᠪᠠᠶᠢᠴᠠᠭᠠᠵᠤ᠂ ᠰᠠᠬᠢᠯᠭ᠎ᠠ ᠪᠠᠲᠤ ᠪᠠᠶᠢᠴᠠᠭᠠᠬᠤ ᠰᠠᠯᠠᠭ᠎ᠠ ᠮᠥᠴᠢᠷ ᠤᠨ ᠬᠢᠨ ᠶᠠᠳᠠᠭᠤ ᠶᠢ ᠲᠡᠳᠬᠦᠬᠦ ᠪᠡᠯᠡ ᠮᠥᠩᠭᠦ᠂ ᠰᠠᠬᠢᠯᠭ᠎ᠠ ᠪᠠᠲᠤ ᠣᠪᠣᠷ ᠰᠤᠷᠲᠠᠯ ᠵᠡᠷᠭᠡ ᠲᠠᠯ᠎ᠠ ᠪᠠᠷ ᠬᠢᠨᠠᠯᠲᠠ ᠲᠠᠯᠪᠢᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠡᠭᠦᠨ ᠤ ᠬᠠᠮᠲᠤ᠂ ᠠᠷᠭ᠎ᠠ ᠪᠠᠨ ᠰᠢᠨ᠎ᠡ ᠶᠢ ᠡᠭᠦᠳᠴᠦ᠂ ᠪᠤᠰᠤᠳ ᠭᠠᠵᠠᠷ ᠣᠷᠣᠨ ᠤ ᠲᠡᠷᠢᠭᠦᠨ ᠤ ᠲᠤᠷᠰᠢᠯᠭ᠎ᠠ ᠠᠷᠭ᠎ᠠ ᠬᠢᠳᠡᠯ ᠢ ᠰᠤᠷᠤᠯᠴᠠᠬᠤ ᠪᠠᠷ ᠳᠠᠮᠵᠢᠭᠤᠯᠤᠨ᠂ ᠲᠤᠰ ᠭᠠᠵᠠᠷ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠮᠠᠨ ᠤ ᠰᠢᠶᠠᠨ ᠤ ᠶᠠᠳᠠᠭᠤ ᠶᠢ ᠲᠡᠳᠬᠦᠬᠦ ᠠᠵᠢᠯ ᠳᠤ ᠲᠣᠬᠢᠷᠠᠬᠤ ᠰᠢᠨ᠎ᠡ ᠠᠷᠭ᠎ᠠ ᠶᠢ ᠰᠦᠪᠡᠭᠴᠢᠯᠡᠬᠦ ᠬᠡᠷᠡᠭᠲᠡᠢ᠃ ᠡᠯ᠎ᠡ ᠨᠢᠭᠡᠴᠡ᠂ ᠡᠯ᠎ᠡ ᠰᠠᠯᠠᠭ᠎ᠠ ᠮᠥᠴᠢᠷ ᠶᠢᠨ ᠬᠢᠨ ᠪᠦᠯᠬᠦᠮᠳᠡᠨ ᠬᠠᠮᠲᠤᠷᠠᠵᠤ᠂ ᠡᠭᠦᠨ ᠤ ᠬᠠᠮᠲᠤ ᠠᠳᠠᠯᠢ ᠴᠢᠭᠯᠡᠯ ᠢᠶᠠᠷ ᠬᠦᠴᠦᠯᠡᠵᠦ᠂ ᠵᠢᠯ ᠤᠨ ᠡᠴᠦᠰ ᠲᠤ ᠨᠢᠭᠡ ᠬᠤᠪᠢ ᠬᠠᠨᠤᠮᠵᠢᠲᠠᠶ ᠰᠢᠯᠭᠠᠯᠲᠠ ᠶᠢᠨ ᠬᠠᠭᠤᠳᠠᠰᠤ ᠲᠤᠰᠢᠶᠠᠬᠤ ᠶᠢ  ᠬᠦᠰᠡᠵᠦ ᠪᠠᠶᠢᠨ᠎ᠠ ᠭᠡᠪᠡ᠃      ᠬᠤᠷᠠᠯ ᠳᠡᠭᠡᠷ᠎ᠡ᠂ ᠰᠢᠶᠠᠨ ᠤ ᠶᠠᠳᠠᠭᠤ ᠶᠢ ᠲᠡᠳᠬᠦᠬᠦ ᠠᠯᠪᠠᠨ ᠬᠡᠷ ᠤᠨ ᠡᠷᠬᠢᠯᠡᠭᠴᠢ ᠵᠢᠶᠠᠩ ᠵᠧᠨ ᠯᠢᠨ ᠠᠴᠠ ᠴᠢᠩ ᠱᠦᠢ ᠾᠧ ᠰᠢᠶᠠᠨ ᠤ ᠬᠤᠳᠠ ᠶᠢᠨ ᠲᠡᠰ ᠤᠨ ᠶᠠᠳᠠᠭᠤ ᠬᠦᠴᠢᠷᠳᠡᠯ ᠲᠠᠢ ᠰᠢᠶᠠᠨ ᠲᠣᠭᠠᠨ ᠠᠴᠠ ᠭᠠᠷᠬᠤ ᠠᠩᠬᠠᠨ ᠤ ᠬᠢᠨᠠᠯᠲᠠ ᠶᠢᠨ ᠳᠤᠭᠤᠶᠢᠯᠠᠩ ᠤᠨ ᠬᠠᠷᠢᠭᠤ ᠲᠤᠰᠬᠠᠭᠰᠠᠨ ᠠᠰᠠᠭᠤᠳᠠᠯ ᠤᠨ ᠲᠤᠬᠠᠢ ᠬᠥᠬᠡᠬᠤᠲᠠ ᠶᠢᠨ ᠬᠥᠳᠡᠭᠡ ᠲᠣᠰᠬᠤᠨ ᠤ ᠠᠵᠢᠯ ᠤᠨ ᠵᠥᠪᠯᠡᠯ ᠤᠨ ᠨᠠᠷᠢᠨ ᠲᠡᠩᠰᠠ ᠢ ᠮᠡᠳᠡᠭᠳᠡᠪᠡ︔ ᠰᠢᠶᠠᠨ ᠤ ᠳᠡᠳ᠋ ᠳᠠᠷᠤᠭ᠎ᠠ ᠯᠢ ᠵᠢᠶᠦ᠋ᠨ ᠠᠴᠠ ︽ᠴᠢᠩ ᠱᠦᠢ ᠾᠧ ᠰᠢᠶᠠᠨ ᠤ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠤᠨ ᠭᠤᠣᠯᠳᠠᠯᠭ᠎ᠠ ᠲᠠᠢ ᠰᠢᠶᠠᠨ ᠤ ᠬᠤᠳᠠ ᠶᠢᠨ ᠳᠡᠰ ᠤᠨ ᠠᠩᠬᠠᠨ ᠤ ᠬᠢᠨᠠᠯᠲᠠ ᠶᠢᠨ ᠳᠤᠭᠤᠶᠢᠯᠠᠩ ᠤᠨ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠲᠥᠰᠦᠯ︾ ᠢ ᠤᠩᠰᠢᠨ ᠨᠡᠶᠢᠲᠡᠯᠡᠪᠡ︔ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠲᠦᠯᠬᠢᠨ ᠠᠬᠢᠭᠤᠯᠬᠤ 16 ᠳᠤᠭᠤᠶᠢᠯᠠᠩ ᠤᠨ ᠳᠠᠷᠤᠭ᠎ᠠ ᠠᠴᠠ ᠡᠯ᠎ᠡ ᠳᠤᠭᠤᠶᠢᠯᠠᠩ ᠤᠨ ᠠᠵᠢᠯ ᠢ ᠠᠬᠢᠭᠤᠯᠤᠭᠰᠠᠨ ᠪᠠᠶᠢᠳᠠᠯ ᠢᠶᠠᠨ ᠳᠣᠰ ᠳᠣᠰ ᠬᠠᠷᠢᠭᠤ ᠮᠡᠳᠡᠭᠦᠯᠵᠡᠶ᠃  
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号