| | | 7 ᠳ᠋ᠤᠭᠠᠷ ᠰᠠᠷ᠎ᠠ ᠶᠢᠨ 25 ᠤ ᠡᠳᠤᠷ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠰᠢᠶᠠᠨ ᠤ | ᠳᠠᠷᠤᠭ᠎ᠠ ᠶᠢᠨ ᠴᠦᠨ ᠯᠢᠶᠠᠩ ᠳ᠋ᠧ ᠱᠧᠩ ᠭᠸᠤ ᠰᠢᠶᠠᠩ ᠳᠤ ᠭᠦᠨᠵᠡᠭᠡᠶᠢᠷᠡᠵᠤ ᠦᠶᠡᠷ ᠤᠰᠠᠳᠤᠯ ᠤᠨ ᠭᠠᠮᠰᠢᠭ ᠤᠨ | ᠪᠠᠶᠢᠳᠠᠯ ᠢ ᠪᠠᠶᠢᠴᠠᠭᠠᠨ ᠦᠵᠡᠪᠡ᠂ ᠰᠢᠶᠠᠨ ᠤ ᠣᠳᠤᠷᠢᠳᠤᠯᠭ᠎ᠠ ᠯᠢᠦ ᠳ᠋ᠦᠩ ᠱᠧᠩ᠂ ᠵᠠᠩ ᠬᠠᠢ ᠲᠣᠣ᠂ ᠸᠠᠩ ᠶᠤᠸᠠᠢ | ᠬᠤᠩ᠂ ᠷᠧᠨ ᠶᠠᠨ ᠰᠢᠶᠠᠩ ᠵᠢᠴᠢ ᠤᠰᠤᠨ ᠤ ᠶᠠᠪᠤᠳᠠᠯ ᠤᠨ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ᠂ | ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠤᠯᠪᠤᠭᠳᠠᠯ ᠪᠦᠬᠦᠢ | ᠬᠠᠷᠢᠭᠤᠴᠠᠯᠭᠠᠲᠠᠨ ᠪᠠᠷ᠎ᠠ ᠪᠤᠯᠪᠠ᠃ | ᠶᠢᠨ ᠴᠦᠨ ᠯᠢᠶᠠᠩ ᠨᠠᠷ ᠤᠷᠢᠳ ᠬᠤᠵᠢᠳ ᠪᠠᠷᠠᠭᠤᠨ ᠲᠤ ᠴᠧᠩ ᠲᠤᠰᠬᠤᠨ᠂ ᠶᠠᠩ ᠸᠠᠨ ᠲᠤᠰᠬᠤᠨ᠂ ᠰᠤ᠋ | ᠵᠢᠶᠠ ᠭᠸᠤ ᠲᠤᠰᠬᠤᠨ᠂ ᠰᠢ ᠶᠣᠣ ᠽᠢ ᠲᠤᠰᠬᠤᠨ ᠪᠠ ᠢᠮᠠᠭᠠᠲᠤ ᠲᠤᠰᠬᠤᠨ ᠤ ᠭᠤᠣᠯ ᠳᠠᠭᠤ ᠶᠢᠨ ᠬᠠᠰᠢᠯᠭ᠎ᠠ᠂ | ᠤᠰᠤ ᠦᠩᠭᠡᠷᠡᠭᠰᠡᠨ ᠵᠠᠮ ᠤᠨ ᠰᠠᠭᠤᠷᠢ ᠶᠢᠨ ᠡᠪᠳᠡᠭᠳᠡᠭᠰᠡᠨ ᠪᠠᠶᠢᠳᠠᠯ ᠵᠢᠴᠢ ᠦᠶᠡᠷ ᠤᠰᠠᠳᠤᠯ ᠤᠨ ᠭᠠᠮᠰᠢᠭ ᠤᠨ | ᠪᠠᠶᠢᠳᠠᠯ ᠢ ᠪᠠᠶᠢᠴᠠᠭᠠᠨ ᠦᠵᠡᠪᠡ᠃ ᠶᠢᠨ ᠴᠦᠨ ᠯᠢᠶᠠᠩ ᠵᠢᠭᠠᠵᠤ ᠭᠠᠷᠭᠠᠭᠰᠠᠨ ᠨᠢ᠂ ᠳ᠋ᠧ ᠱᠧᠩ ᠭᠸᠤ ᠰᠢᠶᠠᠩ ᠵᠢᠴᠢ | ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠬᠢᠨ ᠠᠷᠠᠳ ᠣᠯᠠᠨ ᠤ ᠠᠮᠢ ᠨᠠᠰᠤ ᠡᠳ᠋ ᠬᠥᠷᠦᠩᠭᠡ ᠶᠢᠨ ᠠᠮᠤᠷ | ᠲᠥᠪᠰᠢᠨ ᠢ ᠪᠠᠲᠤᠯᠠᠬᠤ ᠶᠢ ᠲᠡᠷᠢᠭᠦᠨ ᠪᠠᠶᠢᠷᠢᠨ ᠳᠤ ᠲᠠᠯᠪᠢᠵᠤ᠂ ᠳᠠᠷᠤᠢ ᠲᠦᠷᠭᠡᠨ ᠭᠤᠣᠯ ᠤᠨ ᠭᠤᠯᠳᠤᠷᠢᠯ ᠢ | ᠯᠠᠶᠢᠳᠠᠵᠤ᠂ ᠭᠤᠣᠯ ᠳᠠᠭᠤ ᠶᠢᠨ ᠡᠪᠳᠡᠭᠳᠡᠭᠰᠡᠨ ᠬᠥᠭᠦᠷᠭᠡ᠂ ᠤᠰᠤ ᠦᠩᠭᠡᠷᠡᠭᠰᠡᠨ ᠵᠠᠮ ᠤᠨ ᠰᠠᠭᠤᠷᠢ ᠶᠢ ᠴᠠᠭ ᠢ | ᠵᠠᠪᠳᠤᠨ ᠵᠠᠰᠠᠵᠤ ᠬᠠᠮᠠᠭᠠᠯᠠᠵᠤ᠂ ᠡᠭᠦᠰᠦᠮᠡᠯ ᠭᠠᠮᠰᠢᠭ ᠡᠭᠦᠰᠬᠦ ᠦᠭᠡᠢ ᠪᠠᠶᠢᠬᠤ ᠶᠢ ᠪᠠᠲᠤᠯᠠᠵᠤ᠂ ᠭᠠᠮᠰᠢᠭ ᠲᠤ | ᠳᠠᠭᠠᠷᠢᠭᠳᠠᠭᠰᠠᠨ ᠣᠯᠠᠨ ᠲᠥᠮᠡᠨ ᠤ ᠡᠳ᠋ ᠬᠥᠷᠦᠩᠭᠡ ᠶᠢᠨ ᠬᠤᠬᠢᠷᠠᠯ ᠢ ᠬᠠᠮᠤᠭ ᠪᠠᠭ᠎ᠠ ᠬᠡᠮᠵᠢᠶᠡᠨ ᠳᠤ ᠬᠦᠷᠭᠡᠬᠦ | ᠬᠡᠷᠡᠭᠲᠠᠢ︔ ᠡᠭᠦᠨ ᠤ ᠬᠠᠮᠲᠤ ᠭᠠᠮᠰᠢᠭ ᠤᠨ ᠪᠦᠷᠢᠳᠬᠡᠨ ᠳᠠᠩᠰᠠᠯᠠᠬᠤ ᠪᠠ ᠭᠠᠮᠰᠢᠭ ᠤᠨ ᠪᠠᠶᠢᠳᠠᠯ ᠢ ᠳᠡᠭᠡᠭᠰᠢ | ᠮᠡᠳᠡᠭᠦᠯᠬᠦ ᠠᠵᠢᠯ ᠢ ᠰᠠᠶᠢᠨ ᠬᠢᠵᠤ᠂ ᠭᠠᠮᠰᠢᠭ ᠲᠤ ᠳᠠᠭᠠᠷᠢᠭᠳᠠᠭᠰᠠᠨ ᠣᠯᠠᠨ ᠲᠥᠮᠡᠨ ᠢ ᠬᠠᠪᠰᠤᠷᠴᠤ ᠬᠦᠴᠢᠷ ᠢ | ᠲᠤᠭᠤᠯᠬᠤ ᠬᠡᠷᠡᠭᠲᠠᠢ ᠭᠡᠪᠡ᠃ | ᠣᠶᠢᠯᠭᠠᠭᠰᠠᠨ ᠢᠶᠠᠷ᠂ 7 ᠳ᠋ᠤᠭᠠᠷ ᠰᠠᠷ᠎ᠠ ᠶᠢᠨ 23 ᠤ ᠡᠳᠤᠷ — 24 ᠤ ᠡᠳᠤᠷ ᠪᠣᠯᠲᠠᠯ᠎ᠠ᠂ ᠮᠠᠨ ᠤ | ᠰᠢᠶᠠᠨ ᠳᠤ ᠨᠡᠶᠢᠳᠡᠮ ᠶᠡᠭᠡ ᠪᠣᠷᠤᠭᠠᠨ ᠣᠷᠤᠵᠤ᠂ ᠡᠭᠦᠨ ᠤ ᠳᠣᠲᠤᠷ᠎ᠠ ᠳ᠋ᠧ ᠱᠧᠩ ᠭᠸᠤ ᠰᠢᠶᠠᠩ ᠤᠨ ᠲᠤᠨᠳᠠᠰᠤᠨ ᠤ | ᠬᠡᠮᠵᠢᠶ᠎ᠡ ᠬᠠᠮᠤᠭ ᠶᠡᠭᠡ᠂ ᠴᠠᠭ ᠠᠭᠤᠷ ᠤᠨ ᠰᠠᠯᠠᠭ᠎ᠠ ᠮᠦᠴᠢᠷ ᠤᠨ ᠪᠦᠷᠢᠳᠬᠡᠭᠰᠡᠨ ᠢᠶᠠᠷ᠂ ᠶᠡᠷᠦᠩᠬᠡᠢ ᠲᠤᠨᠳᠠᠰᠤᠨ ᠤ | ᠬᠡᠮᠵᠢᠶ᠎ᠡ 66.1 ᠮᠢᠯᠢᠮᠧᠲᠷ ᠬᠦᠷᠦᠭᠰᠡᠨ ᠪᠠᠶᠢᠨ᠎ᠠ᠃ ᠪᠣᠷᠤᠭᠠᠯᠠᠭᠰᠠᠨᠡᠴᠠ ᠪᠣᠯᠵᠤ ᠬᠡᠰᠡᠭ ᠲᠠᠷᠢᠶᠠᠨ ᠭᠠᠵᠠᠷ ᠤᠨ | ᠬᠠᠰᠢᠯᠭ᠎ᠠ᠂ ᠵᠠᠮ ᠤᠨ ᠰᠠᠭᠤᠷᠢ ᠡᠪᠳᠡᠭᠳᠡᠭᠰᠡᠨ ᠪᠠᠶᠢᠨ᠎ᠠ᠃ |