ᠤᠯᠤᠰ ᠤᠨ ᠦᠮᠴᠢᠯᠡᠯᠲᠤ ᠠᠵᠤ ᠠᠬᠤᠶᠢᠯᠠᠯ ᠤᠨ ᠬᠤᠯᠢᠮᠠᠭ ᠥᠮᠴᠢᠯᠡᠯ ᠤᠨ ᠠᠵᠤ ᠠᠬᠤᠶ ᠶᠢᠨ ᠬᠦᠭᠵᠢᠯᠲᠡ ᠶᠢ ᠠᠬᠢᠭᠤᠯᠬᠤ ᠲᠤᠬᠠᠶ ᠬᠥᠬᠡᠬᠤᠲᠠ ᠶᠢᠨ ᠠᠷᠠᠳ ‍ᠤᠨ‌ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ
ᠨᠡᠶᠢᠲᠡᠯᠡᠭᠰᠡᠨ ᠴᠠᠭ᠄
2018/7/26
               ᠬᠥᠬᠡᠬᠤᠲᠠ ᠵᠠᠰᠠᠭ ᠲᠠᠷᠬᠠᠭᠠᠭᠰᠠᠨ ﹇2018﹈19 ᠳ᠋ᠦ᠋ᠭᠡᠷ ᠲᠣᠭᠠᠲᠤ                2018ᠤᠨ ᠤ 4 ᠰᠠᠷ᠎ᠠ ᠶᠢᠨ 8 ᠤ ᠡᠳᠦᠷᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠳᠠ ᠶᠢᠨ ᠡᠯ᠎ᠡ ᠵᠥᠪᠯᠡᠯ᠂ ᠠᠯᠪᠠᠨ ᠭᠡᠷ᠂ ᠲᠣᠪᠴᠢᠶ᠎ᠠ᠂ ᠡᠯ᠎ᠡ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ᠄      ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ︽ᠤᠯᠤᠰ ᠤᠨ ᠦᠮᠴᠢᠯᠡᠯᠲᠤ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠵᠢᠯᠣᠭᠤᠳᠬᠤ ᠲᠤᠬᠠᠶ ᠰᠠᠨᠠᠯ︾  ︵ᠲᠥᠪ ᠲᠠᠷᠬᠠᠭᠠᠭᠰᠠᠨ ﹇2015﹈ 22 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠤᠲᠠ ᠶᠢᠨ ᠬᠠᠷᠢᠶ᠎ᠠ ᠤᠯᠤᠰ ᠤᠨ ᠦᠮᠴᠢᠯᠡᠯᠲᠤ ᠠᠵᠤ ᠠᠬᠤᠶᠢᠯᠠᠯ ᠤᠨ ᠬᠤᠯᠢᠮᠠᠭ ᠥᠮᠴᠢᠯᠡᠯ ᠤᠨ ᠳᠦᠷᠢᠮ ᠤᠨ ᠥᠭᠡᠷᠡᠴᠢᠯᠡᠯᠲᠡ ᠶᠢ ᠢᠳᠡᠪᠬᠢᠲᠡᠶ ᠪᠠᠷ ᠲᠦᠯᠬᠢᠨ ᠠᠬᠢᠭᠤᠯᠵᠤ᠂ ᠡᠯ᠎ᠡ ᠵᠦᠢᠯ ‍ᠤᠨ‌ᠦᠮᠴᠢᠯᠡᠯᠲᠤ ᠠᠵᠤ ᠠᠬᠤᠶ ᠶᠢ ᠬᠠᠮᠲᠤ ᠪᠠᠷ ᠬᠦᠭᠵᠢᠭᠦᠯᠵᠦ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠬᠤᠯᠢᠮᠠᠭ ᠥᠮᠴᠢᠯᠡᠯ ᠤᠨ ᠠᠵᠤ ᠠᠬᠤᠶ ᠶᠢ ᠬᠥᠭᠵᠢᠭᠦᠯᠬᠦ ᠲᠤᠬᠠᠶ ᠰᠠᠨᠠᠯ︾ ︵ᠣᠯᠣᠰ ᠲᠠᠷᠬᠠᠭᠠᠭᠰᠠᠨ ﹇2015﹈ 54  ᠳ᠋ᠦ᠋ᠭᠡᠷ ᠲᠣᠭᠠᠲᠤ︶ ᠪᠣᠯᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ‍ᠤᠨ‌ᠣᠷᠳᠣᠨ ᠤ ︽ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠬᠤᠯᠢᠮᠠᠭ ᠥᠮᠴᠢᠯᠡᠯ ᠤᠨ ᠠᠵᠤ ᠠᠬᠤᠶ ᠶᠢ ᠬᠥᠭᠵᠢᠭᠦᠯᠬᠦ ᠲᠤᠬᠠᠶ ᠬᠡᠷᠡᠭᠵᠢᠭᠦᠯᠬᠦ ᠰᠠᠨᠠᠯ︾ ︵ᠥᠪᠥᠷ ᠵᠠᠰᠠᠭ ᠲᠠᠷᠬᠠᠭᠠᠭᠰᠠᠨ ﹇2015﹈ 139 ᠳ᠋ᠦ᠋ᠭᠡᠷ ᠲᠣᠭᠠᠲᠤ︶  ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠲᠠᠢ ᠤᠶᠠᠯᠳᠤᠭᠤᠯᠤᠨ᠂ ᠬᠥᠬᠡᠬᠤᠲᠠ ᠶᠢᠨ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠪᠣᠳᠠᠲᠣ ᠪᠠᠶᠢᠳᠠᠯ ᠢ ᠦᠨᠳᠦᠰᠦᠯᠠᠨ ᠳᠣᠣᠷᠠᠬᠢ ᠬᠡᠷᠡᠭᠵᠢᠭᠦᠯᠬᠦ ᠰᠠᠨᠠᠯ ᠢ ᠲᠣᠭᠲᠠᠭᠠᠪᠠ᠃      ᠨᠢᠭᠡ᠂ ᠶᠡᠷᠦᠩᠬᠡᠶ ᠱᠠᠭᠠᠷᠳᠠᠯᠭ᠎ᠠ      ︵ᠨᠢᠭᠡ︶ ᠵᠢᠯᠣᠭᠤᠳᠬᠤ ᠦᠵᠡᠯ ᠰᠠᠨᠠᠭ᠎ᠠ      ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠰᠢ ᠵᠢᠨ‌‍ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠨᠠᠶᠢᠳᠠᠪᠤᠷᠢᠵᠢᠭᠤᠯᠵᠤ᠂ ᠤᠯᠤᠰ ᠤᠨ᠂ ᠥᠪᠡᠷᠲᠡᠭᠡᠨ ᠵᠠᠰᠠᠬᠤ ᠣᠷᠣᠨ ᠤ ᠪᠣᠯᠤᠨ ᠬᠥᠬᠡᠬᠤᠲᠠ ᠶᠢᠨ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠪᠠᠶᠢᠷᠢᠯᠠᠭᠤᠯᠤᠯᠲᠠ ᠪᠠᠷ ᠬᠤᠲᠠ ᠶᠢᠨ ᠬᠠᠷᠢᠶ᠎ᠠ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠬᠤᠯᠢᠮᠠᠭ ᠥᠮᠴᠢᠯᠡᠯ ᠤᠨ ᠳᠦᠷᠢᠮ ᠤᠨ ᠥᠭᠡᠷᠡᠴᠢᠯᠡᠯᠲᠡ ᠶᠢ ᠠᠬᠢᠭᠤᠯᠣᠨ᠂ ᠤᠯᠤᠰ ᠤᠨ ᠦᠮᠴᠢᠯᠡᠯᠲᠦ ᠬᠦᠷᠦᠩᠭᠡ᠂ ᠬᠠᠮᠲᠤ ᠶᠢᠨ ᠦᠮᠴᠢᠯᠡᠯᠲᠦ ᠬᠦᠷᠦᠩᠭᠡ᠂ ᠨᠡᠶᠢᠲᠡ ᠶᠢᠨ ᠦᠮᠴᠢᠯᠡᠯᠲᠦ ᠪᠤᠰᠤ ᠬᠦᠷᠦᠩᠭᠡ ᠵᠡᠷᠭᠡ ᠰᠣᠯᠪᠢᠴᠠᠨ ᠬᠤᠪᠢᠴᠠᠭ᠎ᠠ ᠡᠵᠡᠮᠳᠡᠭᠰᠡᠨ᠂ ᠬᠠᠷᠢᠯᠴᠠᠨ ᠠᠭᠤᠰᠣᠯᠴᠠᠭᠰᠠᠨ ᠬᠤᠯᠢᠮᠠᠭ ᠥᠮᠴᠢᠯᠡᠯ ᠤᠨ ᠠᠵᠤ ᠠᠬᠤᠶ ᠶᠢ ᠬᠥᠭᠵᠢᠭᠦᠯᠵᠦ᠂ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠤᠲᠤ ᠦᠶ᠎ᠡ ᠶᠢᠨ ᠠᠵᠤ ᠠᠬᠤᠶᠢᠯᠠᠯ ᠤᠨ ᠲᠦᠷᠢᠮ ᠢ ᠲᠡᠭᠦᠯᠳᠡᠷᠵᠢᠭᠦᠯᠵᠦ᠂ ᠬᠠᠤᠯᠢ ᠶᠢᠨ ᠡᠷᠬᠡᠲᠡᠨ ᠤ ᠬᠠᠮᠢᠶᠠᠷᠤᠯᠲᠠ ᠶᠢ ᠲᠡᠭᠦᠯᠳᠡᠷᠵᠢᠭᠦᠯᠵᠦ᠂ ᠤᠯᠤᠰ ᠤᠨ ᠦᠮᠴᠢᠯᠡᠯᠲᠦ ᠬᠥᠷᠦᠩᠭᠡ ᠶᠢᠨ ᠲᠤᠬᠢᠷᠠᠭᠤᠯᠤᠯᠲᠠ ᠪᠠ ᠠᠵᠢᠯᠯᠠᠭᠠᠨ ᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠤᠯᠤᠰ ᠤᠨ ᠦᠮᠴᠢᠯᠡᠯᠲᠦ  ᠠᠵᠤ ᠠᠬᠤᠶ ᠶᠢᠨ ᠪᠦᠲᠣᠴᠡ ᠢ ᠰᠢᠯᠢᠳᠡᠭᠵᠢᠭᠦᠯᠵᠦ᠂ ᠤᠯᠤᠰ ᠤᠨ ᠦᠮᠴᠢᠯᠡᠯᠲᠦ ᠠᠵᠤ ᠠᠬᠤᠶ ᠶᠢᠨ ᠠᠮᠢᠳᠤᠯᠢᠭ ᠬᠦᠴᠦᠨ᠂ ᠡᠵᠡᠮᠳᠡᠬᠦ ᠬᠦᠴᠦ᠂ ᠨᠥᠯᠥᠭᠡᠯᠡᠬᠦ ᠬᠦᠴᠦᠨ ᠪᠠ ᠠᠶᠤᠯ ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠶᠢ ᠳᠡᠭᠡᠭᠰᠢᠯᠡᠭᠦᠯᠥᠨ᠂ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠡᠵᠡᠩᠨᠡᠬᠦ ᠲᠣᠭᠲᠠᠴᠠ ᠶᠢ ᠬᠤᠪᠢᠷᠠᠭᠤᠯᠬᠤ ᠶᠢ ᠠᠬᠢᠭᠤᠯᠵᠤ᠂ ᠤᠯᠤᠰ ‍ᠤᠨ‌ᠦᠮᠴᠢᠯᠡᠯᠲᠦ ᠬᠥᠷᠦᠩᠭᠡ ᠶᠢᠨ ᠴᠢᠳᠠᠮᠵᠢ ᠶᠢ ᠴᠢᠩᠭᠠᠳᠬᠠᠵᠤ᠂ ᠤᠯᠤᠰ ᠤᠨ ᠦᠮᠴᠢᠯᠡᠯᠲᠦ ᠬᠦᠷᠦᠩᠭᠡ ᠶᠢᠨ ᠦᠷᠳᠡᠭ ᠢ ᠪᠠᠲᠤᠯᠠᠨ ᠦᠷᠳᠡᠭ ᠢ ᠨᠡᠮᠡᠭᠳᠡᠭᠦᠯᠬᠦ ᠶᠢ ᠪᠡᠶᠡᠯᠡᠭᠦᠯᠵᠦ᠂ ᠡᠯ᠎ᠡ ᠲᠦᠷᠦᠯ ‍ᠦᠨ‌ᠦᠮᠴᠢᠯᠡᠯᠲᠦ ᠬᠦᠷᠦᠩᠭᠡ ᠶᠢᠨ ᠳᠠᠪᠠᠭᠤᠯᠢᠭ ᠢ ᠪᠠᠳᠠᠷᠠᠭᠤᠯᠵᠤ ᠳᠤᠲᠠᠭᠳᠠᠯ ᠢᠶᠠᠨ ᠨᠥᠬᠦᠪᠥᠷᠢᠯᠡᠨ᠂ ᠬᠠᠷᠢᠯᠴᠠᠨ ᠠᠬᠢᠭᠤᠯᠵᠤ ᠬᠠᠮᠲᠤ ᠪᠠᠷ ᠬᠥᠭᠵᠢᠬᠦ ᠶᠢ ᠪᠡᠶᠡᠯᠡᠭᠦᠯᠦᠨ᠎ᠡ᠃      ︵ᠬᠤᠶᠠᠷ︶ ᠦᠨᠳᠦᠰᠦᠨ ᠵᠠᠷᠴᠢᠮ      ᠵᠠᠰᠠᠭ ᠤᠨ ᠣᠷᠳᠣᠨ ᠠᠴᠠ ᠬᠥᠲᠥᠯᠥᠨ ᠵᠢᠯᠣᠭᠤᠳᠴᠤ᠂ ᠵᠠᠬ᠎ᠠ ᠳᠡᠯᠭᠡᠭᠦᠷ ᠢᠶᠠᠷ ᠠᠵᠢᠯᠯᠠᠭᠤᠯᠤᠨ᠎ᠠ᠃ ᠵᠠᠬ᠎ᠠ ᠳᠡᠯᠭᠡᠭᠦᠷ ᠤᠨ ᠠᠵᠤ ᠠᠬᠤᠶ ᠶᠢᠨ ᠵᠢᠮ᠎ᠡ ᠶᠣᠰᠣ ᠪᠠ ᠠᠵᠤ ᠠᠬᠤᠶᠢᠯᠠᠯ ᠤᠨ ᠬᠥᠭᠵᠢᠯᠲᠡ ᠶᠢᠨ ᠵᠢᠮ᠎ᠡ ᠶᠣᠰᠣ ᠶᠢ ᠬᠦᠨᠳᠦᠳᠭᠡᠵᠦ᠂ ᠠᠵᠤ ᠠᠬᠤᠶᠢᠯᠠᠯ ᠢᠶᠠᠷ ᠪᠡᠶᠡᠴᠢ ᠴᠣᠭᠴᠠ ᠪᠣᠯᠭᠠᠨ ᠵᠠᠬ᠎ᠠ ᠳᠡᠯᠭᠡᠭᠦᠷ ᠤᠨ ᠲᠣᠭᠲᠠᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠪᠡᠯᠡ ᠣᠷᠣᠭᠤᠯᠤᠯᠲᠠ ᠪᠣᠯᠣᠨ ᠲᠣᠭᠲᠠᠴᠠ ᠪᠠᠨ ᠬᠤᠪᠢᠷᠠᠭᠤᠯᠬᠤ ᠶᠢ ᠤᠶᠠᠯᠳᠤᠭᠤᠯᠵᠤ᠂  ᠥᠮᠴᠢᠯᠡᠬᠦ ᠡᠷᠬᠡ ᠶᠢ ᠤᠯᠠᠨ ᠡᠰᠢᠵᠢᠬᠦᠯᠬᠦ ᠪᠠ ᠬᠠᠤᠯᠢ ᠶᠢᠨ ᠡᠷᠬᠡᠲᠡᠨ ᠤ ᠬᠠᠮᠢᠶᠠᠷᠤᠯᠲᠠ ᠶᠢᠨ ᠪᠦᠲᠦᠴᠡ ᠶᠢ ᠤᠶᠠᠯᠳᠤᠭᠤᠯᠵᠤ᠂ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠬᠤᠯᠢᠮᠠᠭ ᠥᠮᠴᠢᠯᠡᠯ ᠤᠨ ᠳᠦᠷᠢᠮ ᠤᠨ ᠥᠭᠡᠷᠡᠴᠢᠯᠡᠯᠲᠡ‌‍ᠶᠢᠨ ᠪᠦᠲᠦᠮᠵᠢᠲᠡᠶ ᠠᠷᠭ᠎ᠠ ᠵᠠᠮ ᠶᠢ ᠬᠠᠶᠢᠨ ᠰᠦᠪᠡᠭᠴᠢᠯᠡᠨ᠎ᠡ᠃      ᠲᠦᠷᠢᠮ ᠲᠣᠭᠲᠠᠭᠠᠯ ᠢ ᠲᠡᠭᠦᠯᠳᠡᠷᠵᠢᠭᠦᠯᠵᠦ᠂ ᠥᠮᠴᠢᠯᠡᠯ ᠤᠨ ᠡᠷᠬᠡ ᠶᠢ ᠬᠠᠮᠠᠭᠠᠯᠠᠨ᠎ᠠ᠃ ᠥᠮᠴᠢᠯᠡᠯ ᠤᠨ ᠡᠷᠬᠡ ᠶᠢ ᠬᠠᠮᠠᠭᠠᠯᠠᠬᠤ᠂ ᠭᠡᠷ᠎ᠡ ᠶᠢ ᠬᠠᠮᠠᠭᠠᠯᠠᠬᠤ᠂ ᠵᠠᠬ᠎ᠠ ᠳᠡᠯᠭᠡᠭᠦᠷ ᠢ ᠨᠢᠭᠡᠳᠭᠡᠬᠦ᠂ ᠡᠷᠬᠡ ᠲᠡᠭᠰᠢ ᠰᠣᠯᠢᠯᠴᠠᠭ᠎ᠠ  ᠂ ᠭᠤᠣᠯᠴᠢ ᠥᠷᠢᠰᠥᠯᠳᠦᠭᠡᠨ᠂ ᠪᠦᠲᠦᠮᠵᠢᠲᠡᠶ ᠪᠠᠷ ᠬᠢᠨᠠᠨ ᠬᠠᠮᠢᠶᠠᠷᠬᠤ ᠪᠠᠷ ᠦᠨᠳᠦᠰᠦᠨ ᠤᠳᠤᠷᠢᠳᠤᠮᠵᠢ ᠪᠣᠯᠭᠠᠵᠤ᠂ ᠬᠤᠯᠢᠮᠠᠭ ᠦᠮᠴᠢᠯᠡᠯᠲᠦ ᠠᠵᠤ ᠠᠬᠤᠶᠢᠯᠠᠯ ᠤᠨ ᠡᠯ᠎ᠡ ᠲᠥᠷᠥᠯ ᠤᠨ ᠪᠡᠯᠡ ᠣᠷᠣᠭᠤᠯᠤᠭᠰᠠᠨ ᠬᠥᠮᠥᠨ ᠤ ᠥᠮᠴᠢᠯᠡᠬᠦ ᠡᠷᠬᠡ ᠶᠢᠨ ᠡᠷᠬᠡ ᠠᠰᠢᠭ ᠢ ᠦᠨᠡᠨᠬᠦ ᠬᠠᠮᠠᠭᠠᠯᠠᠵᠤ᠂ ᠡᠯ᠎ᠡ ᠲᠥᠷᠥᠯ ᠤᠨ ᠬᠥᠷᠥᠩᠭᠡ ᠶᠢᠨ ᠬᠤᠯᠢᠮᠠᠭ ᠦᠮᠴᠢᠯᠡᠯᠲᠦ ᠠᠵᠤ ᠠᠬᠤᠶ ᠶᠢ ᠬᠥᠭᠵᠢᠭᠦᠯᠬᠦ  ᠳᠤ ᠣᠷᠣᠯᠴᠠᠬᠤ ᠢᠳᠡᠪᠬᠢᠵᠢᠯ ᠢ ᠳᠠᠶᠢᠴᠢᠯᠠᠬᠤ ᠬᠡᠷᠡᠭᠲᠡᠶ᠃      ᠠᠯᠬᠤᠮ ᠳᠠᠷᠠᠭ᠎ᠠ ᠶᠢ ᠴᠢᠩᠭ᠎ᠠ ᠵᠢᠷᠣᠮᠵᠢᠭᠤᠯᠵᠤ᠂ ᠠᠵᠢᠯᠯᠠᠭ᠎ᠠ ᠪᠠᠨ ᠳᠦᠷᠢᠮᠵᠢᠭᠦᠯᠦᠨ᠎ᠡ᠃ ᠬᠠᠤᠯᠢ ᠲᠣᠭᠲᠠᠭᠠᠯ ᠢ ᠵᠢᠷᠤᠮᠯᠠᠨ ᠰᠠᠬᠢᠵᠤ᠂ ᠤᠯᠤᠰ ᠤᠨ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠦᠮᠴᠢᠯᠡᠯᠲᠦ ᠡᠳ᠋ ᠬᠦᠷᠦᠩᠭᠡ ᠶᠢ ᠠᠷᠠᠯᠵᠢᠶᠠᠯᠠᠬᠤ ᠳᠦᠷᠢᠮ ᠢ ᠵᠢᠷᠤᠮᠯᠠᠵᠤ᠂ ᠤᠯᠤᠰ ᠤᠨ ᠦᠮᠴᠢᠯᠡᠯᠲᠦ ᠡᠳ᠋ ᠬᠦᠷᠦᠩᠭᠡ ᠶᠢᠨ ᠦᠷᠳᠡᠭ ᠢ ᠰᠢᠨᠵᠢᠯᠡᠬᠦ ᠤᠬᠠᠭᠠᠨᠴᠢ ᠪᠠᠷ ᠦᠨᠡᠯᠡᠨ ᠵᠢᠱᠢᠵᠦ᠂ ᠲᠦᠷᠢᠮ ᠢ ᠢᠯᠡ ᠪᠣᠯᠭᠠᠬᠤ᠂ ᠶᠠᠪᠤᠴᠠ ᠶᠢ ᠢᠯᠡ ᠪᠣᠯᠭᠠᠬᠤ᠂ ᠦᠷ᠎ᠡ ᠳ᠋ᠦᠩ ᠢ ᠢᠯᠡ ᠪᠣᠯᠭᠠᠬᠤ ᠶᠢ ᠦᠨᠡᠨᠬᠦ ᠪᠡᠶᠡᠯᠡᠭᠦᠯᠦᠨ᠎ᠡ᠃ ᠠᠷᠠᠯᠵᠢᠶᠠᠯᠠᠬᠤ ᠪᠡᠶᠡᠴᠢ ᠴᠣᠭᠴᠠ ᠪᠠ ᠠᠷᠠᠯᠵᠢᠶᠠᠯᠠᠬᠤ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠳᠠᠯᠳᠠᠭᠤᠷ ᠰᠢᠢᠳᠬᠦ᠂ ᠳᠣᠣᠷ᠎ᠠ ᠦᠨ᠎ᠡ ᠪᠠᠷ ᠬᠢᠮᠳᠠ ᠪᠠᠷ ᠬᠤᠳᠠᠯᠳᠤᠬᠤ᠂ ᠠᠰᠢᠭ ᠲᠤᠰᠠ ᠳᠠᠮᠵᠢᠭᠤᠯᠤᠨ ᠬᠦᠷᠭᠡᠬᠦ᠂ ᠨᠡᠶᠢᠲᠡ ᠶᠢᠨ ᠬᠢ ᠶᠢ ᠬᠤᠪᠢᠨ ᠤ ᠪᠠᠨ ᠪᠣᠯᠭᠠᠬᠤ᠂ ᠥᠷᠢ ᠠᠴᠠ ᠵᠠᠶᠢᠯᠠᠬᠤ  ᠵᠡᠷᠭᠡ ᠶᠢ ᠰᠡᠷᠭᠡᠶᠢᠯᠡᠨ ᠤᠯᠤᠰ ᠤᠨ ᠦᠮᠴᠢᠯᠡᠯᠲᠦ ᠡᠳ᠋ ᠬᠦᠷᠦᠩᠭᠡ ᠶᠢᠨ ᠠᠯᠳᠠᠭᠳᠠᠬᠤ ᠶᠢ ᠬᠤᠷᠢᠭᠯᠠᠨ᠎ᠠ᠃      ᠲᠣᠬᠢᠷᠠᠮᠵᠢᠲᠠᠢ ᠶᠢ ᠨᠢ ᠦᠭᠡᠷᠡᠴᠢᠯᠡᠵᠦ᠂ ᠯᠠᠪᠳᠠᠭᠤᠨ ᠢᠶᠠᠷ ᠲᠦᠯᠬᠢᠨ ᠠᠬᠢᠭᠤᠯᠤᠨ᠎ᠠ᠃ ᠬᠤᠯᠢᠮᠠᠭ ᠥᠮᠴᠢᠯᠡᠯ ᠤᠨ ᠳᠦᠷᠢᠮ ᠢ ᠨᠢᠭᠡᠨᠲᠡ ᠬᠡᠷᠡᠭᠵᠢᠭᠦᠯᠦᠭᠰᠡᠨ ᠤᠯᠤᠰ ᠤᠨ ᠦᠮᠴᠢᠯᠡᠯᠲᠤ ᠠᠵᠤ ᠠᠬᠤᠶᠢᠯᠠᠯ ᠳᠤ ᠤᠳᠤ ᠦᠶ᠎ᠡ ᠶᠢᠨ ᠠᠵᠤ ᠠᠬᠤᠶᠢᠯᠠᠯ ᠤᠨ ᠲᠦᠷᠢᠮ ᠢ ᠲᠡᠭᠦᠯᠳᠡᠷᠵᠢᠭᠦᠯᠬᠦ᠂ ᠬᠦᠷᠦᠩᠭᠡ ᠶᠢᠨ ᠠᠵᠢᠯᠯᠠᠭᠠᠨ ᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠳᠤ ᠬᠦᠴᠦ ᠲᠠᠯᠪᠢᠨ᠎ᠠ᠃ ᠬᠤᠯᠢᠮᠠᠭ ᠥᠮᠴᠢᠯᠡᠯ ᠤᠨ ᠳᠦᠷᠢᠮ ‍ᠦᠨ‌ᠥᠭᠡᠷᠡᠴᠢᠯᠡᠯᠲᠡ ᠳᠤ ᠳᠤᠬᠢᠷᠠᠬᠤ ᠤᠯᠤᠰ ‍ᠤᠨ‌ᠦᠮᠴᠢᠯᠡᠯᠲᠤ ᠠᠵᠤ ᠠᠬᠤᠶᠢᠯᠠᠯ ᠵᠠᠬ᠎ᠠ ᠳᠡᠯᠭᠡᠭᠦᠷ ᠤᠨ ᠲᠣᠭᠲᠠᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠲᠥᠷᠥ ᠶᠢᠨ ᠪᠣᠳᠣᠯᠭ᠎ᠠ ᠶᠢ ᠭᠠᠵᠠᠷ ᠣᠷᠣᠨ ᠳᠤ ᠨᠢ᠂ ᠠᠵᠢᠯ ᠦᠢᠯᠡᠰ ᠲᠤ ᠨᠢ ᠂ ᠠᠵᠤ ᠠᠬᠤᠶᠢᠯᠠᠯ ᠳᠤ ᠨᠢ ᠲᠣᠬᠢᠷᠠᠭᠤᠯᠤᠨ ᠬᠡᠷᠡᠭᠵᠢᠭᠦᠯᠵᠦ᠂ ᠣᠯᠣᠰ ᠤᠨ ᠦᠮᠴᠢᠯᠡᠯᠲᠦ ᠠᠵᠦ ᠠᠬᠤᠶᠢᠯᠠᠯ ᠭᠠᠭᠴᠠᠭᠠᠷ ᠡᠵᠡᠮᠰᠢᠬᠦ ᠳᠤ ᠲᠣᠬᠢᠷᠠᠪᠠᠯ ᠭᠠᠭᠴᠠᠭᠠᠷ ᠡᠵᠠᠮᠰᠢᠵᠦ᠂ ᠬᠤᠪᠢᠴᠠᠭ᠎ᠠ ᠡᠵᠡᠮᠳᠡᠬᠦ ᠳᠤ ᠲᠣᠬᠢᠷᠠᠪᠠᠯ ᠬᠤᠪᠢᠴᠠᠭ᠎ᠠ ᠡᠵᠡᠮᠳᠡᠨ᠂ ᠬᠤᠯᠢᠮᠠᠭ ᠦᠮᠴᠢᠯᠡᠯᠲᠦ ᠠᠵᠦ ᠠᠬᠤᠶᠢᠯᠠᠯ ᠤᠨ ᠦᠭᠡᠷᠡᠴᠢᠯᠡᠯᠲᠡ ᠳᠤ ᠲᠣᠬᠢᠷᠠᠪᠠᠯ ᠦᠭᠡᠷᠡᠴᠢᠯᠡᠵᠦ᠂ ᠠᠯᠪᠠ ᠪᠠᠷ ᠦᠭᠡᠷᠡᠴᠢᠯᠡᠬᠦ ᠦᠭᠡᠢ᠂ ᠴᠠᠭ ᠤᠨ ᠬᠦᠰᠦᠨᠦᠭᠲᠦ ᠭᠠᠷᠭᠠᠬᠤ ᠦᠭᠡᠢ᠃ ᠨᠢᠭᠡ ᠠᠵᠤ ᠠᠬᠤᠶᠢᠯᠠᠯ ᠳᠤ ᠨᠢᠭᠡ ᠲᠦᠷᠦ ᠶᠢᠨ ᠪᠤᠳᠤᠯᠭ᠎ᠠ ᠬᠡᠷᠡᠭᠵᠢᠭᠦᠯᠬᠦ᠂ ᠨᠢᠭᠡ ᠨᠢᠭᠡ ᠪᠠᠷ ᠪᠣᠯᠪᠠᠰᠤᠷᠠᠩᠭᠤᠶ ᠪᠣᠯᠭᠠᠨ ᠥᠭᠡᠷᠡᠴᠢᠯᠡᠬᠦ ᠶᠢ ᠵᠢᠷᠤᠮᠵᠢᠭᠤᠯᠵᠤ᠂ ᠦᠭᠡᠷᠡᠴᠢᠯᠡᠯᠲᠡ ᠶᠢᠨ ᠡᠮᠬᠢ ᠵᠢᠷᠤᠮ ᠲᠠᠢ ᠶᠠᠪᠤᠭᠳᠠᠬᠤ ᠶᠢ ᠦᠨᠡᠨᠬᠦ ᠪᠠᠲᠤᠯᠠᠬᠤ ᠬᠡᠷᠡᠭᠲᠡᠶ᠃      ᠬᠤᠶᠠᠷ᠂ ᠤᠯᠤᠰ ‍ᠤᠨ‌ᠦᠮᠴᠢᠯᠡᠯᠲᠦ  ᠠᠵᠤ ᠠᠬᠤᠶᠢᠯᠠᠯ ᠤᠨ ᠬᠤᠯᠢᠮᠠᠭ ᠥᠮᠴᠢᠯᠡᠯ ᠤᠨ ᠳᠦᠷᠢᠮ ᠤᠨ ᠥᠭᠡᠷᠡᠴᠢᠯᠡᠯᠲᠡ ᠶᠢ ᠲᠦᠷᠦᠯ ᠬᠤᠪᠢᠶᠠᠨ ᠲᠦᠯᠬᠢᠨ ᠠᠬᠢᠭᠤᠯᠤᠨ᠎ᠠ           ︵ᠭᠤᠷᠪᠠ︶ ᠬᠤᠳᠠᠯᠳᠤᠭᠠᠨ ᠤ ᠥᠷᠢᠰᠥᠯᠳᠦᠬᠦ ᠲᠦᠷᠦᠯ ᠤᠨ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠬᠤᠯᠢᠮᠠᠭ‌ᠥᠮᠴᠢᠯᠡᠯ ᠤᠨ  ᠳᠦᠷᠢᠮ ᠤᠨ ᠥᠭᠡᠷᠡᠴᠢᠯᠡᠯᠲᠡ ᠶᠢ ᠯᠠᠪᠳᠠᠭᠤᠨ ᠢᠶᠠᠷ ᠲᠦᠯᠬᠢᠨ ᠠᠬᠢᠭᠤᠯᠤᠨ᠎ᠠ᠃ ᠤᠯᠤᠰ ᠤᠨ ᠦᠮᠴᠢᠯᠡᠯᠲᠦ ᠠᠵᠤ ᠠᠬᠤᠶ ᠶᠢᠨ ᠠᠮᠢᠵᠢᠷᠠᠯ ᠤᠨ ᠬᠦᠴᠦᠨ ᠢ ᠨᠡᠮᠡᠭᠳᠡᠭᠦᠯᠬᠦ᠂ ᠤᠯᠤᠰ ᠤᠨ ᠬᠥᠷᠦᠩᠭᠡ ᠶᠢᠨ ᠴᠢᠳᠠᠮᠵᠢ ᠶᠢ ᠶᠡᠬᠡᠰᠬᠡᠬᠦ᠂ ᠤᠯᠤᠰ ᠤᠨ ᠦᠮᠴᠢᠯᠡᠯᠲᠦ  ᠡᠳ᠋ ᠬᠦᠷᠦᠩᠭᠡ ᠶᠢᠨ ᠦᠷᠳᠡᠭ ᠢ ᠪᠠᠲᠤᠯᠠᠵᠤ ᠦᠷᠳᠡᠭ ᠢ ᠨᠡᠮᠡᠭᠳᠡᠭᠦᠯᠬᠦ ᠪᠠᠷ ᠭᠤᠣᠯ ᠬᠠᠷᠠᠯᠲᠠ ᠪᠠᠨ ᠪᠣᠯᠭᠠᠵᠤ᠂ ᠠᠵᠤ ᠠᠬᠤᠶ ᠶᠢᠨ ᠦᠷ᠎ᠡ ᠠᠰᠢᠭ ᠢ ᠳᠡᠭᠡᠭᠰᠢᠯᠡᠭᠦᠯᠬᠦ ᠪᠠ ᠬᠤᠳᠠᠯᠳᠤᠭᠠᠨ ᠤ ᠵᠠᠭᠪᠤᠷ ᠤᠨ ᠰᠢᠨ᠎ᠡ ᠶᠢ ᠡᠭᠦᠳᠬᠦ ᠪᠠᠷ ᠤᠳᠤᠷᠢᠳᠤᠮᠵᠢ ᠪᠣᠯᠭᠠᠵᠤ᠂ ᠠᠵᠤ ᠠᠬᠤᠶᠢᠯᠠᠯ ᠤᠨ ᠲᠤᠰ ᠪᠡᠶ᠎ᠡ ᠶᠢᠨ ᠬᠥᠭᠵᠢᠯᠲᠡ ᠶᠢᠨ ᠬᠡᠷᠡᠭᠴᠡᠭᠡ ᠶᠢ ᠭᠦᠢᠴᠡᠳ  ᠪᠣᠳᠣᠯᠬᠢᠯᠠᠵᠤ᠂  ᠪᠤᠰᠤᠳ ᠤᠯᠤᠰ ‍ᠤᠨ‌ᠦᠮᠴᠢᠯᠡᠯᠲᠤ ᠬᠦᠷᠦᠩᠭᠡ ᠪᠤᠶᠤ ᠡᠯ᠎ᠡ ᠲᠦᠷᠦᠯ ᠤᠨ ᠤᠯᠤᠰ ᠤᠨ ᠦᠮᠴᠢᠯᠡᠯᠲᠦ ᠪᠤᠰᠤ ᠭᠦᠷᠦᠩᠭᠡ ᠶᠢ ᠢᠳᠡᠪᠬᠢᠲᠡᠶ ᠲᠠᠳᠠᠨ ᠬᠤᠪᠢᠴᠠᠭᠠᠨ ᠤ ᠡᠷᠬᠡ ᠶᠢ ᠤᠯᠠᠨ ᠡᠰᠢᠵᠢᠭᠦᠯᠬᠦ ᠶᠢ ᠪᠡᠶᠡᠯᠡᠭᠦᠯᠵᠦ᠂ ᠬᠤᠯᠢᠮᠠᠭ ᠥᠮᠴᠢᠯᠡᠯ ᠤᠨ ᠳᠦᠷᠢᠮ ᠤᠨ ᠦᠭᠡᠷᠡᠴᠢᠯᠡᠯᠲᠡ ᠶᠢ ᠬᠡᠷᠡᠭᠵᠢᠭᠦᠯᠵᠦ᠂ ᠨᠥᠬᠦᠴᠡᠯ ᠪᠦᠷᠢᠳᠦᠭᠰᠡᠨ ᠠᠵᠤ ᠠᠬᠤᠶᠢᠯᠠᠯ ᠬᠦᠷᠦᠩᠬᠡ ᠶᠢᠨ ᠵᠠᠬ᠎ᠠ ᠳᠡᠯᠭᠡᠭᠦᠷ ᠲᠤ ᠫᠠᠶᠢᠰᠠ ᠡᠯᠭᠦᠨ ᠵᠠᠬ᠎ᠠ ᠳᠤ ᠭᠠᠷᠬᠤ ᠶᠢ ᠲᠤᠷᠰᠢᠵᠤ ᠪᠣᠯᠣᠨ᠎ᠠ᠃ ᠬᠦᠷᠦᠩᠭᠡ ᠪᠠᠷ ᠬᠤᠯᠪᠣᠭᠠᠰᠤ ᠪᠣᠯᠭᠠᠬᠤ ᠶᠢ ᠪᠠᠷᠢᠮᠲᠠᠯᠠᠨ᠂ ᠬᠤᠯᠢᠮᠠᠭ ᠦᠮᠴᠢᠯᠡᠯᠲᠦ ᠠᠵᠤ ᠠᠬᠤᠶᠢᠯᠠᠯ ᠤᠨ ᠵᠠᠰᠠᠯᠲᠠ ᠶᠢᠨ ᠪᠦᠲᠦᠴᠡ ᠪᠠ ᠬᠠᠮᠢᠶᠠᠷᠤᠯᠲᠠ ᠶᠢᠨ ᠠᠷᠭ᠎ᠠ ᠮᠠᠶ᠋ᠢᠭ ᠢ ᠪᠠᠷᠢᠮᠳᠠᠯᠠᠵᠤ᠂ ᠤᠯᠤᠰ ᠤᠨ ᠥᠮᠴᠢᠯᠡᠯ ᠤᠨ ᠭᠦᠷᠦᠩᠭᠡ ᠶᠢᠨ ᠪᠡᠯᠡ ᠭᠠᠷᠭᠠᠭᠴᠢ ᠪᠠ ᠡᠯ᠎ᠡ ᠲᠦᠷᠦᠯ ᠤᠨ ᠤᠯᠤᠰ ‍ᠤᠨ‌ᠦᠮᠴᠢᠯᠡᠯᠲᠦ ᠪᠤᠰᠤ ᠭᠦᠷᠦᠩᠭᠡ ᠶᠢᠨ ᠪᠡᠯᠡ ᠭᠠᠷᠭᠠᠭᠰᠠᠨ ᠬᠥᠮᠦᠨ ᠨᠢ ᠬᠤᠪᠢ ᠣᠷᠣᠭᠤᠯᠤᠭᠴᠢ ᠶᠢᠨ ᠬᠤᠪᠢ ᠪᠠᠷ ᠡᠷᠬᠡ ᠪᠠ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠬᠤᠯᠢᠮᠠᠭ ᠦᠮᠴᠢᠯᠡᠯᠲᠦ  ᠠᠵᠤ ᠠᠬᠤᠶᠢᠯᠠᠯ ᠢ ᠦᠨᠡᠨᠬᠦ ᠵᠠᠬ᠎ᠠ ᠳᠡᠯᠭᠡᠭᠦᠷ ᠤᠨ ᠪᠡᠶᠡᠴᠢ ᠴᠣᠭᠴᠠ ᠪᠣᠯᠭᠠᠬᠤ ᠬᠡᠷᠡᠭᠲᠡᠶ᠃           ︵ᠲᠦᠷᠪᠡ︶ ᠣᠨᠴᠠᠭᠠᠶ ᠴᠢᠳᠠᠮᠵᠢ ᠶᠢᠨ ᠲᠦᠷᠦᠯ ᠤᠨ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠬᠤᠯᠢᠮᠠᠭ ᠥᠮᠴᠢᠯᠡᠯ ᠤᠨ ᠳᠦᠷᠢᠮ ᠤᠨ ᠥᠭᠡᠷᠡᠴᠢᠯᠡᠯᠲᠡ ᠶᠢ ᠪᠦᠲᠦᠮᠵᠢᠲᠡᠶ ᠬᠠᠶᠢᠨ ᠰᠦᠪᠡᠭᠴᠢᠯᠡᠨ᠎ᠡ᠃ ᠠᠵᠢᠯ ᠦᠢᠯᠡᠰ ᠨᠢ ᠤᠯᠤᠰ ᠤᠨ ᠠᠮᠤᠷ ᠲᠦᠪᠰᠢᠨ᠂ ᠤᠯᠤᠰ ᠠᠷᠠᠳ ᠤᠨ ᠠᠵᠤ ᠠᠬᠤᠶ ᠶᠢᠨ ᠠᠮᠢᠨ ᠰᠤᠳᠠᠰᠤ ᠳᠤ ᠬᠤᠯᠪᠣᠭᠳᠠᠬᠤ ᠴᠢᠬᠤᠯᠠ ᠠᠵᠢᠯ ᠲᠦᠷᠦᠯ ᠪᠠ ᠵᠠᠩᠭᠢᠯᠠᠭ᠎ᠠ ᠶᠢᠨ ᠬᠦᠷᠢᠶ᠎ᠡ᠂ ᠴᠢᠬᠤᠯᠠ ᠶᠡᠭᠡ ᠲᠤᠰᠬᠠᠶ ᠵᠦᠢᠯ ᠤᠨ ᠡᠭᠦᠷᠭᠡ ᠶᠢ ᠡᠭᠦᠷᠭᠡᠯᠡᠬᠦ ᠣᠨᠴᠠᠭᠠᠶ ᠳᠦᠷᠦᠯ ᠤᠨ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠤᠯᠤᠰ ᠤᠨ   ᠦᠮᠴᠢᠯᠡᠯ ᠤᠨ ᠭᠦᠷᠦᠩᠭᠡ ᠶᠢᠨ ᠬᠤᠪᠢ ᠡᠵᠡᠮᠳᠡᠭᠰᠡᠨ ᠪᠠᠶᠢᠷᠢ ᠰᠠᠭᠤᠷᠢ ᠶᠢ  ᠪᠠᠳᠤᠯᠠᠵᠤ᠂ ᠤᠯᠤᠰ ‍ᠤᠨ‌ᠦᠮᠴᠢᠯᠡᠯᠲᠦ ᠪᠤᠰᠤ ᠬᠦᠷᠦᠩᠭᠡ ᠶᠢᠨ ᠬᠤᠪᠢ ᠣᠷᠣᠭᠤᠯᠬᠤ ᠶᠢ ᠳᠡᠮᠵᠢᠬᠦ ᠬᠡᠷᠡᠭᠲᠡᠶ᠃ ᠡᠭᠦᠨ ᠤ ᠳᠣᠲᠣᠷ᠎ᠠ᠄ ᠬᠤᠲᠠ ᠶᠢᠨ ᠵᠢᠮᠲᠦ ᠵᠠᠮ ᠬᠠᠷᠢᠯᠴᠠᠭᠠᠨ ᠤ ᠰᠠᠭᠤᠷᠢ ᠲᠥᠬᠦᠭᠡᠷᠦᠮᠵᠢ ᠂ ᠵᠠᠩᠭᠢᠯᠠᠭ᠎ᠠ ᠶᠢᠨ ᠵᠠᠮ ᠬᠠᠷᠢᠯᠴᠠᠭᠠᠨ ᠤ ᠰᠠᠭᠤᠷᠢ ᠲᠥᠬᠦᠭᠡᠷᠦᠮᠵᠢ ᠵᠡᠷᠭᠡ ᠬᠦᠷᠢᠶᠡᠨ ᠳᠤ ᠤᠯᠤᠰ ᠤᠨ ᠥᠮᠴᠢᠯᠡᠯ ᠤᠨ ᠲᠤᠰᠠᠭᠠᠷ ᠪᠡᠯᠡ ᠪᠤᠶᠤ ᠬᠤᠪᠢ ᠡᠵᠡᠮᠳᠡᠬᠦ ᠶᠢ ᠬᠡᠷᠡᠭᠵᠢᠭᠦᠯᠵᠦ᠂ ᠨᠥᠬᠦᠴᠡᠯ ᠳᠤ ᠨᠡᠶᠢᠴᠡᠭᠰᠡᠨ ᠤᠯᠤᠰ ‍ᠤᠨ‌ᠦᠮᠴᠢᠯᠡᠯᠲᠦ  ᠪᠤᠰᠤ ᠠᠵᠤ ᠠᠬᠤᠶᠢᠯᠠᠯ ᠬᠠᠤᠯᠢ ᠶᠣᠰᠣᠭᠠᠷ ᠣᠨᠴᠠ ᠵᠥᠪᠰᠢᠶᠡᠷᠡᠯ ᠢᠶᠠᠷ ᠡᠵᠡᠩᠨᠡᠬᠦ ᠂ ᠵᠠᠰᠠᠭ ᠤᠨ ᠣᠷᠳᠣᠨ ᠠᠴᠠ ᠦᠢᠯᠡᠴᠢᠯᠡᠭᠡ ᠬᠤᠳᠠᠯᠳᠤᠨ ᠠᠪᠬᠤ ᠵᠡᠷᠭᠡ ᠠᠷᠭ᠎ᠠ  ᠪᠠᠷ ᠪᠥᠳᠥᠭᠡᠨ ᠪᠠᠶᠢᠭᠤᠯᠬᠤ ᠳᠤ ᠣᠷᠣᠯᠴᠠᠬᠤ ᠪᠠ ᠡᠵᠡᠩᠨᠡᠵᠦ ᠪᠣᠯᠣᠨ᠎ᠠ︔ ᠴᠢᠬᠤᠯᠠ ᠤᠰᠤᠨ ᠤ ᠡᠬᠢ ᠪᠠᠶᠠᠯᠢᠭ᠂ ᠵᠢᠭᠤᠯᠴᠢᠯᠠᠯ ᠤᠨ ᠡᠬᠢ ᠪᠠᠶᠠᠯᠢᠭ ᠵᠡᠷᠭᠡ ᠶᠢ ᠨᠡᠭᠡᠭᠡᠨ ᠠᠰᠢᠭᠯᠠᠬᠤ ᠬᠦᠷᠢᠶᠡᠨ ᠳᠤ ᠤᠯᠤᠰ ᠤᠨ ᠥᠮᠴᠢᠯᠡᠯ ᠤᠨ ᠲᠤᠰᠠᠭᠠᠷ ᠪᠡᠯᠡ ᠪᠤᠶᠤ ᠬᠠᠷᠢᠴᠠᠯᠠᠰᠢ ᠦᠭᠡᠢ ᠬᠤᠪᠢ ᠡᠵᠡᠮᠳᠡᠬᠦ  ᠶᠢ ᠬᠡᠷᠡᠭᠵᠢᠭᠦᠯᠵᠦ᠂ ᠣᠷᠴᠢᠨ ᠲᠣᠭᠤᠷᠢᠨ᠂ ᠴᠢᠨᠠᠷ ᠴᠢᠨᠰᠠᠭ᠎ᠠ᠂  ᠠᠶᠣᠯᠭᠦᠢ ᠶᠢᠨ ᠬᠢᠨᠠᠯᠲᠠ ᠬᠠᠮᠢᠶᠠᠷᠤᠯᠲᠠ ᠶᠢᠨ ᠰᠠᠭᠤᠷᠢᠨ ᠳᠡᠭᠡᠷ᠎ᠡ᠂ ᠤᠯᠤᠰ ‍ᠤᠨ‌ᠦᠮᠴᠢᠯᠡᠯᠲᠦ  ᠪᠤᠰᠤ ᠬᠦᠷᠦᠩᠭᠡ ᠣᠷᠣᠵᠤ᠂ ᠬᠠᠤᠯᠢ ᠲᠣᠭᠲᠠᠭᠠᠯ ᠶᠣᠰᠣᠭᠠᠷ ᠡᠮᠬᠢ ᠵᠢᠷᠤᠮ ᠲᠠᠢ ᠪᠠᠷ ᠨᠡᠭᠡᠭᠡᠨ ᠬᠦᠭᠵᠢᠭᠦᠯᠬᠦ ᠡᠵᠡᠩᠨᠡᠯᠲᠡ ᠳᠤ ᠣᠷᠣᠯᠴᠠᠬᠤ ᠶᠢ ᠵᠥᠪᠰᠢᠶᠡᠷᠡᠨ᠎ᠡ᠃ ᠪᠤᠰᠤᠳ ᠴᠢᠬᠤᠯᠠ ᠶᠡᠭᠡ ᠲᠤᠰᠬᠠᠶ ᠵᠦᠢᠯ ᠤᠨ ᠡᠭᠦᠷᠭᠡᠯᠡᠯ ᠲᠠᠢ᠂ ᠤᠯᠤᠰ ᠣᠷᠣᠨ ᠳᠤ ᠦᠢᠯᠡᠴᠢᠯᠡᠬᠦ ᠪᠠᠶᠢᠯᠳᠤᠬᠤ ᠪᠣᠳᠣᠯᠭ᠎ᠠ ᠶᠢᠨ ᠬᠠᠷᠠᠯᠲᠠ ᠵᠡᠷᠭᠡ ᠴᠢᠬᠤᠯᠠ ᠠᠵᠢᠯ ᠲᠦᠷᠦᠯ ᠪᠠ ᠵᠠᠩᠭᠢᠯᠠᠭ᠎ᠠ ᠶᠢᠨ ᠬᠦᠷᠢᠶᠡᠨ ᠳᠤ᠂ ᠤᠯᠤᠰ ᠤᠨ ᠦᠮᠴᠢᠯᠡᠯᠲᠦ ᠬᠦᠷᠦᠩᠭᠡ ᠶᠢᠨ ᠪᠡᠯᠡ ᠣᠷᠣᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠤᠯᠤᠰ ᠤᠨ ᠦᠮᠴᠢᠯᠡᠯᠲᠦ ᠬᠦᠷᠦᠩᠭᠡ ᠶᠢᠨ ᠬᠥᠲᠥᠯᠥᠨ ᠵᠢᠯᠣᠭᠤᠳᠬᠤ ᠪᠠ ᠲᠠᠶᠢᠴᠢᠯᠠᠨ ᠳᠠᠭᠠᠭᠤᠯᠬᠤ ᠦᠢᠯᠡᠳᠦᠯ ᠢ ᠪᠠᠳᠠᠷᠠᠭᠤᠯᠤᠨ᠎ᠠ᠃      ︵ᠲᠠᠪᠤ︶ ᠨᠡᠶᠢᠲᠡ ᠶᠢᠨ ᠠᠰᠠᠷᠠᠮᠵᠢ ᠶᠢᠨ ᠳᠦᠷᠦᠯ ᠤᠨ ᠤᠯᠤᠰ ‍ᠤᠨ‌ᠦᠮᠴᠢᠯᠡᠯᠲᠦ ᠠᠵᠤ ᠠᠬᠤᠶᠢᠯᠠᠯ ᠶᠢ ᠬᠥᠲᠥᠯᠥᠨ ᠵᠢᠯᠣᠭᠤᠳᠴᠤ ᠬᠤᠯᠢᠮᠠᠭ ᠥᠮᠴᠢᠯᠡᠯ ‍ᠤᠨ‌‍ᠲ᠋ᠦ᠋ᠷᠢᠮ ᠤᠨ ᠥᠭᠡᠷᠡᠴᠢᠯᠡᠯᠲᠡ ᠶᠢ ᠡᠮᠬᠢ ᠵᠢᠷᠤᠮ ᠲᠠᠢ ᠦᠷᠨᠢᠭᠦᠯᠦᠨ᠎ᠡ᠃ ᠤᠯᠠᠨ ᠨᠡᠶᠢᠲᠡ ᠶᠢᠨ ᠵᠠᠮ ᠬᠠᠷᠢᠯᠴᠠᠭ᠎ᠠ᠂ ᠠᠮᠤ ᠪᠤᠳᠠᠭ᠎ᠠ ᠢᠳᠡᠰᠢᠨ ᠲᠤᠰᠤ ᠬᠤᠷᠢᠶᠠᠨ‌ᠨᠥ᠋ᠭᠡᠴᠡᠯᠡᠬᠦ᠂ ᠰᠢᠲᠠᠮᠠᠬᠠᠶ ᠬᠡᠢ ᠶᠢᠨ ᠬᠠᠩᠭᠠᠯᠭ᠎ᠠ ᠵᠡᠷᠭᠡ ᠤᠯᠠᠨ ᠨᠡᠶᠢᠲᠡ ᠶᠢᠨ ᠦᠢᠯᠡᠳᠬᠦᠨ ᠪᠠ ᠦᠢᠯᠡᠴᠢᠯᠡᠭᠡ ᠬᠠᠩᠭᠠᠬᠤ ᠠᠵᠢᠯ ᠲᠥᠷᠥᠯ ᠤᠨ ᠬᠦᠷᠢᠶᠡᠨ ᠳᠤ ᠠᠳᠠᠯᠢ ᠪᠤᠰᠤ ᠲᠤᠬᠠᠶᠢᠯᠠᠭᠰᠠᠨ ᠠᠵᠢᠯ ᠤᠨ ᠣᠨᠴᠠᠯᠢᠭ ᠢ ᠦᠨᠳᠦᠰᠦᠯᠡᠨ᠂ ᠲᠦᠷᠦᠯ ᠬᠤᠪᠢᠶᠠᠨ ᠵᠢᠯᠣᠭᠤᠳᠬᠤ ᠠᠵᠢᠯ ᠢᠶᠠᠨ ᠴᠢᠩᠭᠠᠳᠬᠠᠵᠤ᠂ ᠨᠥᠬᠦᠴᠡᠯ ᠪᠦᠷᠢᠳᠦᠭᠰᠡᠨ ᠠᠵᠤ ᠠᠬᠤᠶᠢᠯᠠᠯ ᠤᠨ ᠪᠡᠯᠡ ᠣᠷᠣᠭᠤᠯᠤᠯᠲᠠ ᠶᠢᠨ ᠭᠤᠣᠯ ᠴᠣᠭᠴᠠ ᠶᠢᠨ ᠤᠯᠠᠨ ᠡᠰᠢᠲᠤ ᠴᠢᠨᠠᠷ ᠢ ᠲᠦᠯᠬᠢᠨ ᠠᠬᠢᠭᠤᠯᠤᠨ᠎ᠠ᠃ ᠦᠢᠯᠡᠴᠢᠯᠡᠭᠡ ᠬᠤᠳᠠᠯᠳᠤᠨ ᠠᠪᠬᠤ᠂ ᠣᠨᠴᠠ ᠵᠥᠪᠰᠢᠶᠡᠷᠡᠯ ᠢᠶᠠᠷ ᠡᠵᠡᠩᠨᠡᠬᠦ᠂ ᠨᠠᠶᠢᠳᠠᠯᠭ᠎ᠠ ᠪᠠᠷ ᠣᠷᠣᠯᠠᠨ ᠭᠦᠢᠴᠡᠳᠬᠡᠬᠦ ᠵᠡᠷᠭᠡ ᠠᠷᠭ᠎ᠠ ᠮᠠᠶ᠋ᠢᠭ ᠢᠶᠠᠷ ᠤᠯᠤᠰ ᠤᠨ ᠦᠮᠴᠢᠯᠡᠯᠲᠦ ᠪᠤᠰᠤ ᠠᠵᠤ ᠠᠬᠤᠶᠢᠯᠠᠯ ᠤᠨ ᠡᠵᠡᠩᠨᠡᠯᠲᠡ ᠳᠤ ᠣᠷᠣᠯᠴᠠᠬᠤ ᠶᠢ ᠵᠣᠷᠢᠭᠵᠢᠭᠤᠯᠤᠨ᠎ᠠ᠃ ᠵᠠᠰᠠᠭ ᠤᠨ ᠣᠷᠳᠣᠨ ᠠᠴᠠ ᠦᠨ᠎ᠡ ᠶᠢᠨ ᠬᠢᠷᠢ ᠲᠦᠪᠰᠢᠨ᠂ ᠥᠪᠡᠷ ᠤᠨ ᠥᠷᠲᠡᠭ ᠤᠨ ᠡᠵᠡᠮᠰᠢᠯ᠂ ᠦᠢᠯᠡᠴᠢᠯᠡᠭᠡ ᠶᠢᠨ ᠶᠠᠰᠤ ᠴᠢᠨᠠᠷ᠂ ᠠᠶᠤᠯᠭᠦᠢ ᠶᠢᠨ ᠪᠠᠷᠢᠮᠵᠢᠶ᠎ᠠ᠂ ᠮᠡᠳᠡᠭᠡ ᠵᠠᠩᠭᠢ ᠨᠡᠶᠢᠲᠡᠯᠡᠬᠦ᠂ ᠠᠵᠢᠯ ᠤᠨ ᠪᠦᠲᠦᠮᠵᠢ᠂ ᠪᠠᠲᠤᠯᠠᠭ᠎ᠠ ᠶᠢᠨ ᠴᠢᠳᠠᠪᠤᠷᠢ ᠵᠡᠷᠭᠡ ᠲᠠᠯ᠎ᠠ ᠪᠠᠷ ᠬᠢ ᠬᠢᠨᠠᠨ ᠬᠠᠮᠢᠶᠠᠷᠤᠯᠲᠠ ᠪᠠᠨ ᠴᠢᠩᠭᠠᠳᠬᠠᠨ᠎ᠠ᠃ ᠠᠵᠤ ᠠᠬᠤᠶᠢᠯᠠᠯ ᠤᠨ ᠣᠨᠴᠠᠯᠢᠭ ᠢ ᠦᠨᠳᠦᠰᠦᠯᠡᠨ ᠡᠵᠡᠩᠨᠡᠯᠲᠡ ᠶᠢᠨ ᠪᠦᠲᠦᠮᠵᠢ ᠶᠢᠨ ᠭᠦᠢᠴᠡᠳᠭᠡᠯ ᠲᠤᠭ᠎ᠠ ᠪᠣᠯᠤᠨ ᠤᠯᠤᠰ ᠤᠨ ᠦᠮᠴᠢᠯᠡᠯᠲᠦ ᠬᠦᠷᠦᠩᠭᠡ ᠶᠢᠨ ᠦᠷᠳᠡᠭ ᠢ ᠪᠠᠲᠤᠯᠠᠵᠤ ᠦᠷᠲᠡᠭ ᠢ ᠨᠡᠮᠡᠭᠳᠡᠭᠦᠯᠦᠭᠰᠡᠨ ᠪᠠᠶᠢᠳᠠᠯ ᠢ ᠢᠯᠭᠠᠭ᠎ᠠ ᠲᠠᠢ ᠬᠢᠨᠠᠨ ᠰᠢᠯᠭᠠᠵᠤ᠂ ᠨᠡᠶᠢᠭᠡᠮ ᠤᠨ ᠦᠨᠡᠯᠡᠯᠲᠡ ᠶᠢ ᠬᠢᠨᠠᠨ ᠰᠢᠯᠭᠠᠯᠲᠠ ᠳᠤ ᠣᠷᠣᠭᠤᠯᠬᠤ ᠬᠡᠷᠡᠭᠲᠡᠶ᠃      ᠭᠤᠷᠪᠠ᠂ ᠤᠯᠤᠰ ‍ᠤᠨ‌ᠦᠮᠴᠢᠯᠡᠯᠲᠦ ᠠᠵᠤ ᠠᠬᠤᠶᠢᠯᠠᠯ ᠤᠨ ᠬᠤᠯᠢᠮᠠᠭ ᠥᠮᠴᠢᠯᠡᠯ ᠤᠨ ᠳᠦᠷᠢᠮ ᠤᠨ ᠥᠭᠡᠷᠡᠴᠢᠯᠡᠯᠲᠡ ᠶᠢ ᠳᠡᠰ ᠳᠠᠪᠬᠤᠷᠭ᠎ᠠ ᠬᠤᠪᠢᠶᠠᠨ ᠲᠦᠯᠬᠢᠨ ᠠᠬᠢᠭᠤᠯᠤᠨ᠎ᠠ᠃      ︵ᠵᠢᠷᠭᠤᠭ᠎ᠠ︶ ᠬᠤᠪᠢᠶᠠᠷᠢ ᠺᠣᠮᠫᠠᠨᠢ ᠶᠢᠨ ᠳᠠᠪᠬᠤᠷᠭ᠎ᠠ ᠳᠤ ᠬᠤᠯᠢᠮᠠᠭ ᠥᠮᠴᠢᠯᠡᠯ ‍ᠤᠨ‌‍ᠲ᠋ᠦ᠋ᠷᠢᠮ ᠤᠨ ᠥᠭᠡᠷᠡᠴᠢᠯᠡᠯᠲᠡ ᠶᠢ ᠡᠮᠬᠢ ᠵᠢᠷᠤᠮ ᠲᠠᠢ ᠲᠦᠯᠬᠢᠨ ᠠᠬᠢᠭᠤᠯᠬᠤ ᠶᠢ ᠬᠥᠲᠥᠯᠥᠨ ᠵᠢᠯᠣᠭᠤᠳᠤᠨ᠎ᠠ᠃ ᠤᠯᠤᠰ ᠤᠨ ᠦᠮᠴᠢᠯᠡᠯᠲᠤ ᠠᠵᠤ ᠠᠬᠤᠶᠢᠯᠠᠯ ᠤᠨ ᠪᠦᠯᠦᠭᠯᠡᠯ ᠤᠨ ᠬᠤᠶᠠᠳᠤᠭᠠᠷ ᠳᠡᠰ ᠤᠨ ᠺᠣᠮᠫᠠᠨᠢ ᠵᠢᠴᠢ ᠲᠡᠭᠦᠨ ᠠᠴᠠ ᠳᠣᠷᠣᠭᠰᠢᠬᠢ ᠠᠵᠤ ᠠᠬᠤᠶᠢᠯᠠᠯ ᠤᠨ ᠰᠤᠳᠤᠯᠤᠨ ᠨᠡᠭᠡᠭᠡᠵᠦ ᠰᠢᠨ᠎ᠡ ᠶᠢ ᠡᠭᠦᠳᠬᠦ᠂ ᠦᠢᠯᠡᠳᠪᠦᠷᠢᠯᠡᠵᠦ ᠦᠢᠯᠡᠴᠢᠯᠡᠬᠦ ᠵᠡᠷᠭᠡ ᠪᠣᠳᠠᠲᠤ ᠴᠤᠭᠴᠠᠲᠤ ᠠᠵᠤ ᠠᠬᠤᠶᠢᠯᠠᠯ ᠢᠶᠠᠷ ᠭᠤᠣᠯᠳᠠᠯᠭ᠎ᠠ ᠪᠣᠯᠭᠠᠨ᠂ ᠤᠯᠤᠰ ‍ᠤᠨ‌ᠦᠮᠴᠢᠯᠡᠯᠲᠤ ᠪᠤᠰᠤ ᠬᠥᠷᠥᠩᠭᠡ ᠶᠢ ᠣᠷᠣᠭᠤᠯᠵᠤ᠂ ᠲᠧᠭᠨᠢᠭ ᠮᠡᠷᠭᠡᠵᠢᠯ ᠤᠨ ᠲᠠᠯ᠎ᠠ ᠪᠠᠷ ᠰᠢᠨ᠎ᠡ ᠶᠢ ᠡᠭᠦᠳᠬᠦ᠂ ᠬᠠᠮᠢᠶᠠᠷᠤᠯᠲᠠ ᠶᠢᠨ ᠲᠠᠯ᠎ᠠ ᠪᠠᠷ ᠰᠢᠨ᠎ᠡ ᠶᠢ ᠡᠭᠦᠳᠬᠦ᠂ ᠬᠤᠳᠠᠯᠳᠤᠭᠠᠨ ᠤ ᠬᠡᠪ ᠵᠠᠭᠪᠤᠷ ᠤᠨ ᠰᠢᠨ᠎ᠡ ᠶᠢ ᠡᠭᠦᠳᠬᠦ ᠶᠢ ᠲᠦᠷᠭᠡᠳᠬᠡᠵᠦ᠂ ᠬᠠᠤᠯᠢ ᠶᠢᠨ ᠡᠷᠬᠡᠲᠡᠨ ᠤ ᠳᠡᠰ ᠳᠠᠪᠬᠤᠷᠭ᠎ᠠ ᠶᠢ ᠵᠦᠢ ᠵᠣᠬᠢᠰᠲᠠᠶ ᠬᠢᠵᠠᠭᠠᠷᠯᠠᠨ᠂ ᠬᠠᠮᠢᠶᠠᠷᠤᠯᠲᠠ ᠶᠢᠨ ᠪᠠᠶᠢᠭᠤᠯᠤᠮᠵᠢ ᠶᠢ ᠵᠣᠬᠢᠰᠲᠠᠢ ᠠᠪᠴᠢᠭᠤᠯᠤᠨ᠎ᠠ᠃ ᠬᠤᠪᠢ ᠣᠷᠣᠭᠤᠯᠤᠭᠴᠢ ᠶᠢᠨ ᠬᠠᠤᠯᠢ ᠶᠢᠨ ᠪᠠᠶᠢᠷᠢ ᠰᠠᠭᠤᠷᠢ ᠪᠣᠯᠤᠨ ᠬᠤᠪᠢ ᠣᠷᠣᠭᠤᠯᠤᠭᠴᠢ ᠶᠢᠨ ᠬᠦᠷᠦᠩᠭᠡ ᠶᠢᠨ ᠠᠰᠢᠭ ᠬᠤᠨᠵᠢᠪᠤᠷᠢ᠂ ᠠᠵᠤ ᠠᠬᠤᠶᠢᠯᠠᠯ ᠤᠨ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠂ ᠬᠠᠮᠢᠶᠠᠷᠤᠭᠴᠢ ᠶᠢ ᠰᠣᠩᠭᠤᠬᠤ ᠵᠡᠷᠭᠡ ᠲᠠᠯ᠎ᠠ ᠪᠠᠷ ᠬᠢ ᠡᠷᠬᠡ ᠶᠢ ᠲᠣᠳᠣᠷᠬᠠᠶ ᠲᠣᠭᠳᠠᠭᠠᠨ᠂ ᠬᠤᠪᠢ ᠣᠷᠣᠭᠤᠯᠤᠭᠴᠢ ᠬᠠᠤᠯᠢ ᠶᠣᠰᠣᠭᠠᠷ ᠪᠡᠯᠡ ᠣᠷᠣᠭᠤᠯᠤᠭᠰᠠᠨ ᠬᠠᠷᠢᠴᠠᠯ ᠪᠣᠯᠤᠨ ᠺᠤᠮᠫᠠᠨᠢ ᠶᠢᠨ ᠳᠦᠷᠢᠮ ᠳᠤ ᠲᠣᠭᠲᠠᠭᠠᠭᠰᠠᠨ ᠶᠣᠰᠣᠭᠠᠷ ᠡᠷᠬᠡ ᠪᠠᠨ ᠬᠡᠷᠡᠭᠵᠢᠭᠦᠯᠵᠦ᠂ ᠡᠭᠦᠷᠭᠡ ᠲᠤᠰᠢᠶᠠᠯ ᠢᠶᠠᠨ ᠭᠦᠢᠴᠡᠳᠭᠡᠨ᠎ᠡ᠃      ︵ᠲᠤᠯᠤᠭ᠎ᠠ︶  ᠠᠵᠦ ᠠᠬᠤᠶᠢᠯᠠᠯ ᠤᠨ ᠪᠦᠯᠦᠭᠯᠡᠯ ᠤᠨ ᠳᠠᠪᠬᠤᠷᠭ᠎ᠠ ᠳᠤ ᠬᠤᠯᠢᠮᠠᠭ ᠥᠮᠴᠢᠯᠡᠯ ᠤᠨ ᠳᠦᠷᠢᠮ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠬᠤ ᠶᠢ ᠬᠠᠶᠢᠨ ᠰᠦᠪᠡᠭᠴᠢᠯᠡᠨ᠎ᠡ᠃ ᠤᠯᠤᠰ ᠤᠨ᠂ ᠥᠪᠡᠷᠲᠡᠭᠡᠨ ᠵᠠᠰᠠᠬᠤ ᠣᠷᠣᠨ ᠤ ᠲᠣᠳᠣᠷᠬᠠᠶ ᠲᠣᠭᠲᠠᠭᠠᠭᠰᠠᠨ ᠣᠨᠴᠠ ᠬᠦᠷᠢᠶᠡᠨ ᠳᠤ ᠤᠯᠤᠰ ‍ᠤᠨ‌ᠦᠮᠴᠢᠯᠡᠯᠲᠦ ᠭᠦᠷᠦᠩᠭᠡ ᠶᠢᠨ ᠬᠤᠪᠢ ᠡᠵᠡᠮᠳᠡᠬᠦ ᠶᠢ ᠪᠠᠷᠢᠮᠲᠠᠯᠠᠵᠤ᠂ ᠵᠦᠢ ᠵᠤᠭᠢᠰ ᠲᠠᠢ ᠵᠠᠰᠠᠬᠤ ᠪᠦᠲᠦᠴᠡ ᠶᠢ ᠪᠤᠢ ᠪᠣᠯᠭᠠᠬᠤ ᠪᠠ ᠵᠠᠬ᠎ᠠ ᠳᠡᠯᠭᠡᠭᠦᠷᠴᠢᠯᠡᠬᠦ ᠡᠵᠡᠩᠨᠡᠯᠲᠡ ᠶᠢᠨ ᠲᠣᠭᠲᠠᠴᠠ ᠶᠢ ᠪᠠᠶᠢᠭᠤᠯᠬᠤ ᠬᠡᠷᠡᠭᠲᠡᠶ᠃ ᠪᠤᠰᠤᠳ ᠬᠦᠷᠢᠶᠡᠨ ᠳᠤ ᠪᠦᠬᠦᠯᠢ  ᠴᠣᠭᠴᠠᠲᠤ ᠵᠠᠬ᠎ᠠ ᠳᠡᠯᠭᠡᠭᠦᠷ ᠲᠤ ᠣᠷᠣᠬᠤ᠂ ᠬᠤᠳᠠᠯᠳᠤᠨ ᠠᠪᠴᠦ ᠨᠡᠶᠢᠯᠡᠭᠦᠯᠦᠨ ᠲᠠᠬᠢᠨ ᠪᠠᠶᠢᠭᠤᠯᠬᠤ᠂ ᠥᠷᠢ ᠰᠢᠷᠢ ᠶᠢ ᠰᠢᠯᠵᠢᠭᠦᠯᠦᠨ ᠲᠠᠷᠬᠠᠭᠠᠬᠤ ᠵᠡᠷᠭᠡ ᠠᠷᠭ᠎ᠠ ᠮᠠᠶ᠋ᠢᠭ ᠢᠶᠠᠷ ᠤᠯᠤᠰ ᠤᠨ ᠦᠮᠴᠢᠯᠡᠯᠲᠦ ᠬᠤᠪᠢᠴᠠᠭᠠᠨ ᠤ ᠡᠷᠬᠡ ᠶᠢᠨ ᠬᠠᠷᠢᠴᠠᠯ ᠢ ᠠᠯᠬᠤᠮ ᠠᠯᠬᠤᠮ ᠢᠶᠠᠷ ᠲᠣᠬᠢᠷᠠᠭᠤᠯᠵᠤ᠂ ᠡᠯ᠎ᠡ ᠲᠦᠷᠦᠯ ᠤᠨ ᠪᠡᠯᠡ ᠣᠷᠣᠭᠤᠯᠤᠭᠴᠢᠳ ᠢ ᠢᠳᠡᠪᠬᠢᠲᠡᠶ ᠪᠠᠷ ᠲᠠᠲᠠᠵᠤ ᠂ ᠬᠤᠪᠢᠴᠠᠭᠠᠨ ᠤ ᠡᠷᠬᠡ ᠶᠢᠨ ᠪᠦᠲᠦᠴᠡ ᠣᠯᠠᠨ ᠡᠰᠢᠲᠦ᠂ ᠬᠤᠪᠢ ᠣᠷᠣᠭᠤᠯᠤᠭᠴᠢ ᠶᠢᠨ ᠦᠢᠯᠡ ᠠᠵᠢᠯᠯᠠᠭ᠎ᠠ ᠨᠢ ᠵᠢᠷᠤᠮᠵᠢᠭᠰᠠᠨ᠂  ᠲᠤᠲᠤᠭᠠᠲᠤ ᠶᠢᠨ ᠬᠢᠵᠠᠭᠠᠷᠯᠠᠯ ᠪᠦᠲᠦᠮᠵᠢᠲᠡᠶ᠂ ᠠᠵᠢᠯᠯᠠᠭ᠎ᠠ ᠨᠢ ᠠᠮᠢᠳᠤᠯᠢᠭ ᠪᠦᠲᠦᠮᠵᠢᠲᠡᠶ ᠡᠵᠡᠩᠨᠡᠯᠲᠡ ᠶᠢᠨ ᠲᠣᠭᠲᠠᠴᠠ ᠶᠢ  ᠪᠦᠷᠢᠯᠳᠦᠭᠦᠯᠦᠨ᠎ᠡ᠃       ᠲᠦᠷᠪᠡ᠂ ᠡᠯ᠎ᠡ ᠲᠥᠷᠥᠯ ᠤᠨ ᠬᠦᠷᠦᠩᠭᠡ ᠶᠢᠨ ᠤᠯᠤᠰ ‍ᠤᠨ‌ᠦᠮᠴᠢᠯᠡᠯᠲᠦ ᠠᠵᠤ ᠠᠬᠤᠶᠢᠯᠠᠯ ᠤᠨ ᠬᠤᠯᠢᠮᠠᠭ ᠥᠮᠴᠢᠯᠡᠯ ᠤᠨ ᠥᠭᠡᠷᠡᠴᠢᠯᠡᠯᠲᠡ ᠳᠤ ᠣᠷᠣᠯᠴᠠᠬᠤ ᠶᠢ ᠵᠣᠷᠢᠭᠵᠢᠭᠤᠯᠤᠨ᠎ᠠ       ︵ᠨᠠᠢᠮᠠ︶ ᠤᠯᠤᠰ ‍ᠤᠨ‌ᠦᠮᠴᠢᠯᠡᠯᠲᠦ ᠪᠤᠰᠤ ᠬᠥᠷᠥᠩᠭᠡ ᠤᠯᠤᠰ ᠤᠨ ᠦᠮᠴᠢᠯᠡᠯᠲᠤ ᠠᠵᠤ ᠠᠬᠤᠶᠢᠯᠠᠯ ᠤᠨ ᠬᠤᠯᠢᠮᠠᠭ ᠥᠮᠴᠢᠯᠡᠯ ᠤᠨ ᠳᠦᠷᠢᠮ ‍ᠦᠨ‌ᠥᠭᠡᠷᠡᠴᠢᠯᠡᠯᠲᠡ ᠳᠤ ᠣᠷᠣᠯᠴᠠᠬᠤ ᠶᠢ ᠵᠣᠷᠢᠭᠵᠢᠭᠤᠯᠤᠨ᠎ᠠ᠃ ᠨᠡᠶᠢᠲᠡ ᠶᠢᠨ ᠥᠮᠴᠢᠯᠡᠯ ᠤᠨ ᠪᠤᠰᠤ ᠬᠦᠷᠦᠩᠭᠡ ᠶᠢᠨ ᠪᠡᠯᠡ ᠣᠷᠣᠭᠤᠯᠤᠯᠲᠠ ᠶᠢᠨ ᠪᠡᠶᠡᠴᠢ ᠴᠣᠭᠴᠠ ᠪᠠᠯᠠ ᠭᠠᠷᠭᠠᠨ ᠬᠤᠪᠢ ᠣᠷᠣᠭᠤᠯᠬᠤ᠂ ᠬᠤᠪᠢᠴᠠᠭᠠᠨ ᠤ ᠡᠷᠬᠡ ᠶᠢ ᠬᠤᠳᠠᠯᠳᠤᠨ ᠠᠪᠬᠤ᠂ ᠬᠤᠳᠠᠯᠳᠤᠨ ᠠᠪᠴᠦ ᠥᠷᠢ ᠰᠢᠯᠵᠢᠭᠦᠯᠬᠦ᠂ ᠬᠤᠪᠢᠴᠠᠭᠠᠨ ᠤ ᠡᠷᠬᠡ ᠪᠠᠨ ᠰᠣᠯᠢᠬᠤ ᠵᠡᠷᠭᠡ ᠤᠯᠠᠨ ᠵᠦᠢᠯ ᠤᠨ ᠠᠷᠭ᠎ᠠ ᠬᠡᠯᠪᠡᠷᠢ ᠪᠠᠷ ᠬᠤᠲᠠ ᠶᠢᠨ ᠬᠠᠷᠢᠶ᠎ᠠ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠪᠠᠶᠢᠭᠤᠯᠤᠯ ᠢᠶᠠᠨ ᠥᠭᠡᠷᠡᠴᠢᠯᠡᠨ ᠲᠠᠬᠢᠨ ᠪᠠᠶᠢᠭᠤᠯᠬᠤ ᠪᠤᠶᠤ ᠤᠯᠤᠰ ‍ᠤᠨ‌ᠦᠮᠴᠢᠯᠡᠯᠲᠦ ᠬᠤᠪᠢ ᠡᠵᠡᠮᠳᠡᠭᠰᠡᠨ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ ᠶᠢᠨ ᠬᠥᠷᠥᠩᠭᠡ ᠨᠡᠮᠡᠭᠳᠡᠭᠦᠯᠦᠨ ᠬᠤᠪᠢ ᠥᠷᠭᠡᠳᠬᠡᠬᠦ ᠵᠢᠴᠢ ᠠᠵᠤ ᠠᠬᠤᠶᠢᠯᠠᠯ ᠤᠨ ᠡᠵᠡᠩᠨᠡᠯᠲᠡ ᠶᠢᠨ ᠬᠠᠮᠢᠶᠠᠷᠤᠯᠲᠠ ᠳᠤ ᠤᠷᠤᠯᠴᠠᠨ᠎ᠠ᠃ ᠨᠡᠶᠢᠲᠡ ᠶᠢᠨ ᠥᠮᠴᠢᠯᠡᠯ ᠤᠨ ᠪᠤᠰᠤ ᠬᠦᠷᠦᠩᠭᠡ ᠶᠢᠨ ᠪᠡᠯᠡ ᠣᠷᠣᠭᠤᠯᠤᠯᠲᠠ ᠶᠢᠨ ᠭᠤᠣᠯ ᠴᠣᠭᠴᠠ ᠨᠢ ᠵᠤᠭᠤᠰ ᠭᠠᠷᠭᠠᠬᠤ ᠪᠤᠶᠤ ᠪᠣᠳᠠᠲᠤ ᠶᠠᠭᠤᠮ᠎ᠠ᠂ ᠬᠤᠪᠢᠴᠠᠭᠠᠨ ᠤ ᠡᠷᠬᠡ᠂ ᠭᠠᠵᠠᠷ ᠰᠢᠷᠣᠶ ᠶᠢᠨ ᠬᠡᠷᠡᠭᠯᠡᠬᠦ ᠡᠷᠬᠡ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠤᠨ ᠵᠥᠪᠰᠢᠶᠡᠷᠡᠭᠰᠡᠨ ᠠᠷᠭ᠎ᠠ ᠮᠠᠶ᠋ᠢᠭ ᠢᠶᠠᠷ ᠪᠡᠯᠠ ᠣᠷᠣᠭᠤᠯᠵᠤ ᠪᠣᠯᠣᠨ᠎ᠠ᠃ ᠠᠵᠤ ᠠᠬᠤᠶᠢᠯᠠᠯ ᠤᠯᠤᠰ ᠤᠨ ᠥᠮᠴᠢᠯᠡᠯ ᠤᠨ ᠡᠷᠬᠡ ᠪᠤᠶᠤ ᠤᠯᠤᠰ ᠤᠨ ᠥᠮᠴᠢᠯᠡᠯ ᠤᠨ ᠬᠤᠪᠢᠴᠠᠭᠠᠨ ᠤ ᠡᠷᠬᠡ ᠶᠢ ᠰᠢᠯᠵᠢᠭᠦᠯᠦᠨ ᠥᠭᠬᠦ ᠦᠶ᠎ᠡ ᠳᠤ᠂ ᠤᠯᠤᠰ ᠠᠴᠠ᠂ ᠥᠪᠡᠷᠲᠡᠭᠡᠨ ᠵᠠᠰᠠᠭ ᠣᠷᠣᠨ ᠠᠴᠠ ᠥᠭᠡᠷ᠎ᠡ ᠲᠣᠭᠲᠠᠭᠠᠯ ᠲᠠᠢ ᠪᠠᠶᠢᠬᠤ ᠶᠢ ᠭᠠᠷᠭᠠᠪᠠᠯ᠂ ᠡᠩ ᠤᠨ ᠰᠢᠯᠵᠢᠭᠦᠯᠦᠨ ᠠᠪᠤᠭᠴᠢ ᠳᠤ ᠬᠢᠷᠢ ᠴᠢᠳᠠᠯ ᠤᠨ ᠨᠥᠬᠦᠴᠡᠯ ᠢᠶᠠᠷ ᠨᠢ ᠲᠤᠰᠠᠭᠠᠷ ᠨᠢ ᠪᠡᠯᠡ ᠣᠷᠣᠭᠤᠯᠤᠯᠲᠠ ᠶᠢᠨ ᠭᠤᠣᠯ ᠴᠣᠭᠴᠠ ᠳᠤ  ᠨᠡᠮᠡᠯᠲᠡ ᠨᠥᠬᠦᠴᠡᠯ   ᠲᠣᠭᠲᠠᠭᠠᠬᠤ  ᠦᠭᠡᠢ᠃            ︵ᠶᠢᠰᠦ︶ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠬᠤᠯᠢᠮᠠᠭ ᠥᠮᠴᠢᠯᠡᠯ ᠤᠨ ᠳᠦᠷᠢᠮ ᠤᠨ ᠥᠭᠡᠷᠡᠴᠢᠯᠡᠯᠲᠡ ᠳᠤ ᠬᠠᠮᠲᠤ ᠶᠢᠨ ᠬᠦᠷᠦᠩᠭᠡ ᠣᠷᠣᠯᠴᠠᠬᠤ ᠶᠢ ᠳᠡᠮᠵᠢᠨ᠎ᠡ᠃ ᠬᠠᠮᠲᠤ ᠶᠢᠨ ᠡᠳ᠋ ᠬᠦᠷᠦᠩᠭᠡ ᠶᠢᠨ ᠥᠮᠴᠢᠯᠡᠬᠦ ᠡᠷᠬᠡ ᠶᠢ ᠲᠣᠳᠣᠷᠬᠠᠶ ᠪᠣᠯᠭᠠᠨ᠂ ᠬᠤᠪᠢᠴᠠᠭᠠᠨ ᠤ ᠡᠷᠬᠡ ᠶᠢ ᠤᠯᠠᠨ ᠡᠰᠢᠵᠢᠭᠦᠯᠦᠨ ᠬᠥᠭᠵᠢᠭᠦᠯᠵᠦ᠂ ᠡᠵᠡᠩᠨᠡᠯᠲᠡ ᠨᠢ ᠠᠵᠤ ᠦᠢᠯᠡᠰᠵᠢᠭᠰᠡᠨ᠂ ᠬᠠᠮᠢᠶᠠᠷᠤᠯᠲᠠ ᠬᠡᠪ ᠵᠢᠷᠤᠮᠵᠢᠭᠰᠠᠨ ᠠᠵᠤ ᠠᠬᠤᠶ ᠶᠢᠨ ᠪᠣᠳᠠᠲᠤ ᠴᠣᠭᠴᠠ ᠶᠢ ᠬᠦᠭᠵᠢᠭᠦᠯᠦᠨ᠎ᠡ᠃ ᠨᠤᠲᠠᠯᠠᠨ ᠵᠦᠪᠰᠢᠶᠡᠷᠡᠭᠰᠡᠨ ᠬᠠᠮᠲᠤ ᠶᠢᠨ ᠥᠮᠴᠢᠯᠡᠯ ᠤᠨ ᠬᠦᠷᠦᠩᠭᠡ᠂ ᠡᠳ᠋ ᠬᠦᠷᠦᠩᠭᠡ ᠪᠠ ᠪᠤᠰᠤᠳ ᠦᠢᠯᠡᠳᠪᠦᠷᠢᠯᠡᠯ ᠤᠨ ᠡᠯᠧᠮᠧᠨ᠋ᠲ ᠢᠶᠠᠷ ᠦᠨ᠎ᠡ ᠪᠤᠳᠤᠵᠦ ᠬᠤᠪᠢ ᠤᠷᠤᠭᠤᠯᠤᠨ᠂ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠬᠤᠯᠢᠮᠠᠭ ᠥᠮᠴᠢᠯᠡᠯ ᠤᠨ ᠥᠭᠡᠷᠡᠴᠢᠯᠡᠯᠲᠡ ᠳᠤ ᠤᠷᠤᠯᠴᠠᠨ᠎ᠠ᠃ ᠤᠯᠤᠰ ᠤᠨ ᠬᠤᠪᠢ ᠤᠷᠤᠭᠤᠯᠤᠨ ᠬᠤᠷᠰᠢᠬᠤ ᠠᠵᠤ ᠠᠬᠤᠶ ︵ᠠᠵᠤ ᠠᠬᠤᠶᠢᠯᠠᠯ︶ ᠶᠢᠨ ᠬᠠᠮᠢᠶᠠᠷᠤᠯᠲᠠ ᠶᠢ ᠴᠢᠩᠭ᠎ᠠ ᠬᠡᠷᠡᠭᠵᠢᠭᠦᠯᠦᠨ᠎ᠡ᠃      ︵ᠠᠷᠪᠠ︶ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠬᠤᠯᠢᠮᠠᠭ ᠥᠮᠴᠢᠯᠡᠯ ᠤᠨ ᠥᠭᠡᠷᠡᠴᠢᠯᠡᠯᠲᠡ ᠳᠤ ᠭᠠᠳᠠᠭᠠᠳᠤ ᠶᠢᠨ ᠪᠡᠯᠡ ᠶᠢ ᠡᠮᠬᠢ ᠵᠢᠷᠤᠮ ᠲᠠᠢ ᠪᠠᠷ ᠰᠢᠩᠭᠡᠭᠡᠨ᠎ᠡ᠃ ᠭᠠᠳᠠᠭᠠᠳᠤ ᠶᠢᠨ ᠪᠡᠯᠡ ᠮᠥᠩᠭᠦ ᠶᠢ ᠲᠡᠳᠡᠨ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠪᠠᠶᠢᠭᠤᠯᠤᠯ ᠢᠶᠠᠨ ᠥᠭᠡᠷᠡᠴᠢᠯᠡᠨ ᠲᠠᠬᠢᠨ ᠪᠠᠶᠢᠭᠤᠯᠬᠤ ᠂ ᠪᠡᠯᠡ‌ᠨᠡᠶᠢᠯᠡᠭᠦᠯᠵᠦ ᠬᠠᠮᠲᠤᠷᠠᠨ ᠠᠵᠢᠯᠯᠠᠬᠤ ᠳᠤ ᠤᠷᠤᠯᠴᠭᠤᠯᠵᠤ᠂ ᠪᠡᠯᠡ ᠣᠷᠣᠭᠤᠯᠵᠤ ᠪᠡᠯᠡ ᠨᠡᠶᠢᠯᠡᠭᠦᠯᠬᠦ ᠬᠠᠮᠲᠤᠷᠠᠨ ᠠᠵᠢᠯᠯᠠᠬᠤ ᠵᠡᠷᠭᠡ ᠠᠷᠭ᠎ᠠ ᠪᠠᠷᠢᠯ ᠢ ᠵᠣᠷᠢᠭᠵᠢᠭᠤᠯᠤᠨ᠂ ᠳᠡᠯᠡᠬᠡᠶ ᠶᠢᠨ ᠵᠠᠬ᠎ᠠ ᠳᠡᠯᠭᠡᠭᠦᠷ᠂ ᠮᠡᠷᠭᠡᠵᠢᠯ᠂ ᠴᠢᠳᠠᠪᠤᠷᠢᠲᠠᠨ ᠵᠡᠷᠭᠡ ᠡᠬᠢ  ᠪᠠᠶᠠᠯᠢᠭ ᠪᠠ ᠡᠯᠧᠮᠧᠨ᠋ᠲ ᠢ ᠭᠦᠢᠴᠡᠳ ᠠᠰᠢᠭᠯᠠᠨ ᠬᠤᠯᠢᠮᠠᠭ ᠦᠮᠴᠢᠯᠡᠯᠲᠦ ᠠᠵᠤ ᠠᠬᠤᠶ ᠶᠢ ᠬᠥᠭᠵᠢᠭᠦᠯᠦᠨ᠎ᠡ᠃ ᠨᠡᠭᠡᠭᠡᠯᠲᠡ ᠶᠢ ᠥᠷᠭᠡᠳᠬᠡᠬᠦ ᠪᠠ ᠬᠢᠨᠠᠨ ᠬᠠᠮᠢᠶᠠᠷᠤᠯᠲᠠ ᠶᠢ ᠴᠢᠩᠭᠠᠳᠬᠠᠬᠤ ᠢᠵᠢᠯ ᠠᠯᠬᠤᠮ ᠲᠠᠢ ᠪᠠᠶᠢᠬᠤ ᠱᠠᠭᠠᠷᠳᠠᠯᠭ᠎ᠠ ᠶᠣᠰᠣᠭᠠᠷ᠂ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠬᠤ ᠠᠵᠤ ᠦᠢᠯᠡᠰ ᠤᠨ ᠵᠢᠯᠣᠭᠤᠳᠤᠮᠵᠢ ᠶᠢᠨ ᠵᠢᠭᠰᠠᠭᠠᠯᠲᠠ ᠪᠠ ᠬᠤᠯᠪᠣᠭᠳᠠᠯ ᠪᠦᠬᠦᠢ ᠠᠶᠤᠯᠭᠦᠶ ᠶᠢᠨ ᠬᠢᠨᠠᠨ ᠪᠠᠶᠢᠴᠠᠭᠠᠬᠤ ᠲᠣᠭᠲᠠᠭᠠᠯ ᠶᠣᠰᠣᠭᠠᠷ ᠭᠠᠳᠠᠭᠠᠳᠤ ᠪᠡᠯᠡ ᠶᠢᠨ ᠠᠶᠤᠯᠭᠦᠶ ᠶᠢᠨ ᠬᠢᠨᠠᠨ ᠪᠠᠶᠢᠴᠠᠭᠠᠬᠤ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠠᠶᠤᠯ ᠲᠦᠭᠰᠢᠭᠦᠷᠢ ᠶᠢ ᠰᠡᠷᠭᠡᠶᠢᠯᠡᠬᠦ  ᠶᠢ ᠦᠨᠡᠨᠬᠦ ᠴᠢᠩᠭᠠᠳᠬᠠᠨ᠎ᠠ᠃            ︵ᠠᠷᠪᠠᠨ ᠨᠢᠭᠡ︶  ᠵᠠᠰᠠᠭ ᠤᠨ ᠤᠷᠳᠤᠨ ᠪᠤᠯᠤᠨ ᠨᠡᠶᠢᠭᠡᠮ ᠤᠨ ᠪᠡᠯᠡ ᠮᠦᠩᠬᠦ ᠶᠢᠨ ᠬᠠᠮᠲᠤᠷᠠᠭᠰᠠᠨ ︵ppp︶ ᠬᠡᠪ ᠵᠠᠭᠪᠤᠷ ᠢ ᠲᠡᠯᠭᠡᠷᠡᠭᠦᠯᠦᠨ᠎ᠡ᠃  ᠵᠠᠰᠠᠭ ᠤᠨ ᠤᠷᠳᠤᠨ ᠤ ᠪᠡᠯᠡ ᠤᠷᠤᠭᠤᠯᠬᠤ ᠠᠷᠭ᠎ᠠ ᠠᠪᠴᠡᠯ ᠢ ᠰᠢᠯᠢᠳᠡᠭᠵᠢᠬᠦᠯᠵᠦ᠂ ᠪᠡᠯᠡ ᠣᠷᠣᠭᠤᠯᠣᠨ ᠨᠥᠬᠦᠪᠦᠷᠢᠯᠡᠬᠦ᠂ ᠰᠠᠭᠤᠷᠢ ᠮᠥᠩᠬᠦ ᠪᠠᠷ ᠪᠡᠯᠡ ᠣᠷᠣᠭᠤᠯᠬᠤ᠂ ᠵᠢᠭᠡᠯᠡᠯᠭᠡ ᠶᠢᠨ ᠬᠦᠦ ᠮᠥᠩᠬᠦ ᠶᠢᠨ ᠨᠥᠬᠦᠪᠦᠷᠢ ᠣᠯᠭᠤᠬᠤ ᠵᠡᠷᠭᠡ ᠠᠷᠭ᠎ᠠ ᠪᠠᠷ ᠨᠡᠶᠢᠭᠡᠮ ᠤᠨ ᠪᠡᠯᠡ ᠮᠥᠩᠬᠦ ᠣᠷᠣᠭᠰᠠᠨ ᠲᠥᠷᠥᠯ ᠵᠦᠢᠯ ᠢ ᠲᠡᠷᠢᠭᠦᠨ ᠳᠤᠨᠢ ᠳᠡᠮᠵᠢᠨ᠎ᠡ᠃ ᠲᠥᠷᠥᠯ ᠵᠦᠢᠯ ᠤᠨ ᠡᠵᠡᠩᠨᠡᠯᠲᠡ ᠶᠢᠨ ᠠᠮᠵᠢᠯᠲᠠ ᠪᠦᠲᠦᠮᠵᠢ ᠶᠢ ᠦᠨᠡᠯᠡᠭᠰᠡᠨ ᠦᠷ᠎ᠡ ᠳ᠋ᠦᠩ ᠢᠶᠠᠷ ᠦᠨᠳᠦᠰᠦᠯᠡᠯ  ᠪᠣᠯᠭᠠᠵᠤ᠂ ᠦᠨ᠎ᠡ ᠪᠠ ᠨᠥᠬᠦᠪᠥᠷᠢ ᠳᠤ ᠲᠣᠬᠢᠷᠠᠭᠤᠯᠤᠯᠲᠠ ᠬᠢᠨ᠎ᠡ᠃ ᠰᠠᠭᠤᠷᠢ ᠲᠥᠬᠦᠭᠡᠷᠦᠮᠵᠢ᠂ ᠤᠯᠠᠨ ᠨᠡᠶᠢᠲᠡ ᠶᠢᠨ ᠦᠢᠯᠡᠴᠢᠯᠡᠭᠡ ᠵᠡᠷᠭᠡ ᠬᠦᠷᠢᠶᠡᠨ ᠤ ᠲᠥᠷᠥᠯ ᠵᠦᠢᠯ ᠳᠤ ᠨᠡᠶᠢᠭᠡᠮ ᠤᠨ ᠬᠦᠷᠦᠩᠭᠡ ᠤᠷᠤᠭᠤᠯᠬᠤ ᠪᠤᠶᠤ ᠬᠤᠪᠢ ᠣᠷᠣᠭᠤᠯᠬᠤ ᠶᠢ ᠵᠤᠷᠢᠭᠵᠢᠭᠤᠯᠵᠤ᠂ ᠪᠠᠯᠠ ᠣᠷᠣᠭᠤᠯᠤᠭᠴᠢ ᠳᠤ ᠡᠷᠬᠡ ᠲᠡᠭᠰᠢ ᠥᠷᠢᠰᠥᠯᠳᠦᠭᠡᠨ ᠤ ᠲᠤᠮᠳᠠ ᠵᠦᠢ ᠵᠣᠬᠢᠰᠲᠠᠶ ᠠᠰᠢᠭ ᠣᠷᠣᠯᠭ᠎ᠠ ᠶᠢ ᠤᠯᠭᠤᠯᠤᠨ᠎ᠠ᠃ ᠮᠡᠳᠡᠭᠡ ᠵᠠᠩᠭᠢ ᠶᠢ ᠢᠯᠡ ᠪᠣᠯᠭᠠᠬᠤ ᠪᠠ ᠲᠥᠷᠥᠯ ᠵᠦᠢᠯ ᠤᠨ ᠨᠥᠭᠡᠴᠡ ᠶᠢ ᠴᠢᠩᠭᠠᠳᠬᠠᠵᠤ᠂ ᠶᠡᠷᠦᠩᠬᠡᠶᠢᠯᠡᠭᠰᠡᠨ ᠮᠡᠳᠡᠭᠡ ᠵᠠᠩᠭᠢ ᠶᠢᠨ ᠦᠢᠯᠡᠴᠢᠯᠡᠭᠡᠨ ᠤ ᠲᠠᠪᠴᠠᠩ ᠪᠠᠶᠢᠭᠤᠯᠵᠤ᠂ ᠴᠠᠭ ᠲᠤ ᠨᠢ ᠲᠣᠬᠢᠷᠠᠭᠤᠯᠵᠤ ᠠᠷᠠᠳ ᠤᠨ ᠬᠥᠷᠥᠩᠭᠡ ᠳᠤ ᠨᠢᠭᠡ ᠪᠦᠯᠦᠭ ᠠᠵᠤ ᠦᠢᠯᠡᠰ ᠤᠨ ᠲᠦᠷᠦ ᠶᠢᠨ ᠪᠤᠳᠦᠯᠭ᠎ᠠ ᠳᠤ ᠨᠡᠶᠢᠴᠡᠬᠦ᠂ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠳᠤ ᠠᠰᠢᠭᠲᠠᠶ ᠲᠤᠷᠰᠢᠯᠲᠠ ᠶᠢᠨ ᠲᠥᠷᠥᠯ ᠵᠦᠢᠯ ᠢ ᠭᠠᠷᠭᠠᠨ᠎ᠠ᠃     ︵ᠠᠷᠪᠠᠨ ᠬᠤᠶᠠᠷ︶ ᠤᠯᠤᠰ ᠤᠨ ᠦᠮᠴᠢᠯᠡᠯᠲᠦ ᠬᠦᠷᠦᠩᠭᠡ ᠶᠢᠨ ᠤᠯᠠᠨ ᠬᠡᠯᠪᠡᠷᠢ ᠮᠠᠶ᠋ᠢᠭ ᠢᠶᠠᠷ ᠤᠯᠤᠰ ᠤᠨ ᠦᠮᠴᠢᠯᠡᠯᠲᠦ ᠪᠤᠰᠤ ᠠᠵᠤ ᠠᠬᠤᠶᠢᠯᠠᠯ ᠳᠤ ᠬᠤᠪᠢ ᠣᠷᠣᠭᠤᠯᠬᠤ ᠶᠢ ᠵᠤᠷᠢᠭᠵᠢᠭᠤᠯᠤᠨ᠎ᠠ᠃ ᠤᠯᠠᠨ ᠨᠡᠶᠢᠲᠡ ᠶᠢᠨ ᠦᠢᠯᠡᠴᠢᠯᠡᠭᠡ᠂ ᠳᠡᠭᠡᠳᠦ ᠰᠢᠨ᠎ᠡ ᠮᠡᠷᠭᠡᠵᠢᠯ᠂ ᠠᠮᠢ ᠠᠬᠤᠶ ᠶᠢᠨ ᠣᠷᠴᠢᠨ ᠨᠥᠬᠦᠴᠡᠯ ᠤᠨ ᠬᠠᠮᠠᠭᠠᠯᠠᠯᠲᠠ ᠪᠣᠯᠤᠨ ᠪᠠᠶᠢᠯᠳᠤᠬᠤ ᠪᠤᠳᠤᠯᠭ᠎ᠠ ᠶᠢᠨ ᠴᠢᠨᠠᠷᠲᠠᠶ ᠠᠵᠤ ᠦᠢᠯᠡᠰ ᠵᠡᠷᠭᠡ ᠭᠤᠣᠯᠳᠠᠯᠭ᠎ᠠ ᠲᠠᠢ ᠬᠦᠷᠢᠶᠡᠨ ᠳᠤ᠂ ᠵᠠᠬ᠎ᠠ ᠳᠡᠯᠭᠡᠭᠦᠷ ᠤᠨ ᠰᠣᠩᠭᠤᠯᠲᠠ ᠪᠠᠷ ᠤᠷᠢᠲᠠᠯ ᠪᠣᠯᠭᠠᠵᠤ᠂ ᠬᠦᠷᠦᠩᠭᠡ ᠪᠠᠷ ᠵᠠᠩᠭᠢᠯᠠᠭ᠎ᠠ ᠪᠣᠯᠭᠠᠵᠤ᠂ ᠤᠯᠤᠰ ᠤᠨ ᠦᠮᠴᠢᠯᠡᠯᠲᠦ ᠬᠥᠷᠦᠩᠭᠡ ᠶᠢᠨ ᠪᠡᠯᠡ ᠣᠷᠣᠭᠤᠯᠤᠯᠲᠠ᠂ ᠡᠵᠡᠩᠨᠡᠯᠲᠡ ᠶᠢᠨ ᠺᠣᠮᠫᠠᠨᠢ ᠶᠢᠨ ᠬᠦᠷᠦᠩᠭᠡ ᠶᠢᠨ ᠠᠵᠢᠯᠯᠠᠭᠠᠨ ᠤ ᠲᠠᠪᠴᠠᠩ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠬᠥᠭᠵᠢᠯᠲᠡ ᠶᠢᠨ ᠳᠠᠯᠳᠠ ᠬᠦᠴᠦᠨ ᠶᠡᠭᠡ᠂ ᠪᠤᠶᠢᠵᠢᠯᠲᠠ ᠶᠢᠨ ᠴᠢᠨᠠᠷ ᠴᠢᠩᠭ᠎ᠠ ᠤᠯᠤᠰ ᠤᠨ ᠦᠮᠴᠢᠯᠡᠯᠲᠦ ᠪᠤᠰᠤ ᠠᠵᠤ ᠠᠬᠤᠶᠢᠯᠠᠯ ᠳᠤ ᠰᠲ᠋ᠣᠺ ᠤᠨ ᠡᠷᠬᠡ ᠶᠢᠨ ᠪᠡᠯᠡ ᠤᠷᠤᠭᠤᠯᠤᠨ᠎ᠠ᠃ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠪᠡᠯᠡ ᠤᠷᠤᠭᠤᠯᠤᠨ ᠬᠤᠪᠢᠴᠠᠭ᠎ᠠ ᠣᠷᠣᠭᠤᠯᠬᠤ᠂ ᠬᠠᠮᠲᠤᠷᠠᠨ ᠪᠡᠯᠡ ᠣᠷᠣᠭᠤᠯᠬᠤ᠂ ᠨᠡᠶᠢᠯᠡᠭᠦᠯᠦᠨ ᠬᠤᠳᠠᠯᠳᠤᠨ ᠠᠪᠴᠤ ᠲᠠᠬᠢᠨ ᠨᠢᠭᠡᠳᠭᠡᠭᠦ ᠵᠡᠷᠭᠡ ᠤᠯᠠᠨ ᠵᠦᠢᠯ ᠤᠨ ᠠᠷᠭ᠎ᠠ ᠬᠡᠯᠪᠡᠷᠢ ᠪᠠᠷ ᠤᠯᠤᠰ ᠤᠨ  ᠦᠮᠴᠢᠯᠡᠯᠲᠦ ᠪᠤᠰᠤ ᠠᠵᠤ ᠠᠬᠤᠶᠢᠯᠠᠯ ᠲᠠᠢ ᠰᠲ᠋ᠣᠺ ᠤᠨ ᠡᠷᠬᠡ  ᠶᠢᠨ ᠨᠡᠶᠢᠯᠡᠯ ᠢ ᠶᠠᠪᠤᠭᠳᠠᠭᠤᠯᠵᠤ᠂ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭ᠎ᠠ ᠪᠠ ᠡᠬᠢ ᠪᠠᠶᠠᠯᠢᠭ ᠢ ᠨᠢᠭᠡᠳᠭᠡᠵᠦ᠂ ᠬᠤᠯᠢᠮᠠᠭ  ᠦᠮᠴᠢᠯᠡᠯᠲᠦ ᠠᠵᠤ ᠠᠬᠤᠶ ᠶᠢ ᠬᠥᠭᠵᠢᠭᠦᠯᠬᠦ ᠶᠢ ᠵᠣᠷᠢᠭᠵᠢᠭᠤᠯᠤᠨ᠎ᠠ᠃  ᠤᠯᠤᠰ ᠤᠨ ᠦᠮᠴᠢᠯᠡᠯᠲᠦ ᠬᠦᠷᠦᠩᠭᠡ ᠪᠣᠯᠤᠨ ᠤᠯᠤᠰ ᠤᠨ ᠦᠮᠴᠢᠯᠡᠯᠲᠦ ᠪᠤᠰᠤ ᠬᠦᠷᠦᠩᠭᠡ ᠬᠠᠮᠲᠤ ᠪᠠᠷ ᠰᠲ᠋ᠣᠺ ᠤᠨ ᠡᠷᠬᠡ ᠶᠢᠨ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠪᠠᠶᠢᠭᠤᠯᠵᠤ᠂ ᠠᠵᠤ ᠠᠬᠤᠶᠢᠯᠠᠯ ᠤᠨ ᠪᠠᠶᠢᠭᠤᠯᠤᠯ ᠢᠶᠠᠨ ᠥᠭᠡᠷᠡᠴᠢᠯᠡᠨ ᠲᠠᠬᠢᠨ ᠪᠠᠶᠢᠭᠤᠯᠬᠤ ᠳᠤ ᠣᠷᠣᠯᠴᠠᠬᠤ ᠶᠢ ᠳᠡᠮᠵᠢᠨ᠎ᠡ᠃      ︵ᠠᠷᠪᠠᠨ ᠭᠤᠷᠪᠠ︶ ᠲᠡᠷᠢᠭᠦᠨ ᠬᠤᠪᠢᠴᠠᠭ᠎ᠠ ᠬᠢᠭᠡᠳ ᠤᠯᠤᠰ ᠤᠨ ᠣᠨᠴᠠᠭᠠᠶ ᠬᠠᠮᠢᠶᠠᠷᠤᠯᠲᠠ ᠶᠢᠨ ᠬᠤᠪᠢᠴᠠᠭ᠎ᠠ ᠶᠢᠨ ᠠᠷᠭ᠎ᠠ ᠮᠠᠶ᠋ᠢᠭ  ᠢ ᠬᠠᠶᠢᠨ ᠰᠦᠪᠡᠭᠴᠢᠯᠡᠨ᠎ᠡ᠃ ᠤᠯᠤᠰ ᠤᠨ ᠦᠮᠴᠢᠯᠡᠯᠲᠦ ᠭᠦᠷᠦᠩᠭᠡ ᠶᠢᠨ ᠤᠯᠤᠰ ᠤᠨ ᠦᠮᠴᠢᠯᠡᠯᠲᠦ ᠪᠤᠰᠤ ᠠᠵᠤ ᠠᠬᠤᠶᠢᠯᠠᠯ ᠳᠤ ᠬᠤᠪᠢ ᠤᠷᠤᠭᠤᠯᠬᠤ ᠪᠤᠶᠤ ᠤᠯᠤᠰ ᠤᠨ ᠦᠮᠴᠢᠯᠡᠯᠲᠦ ᠠᠵᠤ ᠠᠬᠤᠶᠢᠯᠠᠯ ᠤᠯᠤᠰ ᠤᠨ ᠦᠮᠴᠢᠯᠡᠯᠲᠦ ᠪᠤᠰᠤ ᠬᠥᠷᠥᠩᠭᠡ ᠶᠢ ᠤᠷᠤᠭᠤᠯᠬᠤ ᠦᠶ᠎ᠡ ᠳᠤ᠂ ᠬᠡᠰᠡᠭ ᠤᠯᠤᠰ ᠤᠨ ᠦᠮᠴᠢᠯᠡᠯᠲᠦ ᠬᠦᠷᠦᠩᠭᠡ ᠶᠢ ᠲᠡᠷᠢᠭᠦᠨ ᠬᠤᠪᠢᠴᠠᠭ᠎ᠠ ᠪᠤᠯᠭᠠᠨ ᠬᠤᠪᠢᠷᠠᠭᠤᠯᠬᠤ ᠶᠢ ᠵᠦᠪᠰᠢᠶᠡᠷᠡᠨ᠎ᠡ᠃ ᠴᠥᠭᠡᠨ ᠲᠣᠭᠠᠨ ᠤ ᠣᠨᠴᠠ ᠲᠣᠭᠲᠠᠭᠠᠭᠰᠠᠨ ᠬᠦᠷᠢᠶᠡᠨ ᠳᠤ ᠤᠯᠤᠰ ᠤᠨ ᠣᠨᠴᠠᠭᠠᠶ ᠬᠠᠮᠢᠶᠠᠷᠤᠯᠲᠠ ᠶᠢᠨ  ᠬᠤᠪᠢᠴᠠᠭ᠎ᠠ ᠶᠢᠨ ᠲᠦᠷᠢᠮ ᠢ ᠰᠦᠪᠡᠭᠴᠢᠯᠡᠨ ᠪᠠᠶᠢᠭᠤᠯᠵᠤ᠂ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠺᠣᠮᠫᠠᠨᠢ ᠶᠢᠨ ᠳᠦᠷᠢᠮ ᠲᠣᠭᠲᠠᠭᠠᠯ ᠶᠣᠰᠣᠭᠠᠷ᠂ ᠣᠨᠴᠠ ᠲᠣᠭᠲᠠᠭᠠᠭᠰᠠᠨ ᠵᠦᠢᠯᠡᠰ ᠢ ᠦᠭᠡᠶᠢᠰᠬᠡᠬᠦ ᠡᠷᠬᠡ ᠶᠢ   ᠬᠡᠷᠡᠭᠵᠢᠭᠦᠯᠵᠦ᠂ ᠣᠨᠴᠠ ᠲᠣᠭᠲᠠᠭᠠᠭᠰᠠᠨ ᠬᠦᠷᠢᠶᠡᠨ ᠳᠠᠬᠢ ᠤᠯᠤᠰ ᠤᠨ ᠦᠮᠴᠢᠯᠡᠯᠲᠦ ᠬᠦᠷᠦᠩᠭᠡ ᠶᠢᠨ ᠡᠵᠡᠮᠳᠡᠬᠦ ᠴᠢᠳᠠᠪᠤᠷᠢ ᠶᠢ ᠪᠠᠲᠤᠯᠠᠨ᠎ᠠ᠃         ︵ᠠᠷᠪᠠᠨ ᠲᠦᠷᠪᠡ︶ ᠬᠤᠯᠢᠮᠠᠭ ᠦᠮᠴᠢᠯᠡᠯᠲᠦ ᠠᠵᠤ ᠠᠬᠤᠶᠢᠯᠠᠯ ᠤᠨ ᠠᠵᠢᠯᠲᠠᠨ ᠤ ᠬᠤᠪᠢᠴᠠᠭ᠎ᠠ ᠡᠵᠡᠮᠰᠢᠬᠦ ᠶᠢ ᠰᠦᠪᠡᠭᠴᠢᠯᠡᠨ ᠬᠡᠷᠡᠭᠵᠢᠭᠦᠯᠦᠨ᠎ᠡ᠃ ᠵᠣᠷᠢᠭᠵᠢᠭᠤᠯᠬᠤ ᠪᠠ ᠬᠢᠵᠠᠭᠠᠷᠯᠠᠬᠤ ᠶᠢ ᠤᠶᠠᠯᠳᠤᠭᠤᠯᠬᠤ ᠵᠠᠷᠴᠢᠮ ᠢ ᠪᠠᠷᠢᠮᠲᠠᠯᠠᠵᠤ᠂ ᠲᠤᠷᠰᠢᠯᠲᠠ ᠬᠢᠬᠦ ᠪᠠᠷ ᠳᠠᠮᠵᠢᠭᠤᠯᠤᠨ ᠠᠵᠢᠯᠲᠠᠨ ᠤ ᠬᠤᠪᠢᠴᠠᠭ᠎ᠠ ᠡᠵᠡᠮᠰᠢᠬᠦ ᠶᠢ ᠯᠠᠪᠳᠠᠭᠤᠨ ᠢᠶᠠᠷ ᠲᠦᠯᠬᠢᠨ ᠠᠬᠢᠭᠤᠯᠤᠨ᠎ᠠ᠃ ᠪᠦᠷᠢᠨ‌ᠥᠷᠢᠰᠥᠯᠳᠦᠭᠡᠨ ᠤ ᠴᠢᠨᠠᠷᠲᠠᠶ ᠲᠤᠬᠠᠶᠢᠯᠠᠭᠰᠠᠨ ᠠᠵᠢᠯ ᠲᠠᠢ ᠂ ᠴᠢᠳᠠᠪᠤᠷᠢᠲᠠᠨ ᠤ ᠥᠪ ᠬᠦᠷᠤᠩᠭᠡ᠂ ᠲᠧᠭᠨᠢᠭ ᠮᠡᠷᠭᠡᠵᠢᠯ ᠤᠨ ᠬᠦᠷᠦᠩᠬᠡ ᠶᠢᠨ ᠡᠯᠧᠮᠧᠨ᠋ᠲ ᠤᠨ ᠬᠤᠪᠢ ᠨᠡᠮᠡᠷᠢ ᠢᠶᠠᠷ ᠨᠡᠯᠢᠶᠡᠳ ᠥᠨᠳᠥᠷ ᠠᠵᠤ ᠠᠬᠤᠶᠢᠯᠠᠯ ᠤᠨ ᠲᠤᠷᠰᠢᠯᠲᠠ ᠶᠢᠨ ᠴᠢᠭ᠋ ᠭᠠᠷᠭᠠᠵᠤ᠂ ᠠᠵᠤ ᠠᠬᠤᠶᠢᠯᠠᠯ ᠤᠨ ᠡᠵᠡᠩᠨᠡᠯᠲᠡ ᠶᠢᠨ ᠠᠵᠢᠯ ᠤᠨ ᠠᠮᠵᠢᠯᠲᠠ ᠪᠠ  ᠦᠷᠬᠦᠯᠵᠢᠯᠡᠬᠦᠶᠢᠴᠡ ᠬᠥᠭᠵᠢᠯᠲᠡ ᠳᠤ ᠰᠢᠭᠤᠳ ᠪᠤᠶᠤ ᠨᠡᠯᠢᠶᠡᠳ ᠶᠡᠭᠡ ᠨᠥᠯᠥᠭᠡ ᠪᠦᠬᠦᠢ ᠰᠢᠨᠵᠢᠯᠡᠬᠦ ᠤᠬᠠᠭᠠᠨ ᠤ  ᠰᠤᠳᠤᠯᠭᠠᠲᠠᠨ᠂ ᠡᠵᠡᠩᠨᠡᠯᠲᠡ ᠬᠠᠮᠢᠶᠠᠷᠤᠯᠲᠠ ᠶᠢᠨ ᠠᠵᠢᠯᠳᠠᠨ ᠪᠠ ᠲᠤᠬᠠᠶᠢᠯᠠᠭᠰᠠᠨ ᠠᠵᠢᠯ ᠤᠨ ᠭᠤᠣᠯᠯᠠᠭᠴᠢ ᠶᠢᠨ ᠬᠤᠪᠢ ᠡᠵᠡᠮᠰᠢᠬᠦ ᠶᠢ ᠵᠤᠷᠢᠭᠵᠢᠭᠤᠯᠤᠨ᠎ᠠ᠃ ᠠᠵᠢᠯᠲᠠᠨ ᠭᠤᠣᠯᠳᠠᠭᠤ ᠬᠥᠷᠥᠩᠭᠡ ᠨᠡᠮᠡᠭᠳᠡᠭᠦᠯᠦᠨ ᠬᠤᠪᠢ ᠥᠷᠭᠡᠳᠬᠡᠬᠦ᠂ ᠪᠡᠯᠡ ᠭᠠᠷᠭᠠᠨ ᠰᠢᠨ᠎ᠡ ᠪᠠᠷ ᠪᠠᠶᠢᠭᠤᠯᠬᠤ  ᠵᠡᠷᠭᠡ ᠠᠷᠭ᠎ᠠ ᠮᠠᠶ᠋ᠢᠭ ᠢᠶᠠᠷ ᠬᠤᠪᠢᠴᠠᠭ᠎ᠠ ᠡᠵᠡᠮᠰᠢᠵᠦ᠂ ᠠᠵᠢᠯᠲᠠᠨ ᠤ ᠬᠤᠪᠢ ᠬᠥᠮᠦᠨ ᠪᠠᠯᠠ ᠭᠠᠷᠭᠠᠨ ᠬᠤᠪᠢ ᠣᠷᠣᠭᠤᠯᠬᠤ ᠪᠤᠶᠤ ᠺᠣᠮᠫᠠᠨᠢ ᠳᠤ ᠪᠡᠯᠡ ᠤᠷᠤᠭᠤᠯᠬᠤ᠂ ᠬᠤᠪᠢ ᠣᠷᠣᠭᠤᠯᠤᠭᠰᠠᠨ ᠡᠷᠬᠡ ᠶᠢᠨ ᠢᠲᠡᠭᠡᠮᠵᠢᠲᠦ ᠨᠠᠶᠢᠳᠠᠯᠭ᠎ᠠ᠂ ᠬᠢᠵᠠᠭᠠᠷᠲᠤ ᠬᠤᠷᠰᠢᠬᠰᠠᠨ ᠠᠵᠤ ᠠᠬᠤᠶᠢᠯᠠᠯ ᠵᠡᠷᠭᠡ ᠠᠷᠭ᠎ᠠ ᠮᠠᠶ᠋ᠢᠭ ᠢᠶᠠᠷ ᠬᠤᠪᠢ ᠡᠵᠡᠮᠰᠢᠬᠦ ᠶᠢ ᠵᠦᠪᠰᠢᠶᠡᠷᠡᠨ᠎ᠡ᠃ ᠤᠯᠤᠰ ᠤᠨ ᠦᠮᠴᠢᠯᠡᠯᠲᠦ ᠠᠵᠤ ᠠᠬᠤᠶᠢᠯᠠᠯ ᠪᠠᠶᠢᠭᠤᠯᠤᠯ ᠢᠶᠠᠨ ᠦᠭᠡᠷᠡᠴᠢᠯᠡᠨ ᠭᠠᠳᠠᠨ᠎ᠠ ᠶᠢᠨ ᠪᠡᠯᠡ ᠣᠷᠣᠭᠤᠯᠤᠭᠴᠢᠳ ᠢ ᠣᠷᠣᠭᠤᠯᠤᠨ ᠠᠪᠴᠢᠷᠠᠬᠤ᠂ ᠲᠦᠷᠦᠯ ᠵᠦᠢᠯ ᠤᠨ ᠪᠦᠯᠬᠦᠮ ᠬᠠᠮᠲᠤᠪᠠᠷ ᠪᠡᠯᠡ ᠭᠠᠷᠭᠠᠵᠤ ᠰᠢᠨ᠎ᠡ ᠪᠠᠷ ᠬᠤᠯᠢᠮᠠᠭ ᠦᠮᠴᠢᠯᠡᠯᠲᠦ ᠠᠵᠤ ᠠᠬᠤᠶᠢᠯᠠᠯ ᠪᠠᠶᠢᠭᠤᠯᠬᠤ ᠳᠤ᠂ ᠬᠠᠮᠲᠤ ᠳᠤᠨᠢ ᠠᠵᠢᠯᠲᠠᠨ ᠤ ᠬᠤᠪᠢᠴᠠᠭ᠎ᠠ ᠡᠵᠡᠮᠰᠢᠬᠦ ᠶᠢ ᠵᠦᠪᠰᠢᠶᠡᠷᠡᠨ᠎ᠡ᠃ ᠠᠵᠢᠯᠲᠠᠨ ᠤ ᠬᠤᠪᠢ ᠡᠵᠡᠮᠰᠢᠬᠦ ᠪᠠ ᠬᠤᠭᠤᠴᠠᠭᠠᠲᠤ ᠡᠷᠬᠡ ᠶᠢ ᠤᠷᠮᠠᠰᠢᠭᠤᠯᠬᠤ  ᠶᠢᠨ ᠵᠦᠢ ᠵᠣᠬᠢᠰᠲᠠᠶ ᠤᠷᠤᠭᠰᠢᠯᠠᠵᠤ ᠤᠬᠤᠷᠢᠬᠤ᠂ ᠬᠥᠳᠡᠯᠦᠩᠭᠦᠶ ᠪᠠᠷ ᠲᠤᠬᠢᠷᠠᠭᠤᠯᠤᠯᠳᠠ ᠬᠢᠬᠦ ᠠᠵᠢᠯᠯᠠᠭᠠᠨ ᠤ ᠲᠣᠭᠲᠠᠴᠠ ᠶᠢ ᠰᠦᠪᠡᠭᠴᠢᠯᠡᠨ ᠪᠠᠶᠢᠭᠤᠯᠤᠨ᠎ᠠ᠃ ᠠᠵᠢᠯᠲᠠᠨ ᠤ ᠬᠤᠪᠢᠴᠠᠭ᠎ᠠ ᠡᠵᠡᠮᠰᠢᠬᠦ ᠬᠠᠮᠢᠶ᠎ᠠ ᠪᠥᠬᠦᠢ ᠲᠥᠷᠥ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ᠂ ᠬᠢᠨᠠᠨ ᠬᠠᠷᠭᠤᠭᠤᠯᠬᠤ   ᠶᠠᠪᠤᠴᠠ ᠶᠢ ᠲᠡᠭᠦᠯᠳᠡᠷᠵᠢᠭᠦᠯᠵᠦ᠂ ᠠᠵᠢᠯᠯᠠᠬᠤ ᠴᠤᠪᠤᠷᠠᠯ ᠢ ᠵᠢᠷᠤᠮᠵᠢᠭᠤᠯᠤᠨ  ᠂ ᠡᠳ᠋ ᠬᠦᠷᠦᠩᠭᠡ ᠶᠢ ᠦᠨᠡᠯᠡᠨ ᠵᠢᠱᠢᠬᠦ ᠶᠢ  ᠴᠢᠩᠭᠠᠳᠬᠠᠵᠤ᠂ ᠰᠲ᠋ᠣᠺ ᠤᠨ ᠡᠷᠬᠡ ᠶᠢ ᠡᠷᠭᠢᠯᠲᠡ ᠳᠤ ᠣᠷᠣᠭᠤᠯᠬᠤ ᠪᠠ ᠤᠬᠤᠷᠢᠨ ᠭᠠᠷᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠠᠵᠢᠯᠲᠠᠨ ᠤ ᠬᠤᠪᠢᠴᠠᠭ᠎ᠠ ᠡᠵᠡᠮᠰᠢᠬᠦ ᠶᠢ ᠢᠯᠡ ᠲᠣᠳᠣ ᠪᠠᠶᠢᠬᠤ ᠶᠢ ᠦᠨᠡᠨᠬᠦ ᠪᠠᠲᠤᠯᠠᠵᠤ᠂ ᠲᠠᠯᠳᠠᠭᠤᠷ ᠰᠢᠢᠳᠬᠦ ᠶᠢ ᠴᠢᠩᠭ᠎ᠠ ᠴᠠᠭᠠᠵᠠᠯᠠᠵᠤ᠂ ᠠᠰᠢᠭ ᠲᠤᠰᠠ ᠬᠦᠷᠭᠡᠬᠦ ᠶᠢ ᠰᠡᠷᠭᠡᠶᠢᠯᠡᠨ᠎ᠡ᠃ ᠬᠤᠯᠢᠮᠠᠭ ᠦᠮᠴᠢᠯᠡᠯᠲᠦ ᠠᠵᠤ ᠠᠬᠤᠶᠢᠯᠠᠯ ᠠᠵᠢᠯᠲᠠᠨ ᠤ  ᠬᠤᠪᠢᠴᠠᠭ᠎ᠠ ᠡᠵᠡᠮᠰᠢᠬᠦ ᠶᠢ ᠬᠡᠷᠡᠭᠵᠢᠭᠦᠯᠬᠦ ᠶᠢ ᠬᠤᠯᠢᠮᠠᠭ ᠦᠮᠴᠢᠯᠡᠯᠲᠦ ᠠᠵᠤ ᠠᠬᠤᠶᠢᠯᠠᠯ ᠤᠨ ᠠᠵᠢᠯᠲᠠᠨ ᠤ ᠬᠤᠪᠢᠴᠠᠭ᠎ᠠ ᠡᠵᠡᠮᠰᠢᠬᠦ ᠲᠤᠷᠰᠢᠯᠲᠠ ᠬᠢᠬᠦ ᠬᠤᠯᠪᠣᠭᠳᠠᠯ ᠪᠦᠬᠦᠢ ᠠᠵᠢᠯ ᠤᠨ ᠱᠠᠭᠠᠷᠳᠠᠯᠭ᠎ᠠ ᠶᠣᠰᠣᠭᠠᠷ ᠵᠣᠬᠢᠶᠠᠨ ᠪᠠᠶᠢᠭᠤᠯᠵᠤ  ᠬᠡᠷᠡᠭᠵᠢᠭᠦᠯᠦᠨ᠎ᠡ᠃      ᠲᠠᠪᠤ᠂ ᠬᠤᠯᠢᠮᠠᠭ ᠦᠮᠴᠢᠯᠡᠯ ᠤᠨ ᠲᠦᠷᠢᠮ ᠤᠨ ᠥᠭᠡᠷᠡᠴᠢᠯᠡᠯᠲᠡ ᠶᠢ ᠳᠡᠮᠵᠢᠬᠦ ᠪᠠᠲᠤᠯᠠᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠦᠨ᠎ᠡ      ︵ᠠᠷᠪᠠᠨ ᠲᠠᠪᠤ︶ ᠬᠤᠯᠢᠮᠠᠭ ᠦᠮᠴᠢᠯᠡᠯᠲᠦ ᠠᠵᠤ ᠠᠬᠤᠶᠢᠯᠠᠯ ᠤᠨ ᠵᠠᠰᠠᠯᠲᠠ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ ᠠᠵᠤ ᠠᠬᠤᠶᠢᠯᠠᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠪᠠᠶᠢᠷᠢ ᠰᠠᠭᠤᠷᠢ ᠶᠢ ᠤᠯᠠᠮ ᠨᠢᠭᠡ ᠠᠯᠬᠤᠮ ᠪᠠᠲᠤᠯᠠᠨ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠡᠵᠡᠨ ᠮᠡᠳᠡᠵᠤ ᠡᠵᠡᠩᠨᠡᠬᠦ ᠳᠤ ᠵᠠᠰᠠᠭ ᠤᠨ ᠣᠷᠳᠣᠨ ᠠᠴᠠ ᠭᠠᠷ ᠲᠦᠷᠤᠵᠤ ᠪᠣᠯᠬᠤ ᠦᠭᠡᠢ᠂ ᠠᠵᠤ ᠠᠬᠤᠶᠢᠯᠠᠯ ᠤᠨ ᠡᠳᠦᠷ ᠲᠤᠳᠤᠮ ᠤᠨ ᠡᠵᠡᠩᠨᠡᠯᠲᠡ ᠳᠤ ᠬᠤᠪᠢ ᠣᠷᠣᠭᠤᠯᠤᠭᠴᠢ ᠭᠠᠷ ᠲᠦᠷᠤᠵᠤ ᠪᠣᠯᠬᠤ ᠦᠭᠡᠢ᠂ ᠠᠵᠤ ᠠᠬᠤᠶᠢᠯᠠᠯ ᠤᠨ ᠵᠠᠰᠠᠯᠲᠠ ᠶᠢᠨ ᠵᠢᠷᠤᠮᠵᠢᠯ᠂ ᠤᠷᠮᠠᠰᠢᠭᠤᠯᠤᠨ  ᠵᠤᠷᠢᠭᠵᠢᠭᠤᠯᠵᠤ ᠬᠢᠵᠠᠭᠠᠷᠯᠠᠬᠤ ᠲᠣᠭᠲᠠᠴᠠ ᠶᠢ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠨ᠎ᠠ᠃ ᠬᠤᠯᠢᠮᠠᠭ ᠦᠮᠴᠢᠯᠡᠯᠲᠦ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠤ ᠡᠵᠡᠩᠨᠡᠨ ᠵᠠᠰᠠᠬᠤ ᠪᠦᠲᠦᠴᠡ ᠶᠢ ᠲᠡᠭᠦᠯᠳᠡᠷᠵᠢᠭᠦᠯᠵᠦ᠂ ᠬᠤᠯᠢᠮᠠᠭ ᠦᠮᠴᠢᠯᠡᠯᠲᠦ ᠠᠵᠤ ᠠᠬᠤᠶᠢᠯᠠᠯ ᠤᠨ ᠣᠳᠣ ᠦᠶ᠎ᠡ ᠶᠢᠨ ᠠᠵᠤ ᠠᠬᠤᠶᠢᠯᠠᠯ ᠤᠨ ᠳᠦᠷᠢᠮ ᠪᠠᠶᠢᠭᠤᠯᠬᠤ ᠶᠢ ᠲᠦᠯᠬᠢᠨ ᠠᠬᠢᠭᠤᠯᠵᠤ᠂ ᠥᠮᠴᠢᠯᠡᠬᠦ ᠡᠷᠬᠡ ᠶᠢ ᠲᠣᠳᠣᠷᠬᠠᠶ ᠪᠤᠯᠭᠠᠵᠤ᠂ ᠠᠳᠠᠯᠢ ᠬᠤᠪᠢᠴᠠᠭ᠎ᠠ ᠠᠳᠠᠯᠢ ᠡᠷᠬᠡ ᠲᠠᠢ᠂ ᠡᠯ᠎ᠡ ᠲᠥᠷᠥᠯ ᠤᠨ ᠬᠤᠪᠢ ᠣᠷᠣᠭᠤᠯᠤᠭᠴᠢ ᠶᠢᠨ ᠡᠷᠬᠡ ᠠᠰᠢᠭ ᠢ ᠬᠠᠤᠯᠢ ᠶᠣᠰᠣᠭᠠᠷ  ᠬᠠᠮᠠᠭᠠᠯᠠᠨ᠎ᠠ᠃  ᠤᠯᠤᠰ ᠤᠨ ᠦᠮᠴᠢᠯᠡᠯᠲᠦ ᠬᠦᠷᠦᠩᠭᠡ ᠶᠢᠨ ᠪᠡᠯᠡ ᠭᠠᠷᠭᠠᠭᠴᠢ ᠤᠯᠤᠰ ᠤᠨ ᠦᠮᠴᠢᠯᠡᠯᠲᠦ ᠡᠳ᠋ ᠬᠦᠷᠦᠩᠭᠡ ᠶᠢᠨ ᠬᠤᠪᠢ  ᠡᠵᠡᠮᠳᠡᠭᠰᠡᠨ᠂ ᠬᠤᠪᠢ ᠣᠷᠣᠯᠴᠠᠭᠰᠠᠨ ᠬᠤᠯᠢᠮᠠᠭ ᠦᠮᠴᠢᠯᠡᠯᠳᠦ ᠠᠵᠤ ᠠᠬᠤᠶᠢᠯᠠᠯ ᠳᠤ ᠂ ᠪᠡᠯᠡ ᠮᠥᠩᠭᠦ ᠭᠠᠷᠭᠠᠭᠰᠠᠨ ᠬᠠᠷᠢᠴᠠᠯ ᠢᠶᠠᠷ ᠤᠯᠤᠰ ᠤᠨ ᠦᠮᠴᠢᠯᠡᠯᠲᠦ ᠥᠮᠴᠢᠯᠡᠬᠦ ᠡᠷᠬᠡ ᠶᠢᠨ ᠲᠥᠯᠥᠭᠡᠯᠡᠭᠴᠢ ᠲᠣᠮᠢᠯᠠᠵᠤ᠂ ᠰᠢᠢᠳᠪᠦᠷᠢᠲᠦ ᠪᠤᠳᠤᠯᠭ᠎ᠠ ᠲᠣᠭᠲᠠᠭᠠᠬᠤ ᠳᠤ ᠣᠷᠣᠯᠴᠠᠨ᠂ ᠤᠯᠤᠰ ᠤᠨ ᠥᠮᠴᠢᠯᠡᠯ ᠤᠨ ᠬᠤᠪᠢ ᠡᠵᠡᠮᠳᠡᠭᠰᠡᠨ᠂ ᠬᠤᠪᠢ ᠣᠷᠣᠭᠤᠯᠤᠭᠰᠠᠨ ᠠᠵᠤ ᠠᠬᠤᠶᠢᠯᠠᠯ ᠳᠤ ᠬᠠᠤᠯᠢ ᠶᠣᠰᠣᠭᠠᠷ ᠬᠡᠷᠡᠭ ᠬᠢᠨᠠᠭᠴᠢᠳ ᠤᠨ ᠵᠥᠪᠯᠡᠯ ᠤᠨ ᠲᠡᠷᠢᠭᠦᠯᠡᠭᠴᠢ ᠪᠤᠶᠤ ᠬᠢᠨᠠᠭᠴᠢ ᠶᠢᠨ ᠵᠢᠱᠢᠭᠳᠡᠭᠴᠢ ᠶᠢ ᠲᠠᠨᠢᠯᠴᠠᠭᠤᠯᠵᠤ᠂ ᠪᠡᠯᠡ ᠭᠠᠷᠭᠠᠭᠴᠢ ᠶᠢᠨ ᠬᠢᠨᠠᠯᠲᠠ ᠲᠠᠯᠪᠢᠬᠤ ᠡᠭᠦᠷᠭᠡ  ᠴᠢᠳᠠᠪᠤᠷᠢ ᠪᠠᠨ ᠦᠨᠡᠨᠬᠦ ᠭᠦᠢᠴᠡᠳᠭᠡᠨ᠎ᠡ᠃ ᠨᠠᠮ ᠤᠨ ᠵᠣᠬᠢᠶᠠᠨ ᠪᠠᠶᠢᠭᠤᠯᠤᠯᠲᠠ ᠶᠢ ᠪᠠᠶᠢᠭᠤᠯᠬᠤ᠂ ᠨᠠᠮ ᠤᠨ ᠠᠵᠢᠯ ᠢ ᠥᠷᠨᠢᠭᠦᠯᠬᠦ ᠶᠢ ᠬᠤᠯᠢᠮᠠᠭ ᠦᠮᠴᠢᠯᠡᠯ ᠤᠨ ᠳᠦᠷᠢᠮ ᠤᠨ ᠥᠭᠡᠷᠡᠴᠢᠯᠡᠯᠲᠡ ᠶᠢᠨ ᠵᠠᠪᠠᠯ ᠱᠠᠭᠠᠷᠳᠠᠭᠳᠠᠬᠤ ᠤᠷᠢᠲᠠᠯ ᠪᠣᠯᠬᠤ ᠶᠢ ᠲᠣᠳᠣᠷᠬᠠᠶ ᠪᠣᠯᠭᠠᠵᠤ᠂ ᠠᠵᠤ ᠠᠬᠤᠶᠢᠯᠠᠯ ᠤᠨ ᠣᠨᠴᠠᠯᠢᠭ  ᠲᠠᠢ ᠤᠶᠠᠯᠳᠤᠭᠤᠯᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠬᠤ ᠠᠷᠭ᠎ᠠ ᠮᠠᠶ᠋ᠢᠭ᠂ ᠡᠭᠦᠷᠭᠡ ᠬᠠᠷᠢᠭᠤᠴᠠᠯᠭ᠎ᠠ ᠶᠢᠨ ᠪᠠᠶᠢᠷᠢᠯᠠᠯ᠂ ᠬᠠᠮᠢᠶᠠᠷᠤᠯᠲᠠ ᠶᠢᠨ ᠬᠡᠪ ᠵᠠᠭᠪᠤᠷ ᠢ ᠲᠤᠭᠲᠠᠭᠠᠨ᠎ᠠ᠃ ᠬᠤᠯᠢᠮᠠᠭ ᠦᠮᠴᠢᠯᠡᠯᠲᠦ ᠠᠵᠤ ᠠᠬᠤᠶᠢᠯᠠᠯ ᠤᠨ ᠺᠣᠮᠫᠠᠨᠢ ᠶᠢᠨ ᠲᠦᠷᠢᠮ ᠢ ᠵᠢᠷᠤᠮᠵᠢᠭᠤᠯᠤᠨ ᠲᠣᠭᠲᠠᠭᠠᠵᠤ᠂ ᠬᠤᠪᠢ ᠣᠷᠣᠭᠤᠯᠤᠭᠴᠢ ᠶᠢᠨ ︵ᠶᠡᠭᠡ︶ ᠬᠤᠷᠠᠯ᠂ ᠬᠡᠷᠡᠭ ᠮᠡᠳᠡᠭᠴᠢᠳ ᠤᠨ ᠵᠦᠪᠯᠡᠯ᠂ ᠲᠠᠭᠠᠭᠠᠮᠠᠯ ᠤᠨ ᠳᠠᠪᠬᠤᠷᠭ᠎ᠠ᠂ ᠬᠡᠷᠡᠭ ᠬᠢᠨᠠᠭᠴᠢᠳ ᠤᠨ ᠵᠥᠪᠯᠡᠯ ᠪᠠ ᠨᠠᠮ ᠤᠨ ᠵᠣᠬᠢᠶᠠᠨ ᠪᠠᠶᠢᠭᠤᠯᠤᠯᠲᠠ ᠶᠢᠨ ᠡᠷᠬᠡ ᠬᠠᠷᠢᠭᠤᠴᠠᠯᠭ᠎ᠠ ᠶᠢᠨ ᠬᠠᠷᠢᠴᠠᠭ᠎ᠠ ᠶᠢ ᠵᠦᠢ ᠵᠤᠬᠢᠰᠲᠠᠢ ᠲᠤᠭᠲᠠᠭᠠᠨ᠎ᠠ᠃ ᠬᠤᠯᠢᠮᠠᠭ ᠦᠮᠴᠢᠯᠡᠯᠲᠦ ᠠᠵᠤ ᠠᠬᠤᠶᠢᠯᠠᠯ ᠤᠨ ᠲᠤᠰᠬᠠᠶ ᠠᠵᠢᠯ ᠤᠨ ᠲᠠᠭᠠᠭᠠᠮᠠᠯ ᠤᠨ ᠲᠦᠷᠢᠮ ᠢ ᠬᠡᠷᠡᠭᠵᠢᠭᠦᠯᠵᠦ᠂ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠣᠯᠭᠠᠭᠰᠠᠨ ᠬᠥᠮᠦᠨ ᠰᠣᠩᠭᠤᠵᠤ ᠬᠥᠮᠦᠨ ᠬᠡᠷᠡᠭᠯᠡᠬᠦ ᠪᠠ ᠤᠷᠮᠠᠰᠢᠭᠤᠯᠤᠨ ᠵᠣᠷᠢᠭᠵᠢᠭᠤᠯᠵᠤ ᠬᠢᠵᠠᠭᠠᠷᠯᠠᠬᠤ ᠲᠣᠭᠲᠠᠴᠠ ᠶᠢ ᠪᠠᠶᠢᠭᠤᠯᠤᠨ᠂ ᠵᠠᠬ᠎ᠠ ᠳᠡᠯᠭᠡᠭᠦᠷᠴᠢᠯᠡᠭᠰᠡᠨ ᠠᠷᠭ᠎ᠠ  ᠮᠠᠶ᠋ᠢᠭ ᠢᠶᠠᠷ ᠲᠤᠰᠬᠠᠶ ᠠᠵᠢᠯ ᠤᠨ ᠲᠠᠭᠠᠭᠠᠮᠠᠯ ᠰᠢᠯᠢᠨ ᠤᠷᠢᠵᠤ᠂ ᠬᠠᠤᠯᠢ ᠶᠣᠰᠣᠭᠠᠷ ᠠᠵᠤ ᠠᠬᠤᠶᠢᠯᠠᠯ ᠤᠨ ᠡᠵᠡᠩᠨᠡᠯᠲᠡ ᠬᠠᠮᠢᠶᠠᠷᠤᠯᠲᠠ ᠶᠢ ᠬᠠᠷᠢᠭᠤᠴᠠᠨ᠎ᠠ᠃  ᠤᠳᠤ ᠪᠠᠶᠢᠭ᠎ᠠ ᠡᠵᠡᠩᠨᠡᠨ ᠬᠠᠮᠢᠶᠠᠷᠤᠭᠴᠢ  ᠪᠠ ᠲᠤᠰᠬᠠᠶ ᠠᠵᠢᠯ ᠤᠨ ᠲᠠᠭᠠᠭᠠᠮᠠᠯ ᠤᠨ  ᠪᠠᠶᠢᠷᠢ ᠰᠠᠭᠤᠷᠢ ᠶᠢᠨ ᠰᠣᠯᠢᠭᠳᠠᠯ  ᠢ ᠰᠠᠭᠠᠳ ᠦᠭᠡᠢ ᠪᠤᠯᠭᠠᠵᠤ᠂ ᠲᠤᠰᠬᠠᠶ ᠠᠵᠢᠯ ᠤᠨ ᠲᠠᠭᠠᠭᠠᠮᠠᠯ ᠤᠨ ᠲᠤᠰᠢᠶᠠᠯ ᠡᠭᠦᠷᠭᠡᠯᠡᠬᠦ ᠬᠤᠭᠤᠴᠠᠭ᠎ᠠ ᠶᠢᠨ ᠳᠦᠷᠢᠮ ᠪᠠ ᠭᠡᠷ᠎ᠡ ᠶᠢᠨ ᠬᠠᠮᠢᠶᠠᠷᠤᠯᠲᠠ ᠶᠢ ᠬᠡᠷᠡᠭᠵᠢᠭᠦᠯᠦᠨ᠂ ᠵᠠᠬ᠎ᠠ ᠳᠡᠯᠭᠡᠭᠦᠷᠴᠢᠯᠡᠬᠦ ᠵᠠᠷᠴᠢᠮ ᠢᠶᠠᠷ ᠴᠠᠯᠢᠩ ᠬᠥᠯᠥᠰᠥ  ᠲᠤᠭᠲᠠᠭᠠᠨ᠎ᠠ᠃      ︵ᠠᠷᠪᠠᠨ ᠵᠢᠷᠭᠤᠭ᠎ᠠ︶ ᠠᠵᠢᠯ ᠤᠨ ᠴᠤᠪᠤᠷᠠᠯ ᠪᠣᠯᠤᠨ ᠬᠢᠨᠠᠨ ᠵᠥᠪᠰᠢᠶᠡᠷᠡᠬᠦ ᠶᠠᠪᠤᠴᠠ ᠶᠢ ᠴᠢᠩᠭ᠎ᠠ   ᠵᠢᠷᠤᠮᠵᠢᠭᠤᠯᠤᠨ᠎ᠠ᠃ ᠬᠤᠯᠢᠮᠠᠭ ᠦᠮᠴᠢᠯᠡᠯᠲᠦ ᠠᠵᠤ ᠠᠬᠤᠶᠢᠯᠠᠯ ᠢ ᠵᠣᠬᠢᠶᠠᠨ ᠪᠠᠶᠢᠭᠤᠯᠬᠤ ᠪᠠ ᠲᠠᠩᠰᠠᠯᠠᠭᠤᠯᠬᠤ ᠳᠤ ᠪᠠᠨ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠤᠯᠤᠰ ᠤᠨ ᠦᠮᠴᠢᠯᠡᠯᠲᠦ ᠡᠳ᠋ ᠬᠦᠷᠦᠩᠭᠡ ᠶᠢᠨ ᠡᠷᠬᠡ ᠣᠯᠭᠤᠨ ᠡᠵᠡᠩᠨᠡᠭᠦᠯᠬᠦ ᠪᠠ ᠥᠮᠴᠢᠯᠡᠬᠦ ᠡᠷᠬᠡ ᠶᠢᠨ ᠠᠷᠠᠯᠵᠢᠶ᠎ᠠ ᠵᠡᠷᠭᠡ ᠠᠵᠢᠯᠯᠠᠭ᠎ᠠ ᠶᠢ ᠵᠢᠷᠤᠮᠵᠢᠭᠤᠯᠵᠤ᠂ ᠬᠦᠷᠦᠩᠭᠡ ᠪᠠᠨ ᠪᠦᠷᠢᠳᠬᠡᠨ  ᠲᠤᠲᠤᠷᠬᠠᠶᠢᠯᠠᠬᠤ᠂ ᠦᠨᠡᠯᠡᠨ ᠵᠢᠱᠢᠵᠦ ᠦᠨ᠎ᠡ ᠲᠣᠭᠲᠠᠭᠠᠬᠤ᠂ ᠰᠢᠯᠵᠢᠭᠦᠯᠦᠨ ᠥᠭᠬᠦ  ᠠᠷᠠᠯᠵᠢᠶ᠎ᠠ᠂ ᠡᠷᠬᠡ ᠶᠢ ᠨᠤᠲᠠᠯᠠᠨ ᠳᠠᠩᠰᠠᠯᠠᠬᠤ ᠵᠡᠷᠭᠡ ᠤᠯᠤᠰ ᠤᠨ ᠦᠮᠴᠢᠯᠡᠯᠲᠦ ᠡᠳ᠋ ᠬᠦᠷᠦᠩᠭᠡ ᠶᠢᠨ ᠡᠷᠬᠡ ᠶᠢ ᠡᠷᠭᠢᠯᠲᠡ ᠳᠤ ᠣᠷᠣᠭᠤᠯᠬᠤ  ᠶᠠᠪᠤᠴᠠ ᠶᠢ ᠲᠡᠭᠦᠯᠳᠡᠷᠵᠢᠭᠦᠯᠦᠨ᠎ᠡ᠃ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠡᠳ᠋ ᠬᠦᠷᠦᠩᠭᠡ ᠶᠢᠨ ᠡᠷᠬᠡ ᠪᠠ ᠰᠲ᠋ᠣᠺ ᠤᠨ ᠡᠷᠬᠡ ᠪᠠᠨ ᠰᠢᠯᠵᠢᠭᠦᠯᠦᠨ ᠥᠭᠬᠦ᠂ ᠬᠥᠷᠥᠩᠭᠡ ᠨᠡᠮᠡᠭᠳᠡᠭᠦᠯᠦᠨ ᠬᠤᠪᠢ ᠥᠷᠭᠡᠳᠬᠡᠬᠦ᠂ ᠵᠠᠬ᠎ᠠ ᠳᠡᠯᠭᠡᠭᠦᠷ ᠲᠤ ᠭᠠᠷᠭᠠᠭᠰᠠᠨ ᠺᠣᠮᠫᠠᠨᠢ ᠶᠢᠨ ᠨᠡᠮᠡᠵᠦ ᠲᠠᠷᠬᠠᠭᠠᠬᠤ ᠵᠡᠷᠭᠡ ᠨᠢ ᠥᠮᠴᠢᠯᠡᠯ ᠤᠨ ᠡᠷᠬᠡ ᠶᠢᠨ ᠂ ᠰᠲ᠋ᠤᠺ ᠤᠨ ᠡᠷᠬᠡ ᠶᠢᠨ᠂ ᠦᠨᠡᠲᠦ ᠲᠡᠮᠳᠡᠭᠲᠦ ᠶᠢᠨ ᠵᠠᠬ᠎ᠠ ᠳᠡᠯᠭᠡᠭᠦᠷ ᠲᠤ ᠮᠡᠳᠡᠭᠡ ᠵᠠᠩᠭᠢ ᠶᠢ ᠢᠯᠡ ᠪᠠᠷ ᠨᠡᠶᠢᠲᠡᠯᠡᠵᠦ᠂ ᠢᠯᠡ ᠪᠠᠷ ᠰᠢᠯᠢᠳᠡᠭ ᠢ ᠰᠢᠯᠢᠵᠦ ᠪᠡᠯᠡ ᠣᠷᠣᠭᠤᠯᠤᠭᠴᠢ ᠶᠢ ᠲᠣᠭᠲᠠᠭᠠᠨ᠂ ᠠᠷᠠᠯᠵᠢᠶ᠎ᠠ ᠬᠢᠬᠦ ᠵᠣᠷᠢᠯᠭ᠎ᠠ ᠲᠤᠭᠲᠠᠭᠰᠠᠨ ᠤ ᠲᠠᠷᠠᠭ᠎ᠠ ᠴᠠᠭ ᠲᠤᠬᠠᠶ ᠳᠤᠨᠢ ᠰᠤᠯᠢᠯᠴᠠᠭᠠᠨ ᠤ ᠡᠳᠡᠭᠡᠳ᠂ ᠰᠣᠯᠢᠯᠴᠠᠭᠠᠨ ᠤ ᠦᠨ᠎ᠡ ᠬᠠᠩᠰᠢ᠂ ᠬᠤᠯᠪᠤᠭᠳᠠᠬᠤ ᠰᠤᠯᠢᠯᠴᠠᠭ᠎ᠠ ᠵᠡᠷᠭᠡ ᠶᠢ ᠢᠯᠡ ᠨᠡᠶᠢᠲᠡᠯᠡᠵᠦ᠂ ᠠᠰᠢᠭ ᠲᠤᠰᠠ ᠬᠦᠷᠭᠡᠬᠦ ᠶᠢ ᠰᠡᠷᠭᠡᠶᠢᠯᠡᠨ᠎ᠡ᠃ ᠤᠯᠤᠰ ᠤᠨ ᠦᠮᠴᠢᠯᠡᠯᠳᠦ ᠠᠵᠤ ᠠᠬᠤᠶᠢᠯᠠᠯ ᠬᠤᠯᠢᠮᠠᠭ ᠥᠮᠴᠢᠯᠡᠯ ᠤᠨ ᠳᠦᠷᠢᠮ ᠤᠨ ᠥᠭᠡᠷᠡᠴᠢᠯᠡᠯᠲᠡ ᠶᠢ ᠬᠡᠷᠡᠭᠵᠢᠭᠦᠯᠬᠦ ᠠᠴᠠ ᠡᠮᠦᠨ᠎ᠡ᠂ ᠲᠤᠰ ᠰᠠᠨᠠᠯ ᠢ ᠦᠨᠳᠦᠰᠦᠯᠡᠨ ᠲᠥᠰᠦᠯ ᠲᠣᠭᠲᠠᠭᠠᠵᠤ᠂ ᠠᠳᠠᠯᠢ ᠱᠠᠲᠤᠨ ᠤ ᠪᠡᠯᠡ ᠭᠠᠷᠭᠠᠭᠴᠢ ᠶᠢᠨ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠬᠦ ᠪᠠᠶᠢᠭᠤᠯᠤᠮᠵᠢ ᠳᠤ ᠮᠡᠳᠡᠭᠦᠯᠦᠨ ᠵᠦᠪᠰᠢᠶᠡᠷᠡᠭᠦᠯᠦᠨ᠎ᠡ᠃ ᠭᠤᠤᠯᠳᠠᠯᠭ᠎ᠠ ᠲᠠᠢ ᠤᠯᠤᠰ ‍ᠤᠨ‌ᠦᠮᠴᠢᠯᠡᠯᠲᠦ ᠠᠵᠤ ᠠᠬᠤᠶᠢᠯᠠᠯ ᠥᠭᠡᠷᠡᠴᠢᠯᠡᠯᠲᠡ ᠶᠢᠨ ᠳᠠᠷᠠᠭ᠎ᠠ ᠤᠯᠤᠰ ᠤᠨ ᠦᠮᠴᠢᠯᠡᠯᠲᠦ ᠭᠦᠷᠦᠩᠭᠡ ᠵᠠᠯᠭᠠᠵᠤ ᠬᠤᠪᠢ ᠡᠵᠡᠮᠳᠡᠬᠦ ᠦᠬᠡᠢ ᠪᠤᠯᠪᠠᠯ ᠂ ᠠᠳᠠᠯᠢ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠵᠦᠪᠰᠢᠶᠡᠷᠡᠭᠦᠯᠦᠨ᠎ᠡ᠃ ᠪᠡᠯᠡ ᠭᠠᠷᠭᠠᠭᠴᠢ ᠶᠢᠨ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠬᠦ ᠪᠠᠶᠢᠭᠤᠯᠤᠮᠵᠢ ᠲᠣᠰ ᠰᠠᠨᠠᠯ ᠤᠨ ᠱᠠᠭᠠᠷᠳᠠᠯᠭ᠎ᠠ ᠪᠠᠷ᠂ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠬᠤᠯᠢᠮᠠᠭ ᠦᠮᠴᠢᠯᠡᠯ ᠤᠨ ᠳᠦᠷᠢᠮ ᠤᠨ ᠥᠭᠡᠷᠡᠴᠢᠯᠡᠯᠲᠡ ᠶᠢᠨ ᠶᠠᠪᠤᠴᠠ ᠶᠢ ᠲᠣᠳᠣᠷᠬᠠᠶ ᠪᠤᠯᠭᠠᠨ᠎ᠠ᠃ ᠲᠥᠰᠦᠯ ᠢ ᠬᠢᠨᠠᠨ ᠵᠥᠪᠰᠢᠶᠡᠷᠡᠬᠦ ᠳᠡᠭᠡᠨ ᠨᠡᠶᠢᠭᠡᠮ ᠤᠨ ᠬᠥᠷᠥᠩᠭᠡ ᠶᠢᠨ ᠶᠠᠰᠤ ᠴᠢᠨᠠᠷ᠂ ᠬᠠᠮᠲᠤᠷᠠᠨ ᠠᠵᠢᠯᠯᠠᠬᠤ ᠡᠳᠡᠭᠡᠳ ᠤᠨ ᠦᠨᠡᠨᠴᠢ ᠢᠳᠡᠭᠡᠮᠵᠢ ᠪᠠ ᠬᠡᠪ ᠴᠢᠨᠠᠷ᠂ ᠠᠪᠴᠠᠭ᠎ᠠ ᠥᠭᠴᠡᠭᠡ ᠶᠢᠨ ᠬᠠᠷᠢᠴᠠᠭ᠎ᠠ ᠵᠡᠷᠭᠡ ᠠᠭᠤᠯᠭ᠎ᠠ ᠶᠢᠨ ᠬᠢᠨᠠᠨ ᠬᠠᠷᠭᠤᠭᠤᠯᠬᠤ ᠠᠵᠢᠯ ᠢ ᠴᠢᠩᠭᠠᠳᠬᠠᠬᠤ ᠬᠡᠷᠡᠭᠲᠡᠶ᠃ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠬᠤᠯᠢᠮᠠᠭ ᠦᠮᠴᠢᠯᠡᠯ ᠤᠨ ᠳᠦᠷᠢᠮ ᠤᠨ ᠥᠭᠡᠷᠡᠴᠢᠯᠡᠯᠲᠡ ᠶᠢᠨ ᠪᠠᠶᠢᠳᠠᠯ ᠢ ᠮᠡᠳᠡᠬᠦ ᠡᠷᠬᠡ ᠪᠣᠯᠤᠨ ᠣᠷᠣᠯᠴᠠᠬᠤ ᠡᠷᠬᠡ ᠶᠢ ᠭᠦᠢᠴᠡᠳ ᠪᠠᠲᠤᠯᠠᠵᠤ᠂ ᠠᠵᠢᠯᠲᠠᠨ ᠠᠵᠢᠯᠴᠢᠨ ᠤ ᠠᠰᠢᠭ ᠲᠤᠰᠠ ᠳᠤ ᠬᠤᠯᠪᠣᠭᠳᠠᠬᠤ ᠲᠠᠯ᠎ᠠ ᠶᠢᠨ ᠦᠨᠡᠯᠡᠨ ᠵᠢᠱᠢᠬᠦ ᠠᠵᠢᠯ ᠢ ᠰᠠᠶᠢᠲᠤᠷ ᠬᠢᠵᠦ᠂ ᠠᠵᠢᠯᠲᠠᠨ ᠠᠵᠢᠯᠴᠢᠨ ᠢ ᠲᠥᠪᠬᠢᠨᠡᠭᠦᠯᠬᠦ ᠲᠥᠰᠦᠯ ᠢ ᠠᠵᠢᠯᠲᠠᠨ ᠠᠵᠢᠯᠴᠢᠨ ᠤ ᠲᠥᠯᠥᠭᠡᠯᠡᠭᠴᠢᠳ ᠤᠨ ᠶᠡᠭᠡ ᠬᠤᠷᠠᠯ ᠪᠤᠶᠤ ᠠᠵᠢᠯᠳᠡᠠ ᠠᠵᠢᠯᠴᠢᠨ ᠤ ᠶᠡᠭᠡ ᠬᠤᠷᠠᠯ ᠢᠶᠠᠷ ᠬᠢᠨᠠᠨ ᠶᠠᠷᠢᠯᠴᠠᠭᠤᠯᠵᠤ ᠪᠠᠲᠤᠯᠠᠨ᠎ᠠ᠃      ︵ᠠᠷᠪᠠᠨ ᠲᠤᠯᠤᠭ᠎ᠠ︶ ᠥᠮᠴᠢᠯᠡᠬᠦ ᠡᠷᠬᠡ ᠶᠢ ᠬᠠᠮᠠᠭᠠᠯᠠᠬᠤ ᠪᠠ ᠠᠷᠠᠯᠵᠢᠶᠠᠯᠠᠬᠤ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠦᠨ᠎ᠡ᠃ ᠥᠮᠴᠢᠯᠡᠬᠦ ᠡᠷᠬᠡ ᠶᠢ ᠡᠵᠡᠮᠰᠢᠬᠦ᠂ ᠬᠡᠷᠡᠭᠯᠡᠬᠦ᠂ ᠠᠰᠢᠭ ᠤᠯᠬᠤ᠂ ᠰᠢᠢᠳᠬᠡᠯ ᠥᠭᠬᠦ ᠵᠡᠷᠭᠡ ᠬᠠᠮᠠᠭᠠᠯᠠᠬᠤ ᠲᠦᠷᠢᠮ ᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠬᠤᠯᠢᠮᠠᠭ ᠦᠮᠴᠢᠯᠡᠯᠲᠦ ᠠᠵᠤ ᠠᠬᠤᠶᠢᠯᠠᠯ ᠤᠨ ᠡᠯ᠎ᠡ ᠲᠥᠷᠥᠯ ᠤᠨ ᠪᠡᠯᠡ ᠭᠠᠷᠭᠠᠭᠴᠢ ᠶᠢᠨ ᠡᠳ᠋ ᠬᠦᠷᠦᠩᠭᠡ ᠶᠢᠨ ᠡᠷᠬᠡ ᠪᠠ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠵᠤ᠂ ᠡᠯ᠎ᠡ ᠵᠦᠢᠯ ᠤᠨ ᠦᠮᠴᠢᠯᠡᠯᠲᠦ ᠠᠵᠤ ᠠᠬᠤᠶ ᠶᠢᠨ ᠬᠠᠤᠯᠢ ᠶᠣᠰᠣᠭᠠᠷ ᠡᠷᠬᠡ ᠲᠡᠭᠰᠢ ᠪᠠᠷ ᠦᠢᠯᠡᠳᠪᠦᠷᠢᠯᠡᠯ ᠤᠨ ᠡᠯᠧᠮᠧᠨ᠋ᠲ ᠢ ᠬᠡᠷᠡᠭᠯᠡᠬᠦ ᠶᠢ ᠪᠠᠲᠤᠯᠠᠵᠤ᠂ ᠢᠯᠡ ᠲᠣᠳᠣ ᠲᠥᠪ ᠭᠤᠣᠯᠴᠢ ᠪᠠᠷ ᠵᠠᠬ᠎ᠠ ᠳᠡᠯᠭᠡᠭᠦᠷ ᠤᠨ ᠥᠷᠢᠰᠥᠯᠳᠦᠭᠡᠨ ᠳᠤ ᠣᠷᠣᠯᠴᠠᠵᠤ᠂  ᠡᠯ᠎ᠡ ᠵᠦᠢᠯ ᠤᠨ ᠦᠮᠴᠢᠯᠡᠯᠲᠦ ᠠᠵᠤ ᠠᠬᠤᠶ ᠶᠢᠨ ᠥᠮᠴᠢᠯᠡᠯ ᠤᠨ ᠡᠷᠬᠡ ᠪᠠ ᠬᠠᠤᠯᠢ ᠶᠣᠰᠣᠨ ᠤ ᠡᠷᠬᠡ ᠠᠰᠢᠭ ᠤᠨ ᠠᠳᠠᠯᠢ ᠲᠡᠭᠰᠢ ᠬᠠᠤᠯᠢ ᠴᠠᠭᠠᠵᠠ ᠶᠢᠨ ᠬᠠᠮᠠᠭᠠᠯᠠᠯᠲᠠ ᠶᠢ ᠪᠠᠷᠢᠮᠳᠠᠯᠠᠨ᠎ᠠ᠃ ᠳᠦᠷᠢᠮ ᠨᠢᠭᠡᠲᠡᠢ᠂ ᠠᠷᠠᠯᠵᠢᠶ᠎ᠠ ᠵᠢᠷᠤᠮᠲᠠᠢ ᠰᠲ᠋ᠣᠺ ᠤᠨ ᠵᠠᠬ᠎ᠠ ᠶᠢᠨ ᠭᠠᠳᠠᠨᠠᠬᠢ ᠵᠠᠬ᠎ᠠ ᠳᠡᠯᠭᠡᠭᠦᠷ ᠢ ᠠᠰᠢᠭᠯᠠᠵᠤ᠂ ᠵᠠᠬ᠎ᠠ ᠳᠡᠯᠭᠡᠭᠦᠷ ᠲᠤ ᠡᠰᠡ ᠭᠠᠷᠤᠭᠰᠠᠨ ᠬᠤᠪᠢ ᠣᠷᠣᠭᠤᠯᠤᠭᠰᠠᠨ ᠺᠣᠮᠫᠠᠨᠢ ᠶᠢᠨ ᠰᠲ᠋ᠣᠺ ᠤᠨ ᠡᠷᠬᠡ ᠠᠷᠠᠯᠵᠢᠶᠠᠯᠠᠬᠤ ᠶᠢ ᠠᠬᠢᠭᠤᠯᠤᠨ᠂ ᠰᠲ᠋ᠣᠺ ᠤᠨ ᠡᠷᠬᠡ᠂ ᠠᠪᠤᠴᠠᠭᠠᠨ ᠤ ᠡᠷᠬᠡ᠂ ᠪᠣᠳᠠᠰ ᠤᠨ ᠡᠷᠬᠡ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠵᠢᠴᠢ ᠢᠲᠡᠭᠡᠮᠵᠢᠲᠦ ᠨᠠᠶᠢᠳᠠᠯᠭ᠎ᠠ᠂ ᠭᠦᠢᠯᠭᠡᠭᠡᠨ ᠤ ᠪᠡᠯᠡ ᠮᠦᠩᠬᠦ ᠲᠦᠷᠢᠶᠡᠰᠦᠯᠡᠭᠦᠯᠬᠦ᠂ ᠠᠵᠤ ᠦᠢᠯᠡᠰ ᠤᠨ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠵᠡᠷᠭᠡ ᠦᠢᠯᠡᠳᠭᠦᠨ ᠤ ᠠᠷᠠᠯᠵᠢᠶᠠᠨ ᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠵᠢᠷᠤᠮᠵᠢᠭᠰᠠᠨ ᠣᠷᠣᠨ ᠪᠦᠰᠡ ᠶᠢᠨ ᠴᠢᠨᠠᠷᠲᠠᠶ ᠰᠲ᠋ᠣᠺ ᠤᠨ ᠡᠷᠬᠡ ᠶᠢᠨ ᠵᠠᠬ᠎ᠠ ᠳᠡᠯᠭᠡᠭᠦᠷ ᠢᠶᠠᠷ ᠳᠠᠮᠵᠢᠭᠤᠯᠤᠨ᠂ ᠠᠵᠤ ᠠᠬᠤᠶᠢᠯᠠᠯ ᠳᠤ ᠪᠡᠯᠡ ᠳᠣᠬᠢᠷᠠᠭᠤᠯᠭ᠎ᠠ ᠶᠢᠨ ᠦᠢᠯᠡᠴᠢᠯᠡᠭᠡ ᠬᠠᠩᠭᠠᠵᠤ᠂ ᠪᠡᠯᠡ ᠬᠥᠷᠥᠩᠭᠡ ᠶᠢ ᠦᠨᠡᠲᠦ ᠲᠡᠮᠳᠡᠭᠵᠢᠭᠦᠯᠬᠦ ᠪᠠ ᠬᠦᠷᠦᠩᠭᠡ ᠶᠢᠨ ᠰᠢᠯᠵᠢᠯᠲᠡ ᠶᠢ ᠠᠬᠢᠭᠤᠯᠤᠨ᠎ᠠ᠃ ᠰᠲ᠋ᠣᠺ ᠤᠨ ᠵᠠᠬ᠎ᠠ ᠶᠢᠨ ᠭᠠᠳᠠᠨ᠎ᠠ ᠠᠷᠠᠯᠵᠢᠶᠠᠯᠠᠬᠤ ᠳᠦᠷᠢᠮ ᠪᠠ ᠬᠢᠨᠠᠨ ᠬᠠᠮᠢᠶᠠᠷᠬᠤ  ᠳᠦᠷᠢᠮ ᠢ ᠵᠢᠷᠤᠮᠵᠢᠭᠤᠯᠬᠤ ᠶᠢ ᠴᠢᠩᠭ᠎ᠠ ᠬᠡᠷᠡᠭᠵᠢᠭᠦᠯᠵᠦ᠂ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠪᠠᠨ ᠭᠦᠢᠴᠡᠳ ᠪᠠᠳᠠᠷᠠᠭᠤᠯᠤᠨ᠎ᠠ᠃      ︵ᠠᠷᠪᠠᠨ ᠨᠠᠢᠮᠠ︶ ᠬᠤᠯᠪᠣᠭᠳᠠᠯ ᠪᠦᠬᠦᠢ ᠢᠵᠢ ᠪᠦᠷᠢᠳᠦᠭᠦᠯᠦᠭᠰᠡᠨ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ᠃ ᠢᠯᠡ ᠲᠣᠳᠣ ᠲᠥᠪ ᠭᠤᠣᠯᠴᠢ ᠵᠠᠷᠴᠢᠮ ᠶᠣᠰᠣᠭᠠᠷ᠂ ᠤᠯᠤᠰ ᠤᠨ ᠦᠮᠴᠢᠯᠡᠯᠲᠦ ᠡᠳ᠋ ᠬᠦᠷᠦᠩᠭᠡ ᠶᠢ ᠳᠠᠩᠰᠠᠯᠠᠬᠤ᠂ ᠰᠢᠯᠵᠢᠭᠦᠯᠦᠨ ᠥᠭᠬᠦ᠂ ᠲᠣᠭᠠᠴᠢᠨ ᠪᠤᠳᠤᠬᠤ᠂ ᠤᠬᠤᠷᠢᠵᠤ ᠭᠠᠷᠬᠤ ᠵᠡᠷᠭᠡ ᠶᠠᠪᠤᠴᠠ ᠪᠠ ᠠᠷᠠᠯᠵᠢᠶᠠᠯᠠᠬᠤ ᠦᠢᠯᠡ ᠠᠵᠢᠯᠯᠠᠭ᠎ᠠ ᠶᠢ ᠴᠢᠩᠭ᠎ᠠ  ᠵᠢᠷᠤᠮᠵᠢᠭᠤᠯᠤᠨ᠎ᠠ᠃ ᠥᠮᠴᠢᠯᠡᠬᠦ ᠡᠷᠬᠡ ᠶᠢᠨ ᠂ ᠰᠲ᠋ᠤᠺ ᠤᠨ ᠡᠷᠬᠡ ᠶᠢᠨ᠂ ᠦᠨᠡᠲᠦ ᠲᠡᠮᠳᠡᠭᠲᠦ ᠶᠢᠨ ᠵᠠᠬ᠎ᠠ ᠳᠡᠯᠭᠡᠭᠦᠷ ᠢᠶᠠᠷ ᠲᠠᠮᠵᠢᠨ ᠡᠳ᠋ ᠬᠦᠷᠦᠩᠭᠡ ᠶᠢᠨ ᠦᠨ᠎ᠡ ᠶᠢ ᠣᠯᠵᠤ ᠮᠡᠳᠡᠬᠦ ᠪᠠ  ᠲᠤᠭᠲᠠᠭᠠᠵᠤ᠂ ᠲᠤᠰᠬᠠᠶ ᠵᠠᠭᠤᠴᠢᠯᠠᠬᠤ ᠪᠠᠶᠢᠭᠤᠯᠤᠮᠵᠢ ᠶᠢᠨ ᠦᠢᠯᠡᠳᠦᠯ ᠢ ᠪᠠᠳᠠᠷᠠᠭᠤᠯᠵᠤ᠂ ᠤᠯᠠᠨ ᠵᠦᠢᠯ ᠤᠨ ᠵᠠᠬ᠎ᠠ ᠳᠡᠯᠭᠡᠭᠦᠷᠴᠢᠯᠡᠭᠰᠡᠨ ᠦᠨ᠎ᠡ ᠲᠣᠭᠲᠠᠭᠠᠬᠤ ᠠᠷᠭ᠎ᠠ ᠪᠠᠷᠢᠯ ᠢ ᠠᠰᠢᠭᠯᠠᠵᠤ᠂ ᠡᠳ᠋ ᠬᠥᠷᠥᠩᠭᠡ ᠶᠢᠨ ᠦᠨ᠎ᠡ ᠲᠣᠭᠲᠠᠭᠠᠬᠤ ᠲᠣᠭᠲᠠᠴᠠ ᠶᠢ ᠲᠡᠭᠦᠯᠳᠡᠷᠵᠢᠭᠦᠯᠵᠦ᠂ ᠮᠡᠳᠡᠭᠡ ᠵᠠᠩᠭᠢ ᠶᠢ ᠢᠯᠡ ᠪᠣᠯᠭᠠᠬᠤ ᠶᠢ ᠬᠡᠷᠡᠭᠵᠢᠭᠦᠯᠦᠨ᠂ ᠨᠡᠶᠢᠭᠡᠮ ᠤᠨ ᠬᠢᠨᠠᠯᠲᠠ ᠶᠢ ᠴᠢᠩᠭᠠᠳᠬᠠᠵᠤ᠂ ᠳᠣᠲᠣᠭᠠᠳᠤ ᠶᠢᠨ ᠬᠥᠮᠦᠨ ᠡᠷᠬᠡᠰᠢᠶᠡᠬᠦ᠂ ᠠᠰᠢᠭ ᠬᠤᠨᠵᠢᠪᠤᠷᠢ ᠬᠦᠷᠭᠡᠭᠰᠡᠨ ᠠᠴᠠ ᠤᠯᠤᠰ ᠤᠨ ᠦᠮᠴᠢᠯᠡᠯᠲᠦ ᠡᠳ᠋ ᠬᠦᠷᠤᠩᠭᠡ ᠶᠢᠨ ᠭᠡᠭᠡᠭᠳᠡᠬᠦ ᠶᠢ ᠰᠡᠷᠭᠡᠶᠢᠯᠡᠨ᠎ᠡ᠃ ᠤᠯᠠᠮ ᠨᠢᠭᠡ ᠠᠯᠬᠤᠮ ᠵᠠᠰᠠᠭ ᠢ ᠴᠣᠮᠬᠠᠳᠬᠠᠨ ᠡᠷᠬᠡ ᠶᠢ ᠲᠠᠯᠪᠢᠵᠤ᠂ ᠠᠵᠤ ᠠᠬᠤᠶᠢᠯᠠᠯ ᠤᠨ ᠬᠠᠤᠯᠢ ᠶᠣᠰᠣᠭᠠᠷ ᠥᠪᠡᠷ ᠢᠶᠠᠨ ᠡᠵᠡᠨ ᠮᠡᠳᠡᠵᠦ ᠡᠵᠡᠩᠨᠡᠬᠦ ᠳᠤ ᠬᠤᠯᠪᠣᠭᠳᠠᠭᠰᠠᠨ ᠵᠠᠰᠠᠭ ᠵᠠᠬᠢᠷᠭᠠᠨ ᠤ ᠵᠥᠪᠰᠢᠶᠡᠷᠡᠯ ᠤᠨ ᠬᠢᠨᠠᠨ ᠵᠥᠪᠰᠢᠶᠡᠷᠡᠬᠦ ᠵᠦᠢᠯᠡᠰ ᠢ ᠬᠠᠮᠤᠭ ᠤᠨ ᠶᠡᠭᠡ ᠬᠡᠪᠴᠢᠶ᠎ᠡ ᠪᠠᠷ ᠬᠠᠰᠤᠨ᠎ᠠ᠃ ᠵᠠᠬ᠎ᠠ ᠳᠡᠯᠭᠡᠭᠦᠷ ᠤᠨ ᠭᠤᠣᠯ ᠴᠣᠭᠴᠠ ᠰᠠᠶᠢᠨ ᠳᠤᠷ᠎ᠠ ᠠᠴᠠ ᠪᠡᠯᠡ ᠣᠷᠣᠭᠤᠯᠵᠤ ᠡᠵᠡᠩᠨᠡᠬᠦ ᠪᠠ ᠢᠷᠭᠡᠨ ᠤ ᠬᠡᠷᠡᠭ ᠤᠨ ᠠᠵᠢᠯᠯᠠᠭ᠎ᠠ ᠨᠢ ᠬᠠᠤᠯᠢ ᠴᠠᠭᠠᠵᠠ ᠬᠠᠤᠯᠢ ᠲᠣᠭᠲᠠᠭᠠᠯ ᠳᠤ ᠴᠠᠭᠠᠵᠠᠯᠠᠭᠰᠠᠨ ᠬᠦᠷᠢᠶᠡᠨ ᠳᠤ ᠪᠠᠭᠲᠠᠬᠤ ᠦᠬᠡᠢ᠂ ᠤᠯᠤᠰ ᠣᠷᠣᠨ ᠤ ᠠᠮᠤᠷ ᠲᠦᠪᠰᠢᠨ᠂ ᠨᠡᠶᠢᠭᠡᠮ ᠤᠯᠠᠨ ᠨᠡᠶᠢᠲᠡ ᠶᠢᠨ ᠠᠰᠢᠭ ᠲᠤᠰᠠ ᠪᠣᠯᠤᠨ ᠭᠤᠷᠪᠠᠳᠠᠬᠢ ᠡᠲᠡᠭᠡᠳ ᠤᠨ ᠬᠠᠤᠯᠢ ᠶᠣᠰᠣᠨ ᠤ ᠡᠷᠬᠡ ᠠᠰᠢᠭ ᠲᠤ ᠬᠤᠣᠷ ᠬᠥᠨᠥᠭᠡᠯ ᠤᠴᠠᠷᠠᠭᠤᠯᠬᠤ ᠦᠭᠡᠢ ᠪᠣᠯ ᠤᠷᠤᠯᠴᠠᠬᠤ ᠶᠢ ᠬᠢᠵᠠᠭᠠᠷᠯᠠᠵᠤ ᠪᠣᠯᠬᠤ ᠦᠭᠡᠢ᠃ ᠦᠢᠯᠡᠳᠪᠦᠷᠢ ᠬᠤᠳᠠᠯᠳᠤᠭᠠᠨ ᠤ ᠳᠠᠩᠰᠠᠯᠠᠯᠲᠠ᠂ ᠡᠳ᠋ ᠤᠨ ᠵᠠᠰᠠᠭ ᠭᠠᠶᠢᠯᠢ ᠶᠢᠨ ᠶᠠᠪᠤᠳᠠᠯ ᠤᠨ ᠬᠠᠮᠢᠶᠠᠷᠤᠯᠲᠠ᠂ ᠭᠠᠵᠠᠷ ᠰᠢᠷᠤᠢ ᠶᠢᠨ ᠬᠠᠮᠢᠶᠠᠷᠤᠯᠲᠠ᠂ ᠮᠥᠩᠭᠦᠨ ᠭᠦᠢᠯᠭᠡᠭᠡᠨ ᠤ ᠦᠢᠯᠡᠴᠢᠯᠡᠭᠡ ᠵᠡᠷᠭᠡ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠬᠤᠯᠢᠮᠠᠭ ᠦᠮᠴᠢᠯᠡᠯ ᠤᠨ ᠳᠦᠷᠢᠮ ᠤᠨ ᠥᠭᠡᠷᠡᠴᠢᠯᠡᠯᠲᠡ ᠲᠠᠢ ᠬᠤᠯᠪᠣᠭᠳᠠᠬᠤ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠬᠥᠳᠡᠯᠮᠦᠷᠢ ᠶᠢᠨ ᠬᠠᠷᠢᠴᠠᠭ᠎ᠠ ᠶᠢ ᠲᠣᠬᠢᠷᠠᠭᠤᠯᠬᠤ᠂ ᠨᠡᠶᠢᠭᠡᠮ ᠤᠨ ᠳᠠᠭᠠᠳᠬᠠᠯ ᠤᠨ ᠬᠠᠷᠢᠴᠠᠭ᠎ᠠ ᠶᠢ ᠦᠷᠭᠦᠯᠵᠢᠯᠡᠭᠦᠯᠬᠦ ᠵᠡᠷᠭᠡ ᠠᠰᠠᠭᠤᠳᠠᠯ ᠢ ᠬᠠᠤᠯᠢ ᠶᠣᠰᠣᠭᠠᠷ ᠲᠣᠬᠢᠲᠠᠶ ᠰᠢᠢᠳᠪᠦᠷᠢᠯᠡᠵᠦ᠂ ᠠᠵᠢᠯᠲᠠᠨ ᠠᠵᠢᠯᠴᠢᠨ ᠤ ᠡᠩᠨᠡᠭᠡ ᠶᠢᠨ ᠲᠣᠭᠲᠠᠭᠤᠨ ᠪᠠᠶᠢᠬᠤ ᠶᠢ ᠪᠠᠲᠤᠯᠠᠨ᠎ᠠ᠃ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠨᠡᠶᠢᠭᠡᠮ ᠤᠨ ᠦᠢᠯᠡᠰ ᠡᠷᠬᠢᠯᠡᠬᠦ ᠡᠭᠦᠷᠭᠡ ᠴᠢᠳᠠᠪᠤᠷᠢ ᠶᠢ ᠲᠦᠷᠭᠡᠪᠴᠢᠯᠡᠨ ᠰᠠᠯᠭᠠᠵᠤ᠂ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠲᠣᠬᠢᠲᠠᠶ ᠰᠢᠢᠳᠪᠦᠷᠢᠯᠡᠬᠦ ᠬᠡᠷᠡᠭᠲᠡᠢ᠃      ᠵᠢᠷᠭᠤᠭ᠎ᠠ  ᠂ ᠵᠣᠬᠢᠶᠠᠨ ᠪᠠᠶᠢᠭᠤᠯᠤᠨ ᠬᠡᠷᠡᠭᠵᠢᠭᠦᠯᠬᠦ ᠠᠵᠢᠯ ᠢ ᠰᠠᠶᠢᠲᠤᠷ ᠬᠢᠨ᠎ᠡ      ︵ᠠᠷᠪᠠ ᠶᠢᠰᠦ︶ ᠠᠵᠢᠯ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ᠎ᠠ᠃ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠬᠤᠯᠢᠮᠠᠭ ᠦᠮᠴᠢᠯᠡᠯ ᠤᠨ ᠳᠦᠷᠢᠮ ᠤᠨ ᠥᠭᠡᠷᠡᠴᠢᠯᠡᠯᠲᠡ ᠶᠢᠨ ᠬᠤᠯᠪᠣᠭᠳᠠᠬᠤ ᠬᠡᠪᠴᠢᠶ᠎ᠡ ᠨᠢ ᠥᠷᠭᠡᠨ᠂ ᠲᠥᠷᠥ ᠶᠢᠨ ᠪᠣᠳᠣᠯᠭ᠎ᠠ ᠶᠢᠨ ᠴᠢᠨᠠᠷ ᠢᠶᠠᠷ ᠴᠢᠩᠭ᠎ᠠ᠂ ᠨᠡᠶᠢᠭᠡᠮ ᠤᠨ ᠠᠩᠬᠠᠷᠤᠯ ᠢ ᠳᠡᠭᠡᠳᠦ ᠬᠡᠮᠵᠢᠶ᠎ᠡ ᠪᠠᠷ ᠲᠠᠲᠠᠳᠠᠭ᠃ ᠡᠯ᠎ᠡ ᠬᠤᠰᠢᠭᠤ ᠰᠢᠶᠠᠨ ᠲᠣᠭᠤᠷᠢᠭ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠵᠢᠴᠢ ᠬᠤᠲᠠ ᠶᠢᠨ ᠬᠤᠯᠪᠣᠭᠳᠠᠯ ᠪᠦᠬᠦᠢ ᠰᠠᠯᠠᠭ᠎ᠠ ᠮᠦᠴᠢᠷ ᠤᠳ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠨᠠᠷᠢᠨ ᠨᠢᠮᠪᠠᠶ ᠵᠣᠬᠢᠶᠠᠨ  ᠪᠠᠶᠢᠭᠤᠯᠤᠨ᠂  ᠵᠢᠷᠤᠮ ᠢ ᠴᠢᠩᠭ᠎ᠠ ᠰᠠᠬᠢᠵᠤ᠂ ᠬᠠᠷᠢᠭᠤᠴᠠᠯᠭ᠎ᠠ ᠪᠠᠨ ᠲᠣᠳᠣᠷᠬᠠᠶᠢᠯᠠᠬᠤ ᠬᠡᠷᠡᠭᠲᠡᠶ᠃ ᠡᠯ᠎ᠡ ᠬᠤᠰᠢᠭᠤ ᠰᠢᠶᠠᠨ ᠲᠣᠭᠤᠷᠢᠭ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠬᠠᠷᠢᠶᠠᠯᠠᠭᠳᠠᠬᠤ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠬᠤᠯᠢᠮᠠᠭ ᠥᠮᠴᠢᠯᠡᠯ ᠤᠨ ᠲᠦᠷᠢᠮ ᠤᠨ ᠥᠭᠡᠷᠡᠴᠢᠯᠡᠯᠲᠡ ᠶᠢ ᠬᠠᠷᠢᠭᠤᠴᠠᠵᠤ᠂ ᠣᠷᠣᠨ ᠪᠦᠰᠡ ᠶᠢᠨ ᠳᠣᠲᠣᠷᠠᠬᠢ ᠪᠤᠰᠤᠳ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢ ᠲᠠᠮᠵᠢᠨ ᠬᠠᠮᠵᠢᠯᠴᠠᠨ᠎ᠠ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠶᠡᠭᠡ ᠲᠠᠯ᠎ᠠ ᠶᠢᠨ ᠤᠬᠠᠮᠰᠠᠷ ᠪᠠ ᠬᠠᠷᠢᠭᠤᠴᠠᠯᠭᠠᠲᠤ ᠤᠬᠠᠮᠰᠠᠷ ᠢᠶᠠᠨ ᠴᠢᠩᠭᠠᠳᠬᠠᠨ᠂ ᠬᠠᠮᠵᠢᠯᠴᠠᠨ ᠵᠣᠬᠢᠴᠠᠯᠳᠤᠬᠤ ᠪᠠᠨ ᠴᠢᠩᠭᠠᠳᠬᠠᠵᠤ᠂ ᠬᠤᠳᠠ ᠶᠢᠨ ᠬᠠᠷᠢᠶ᠎ᠠ ᠠᠵᠤ ᠠᠬᠤᠶᠢᠯᠠᠯ  ᠪᠠ ᠬᠤᠰᠢᠭᠤ ᠰᠢᠶᠠᠨ ᠲᠣᠭᠤᠷᠢᠭ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠤᠭᠤᠷᠢᠭ ᠤᠨ ᠬᠠᠷᠢᠶ᠎ᠠ ᠠᠵᠤ ᠠᠬᠤᠶᠢᠯᠠᠯ ᠤᠨ ᠥᠭᠡᠷᠡᠴᠢᠯᠡᠯᠲᠡ ᠶᠢ ᠵᠣᠬᠢᠴᠠᠭᠤᠯᠤᠨ ᠵᠢᠯᠤᠭᠤᠳᠤᠨ᠎ᠠ᠃ ᠬᠤᠯᠢᠮᠠᠭ  ᠦᠮᠴᠢᠯᠡᠯ ᠤᠨ ᠳᠦᠷᠢᠮ ᠤᠨ ᠥᠭᠡᠷᠡᠴᠢᠯᠡᠯᠲᠡ ᠶᠢᠨ ᠶᠠᠪᠤᠴᠠ ᠳᠤᠮᠳᠠ ᠲᠤᠯᠭᠠᠷᠠᠭᠰᠠᠨ ᠠᠰᠠᠭᠤᠳᠠᠯ ᠳᠤ ᠴᠢᠭᠯᠡᠭᠦᠯᠦᠨ ᠬᠥᠭᠵᠢᠭᠦᠯᠦᠯᠲᠡ ᠥᠭᠡᠷᠡᠴᠢᠯᠡᠯᠲᠡ᠂ ᠠᠵᠤ ᠠᠬᠤᠶ ᠪᠠ ᠮᠡᠳᠡᠭᠡ ᠵᠠᠩᠭᠢᠴᠢᠯᠠᠯᠲᠠ᠂ ᠡᠳ᠋ ᠤᠨ ᠵᠠᠰᠠᠭ᠂ ᠦᠢᠯᠡᠳᠪᠦᠷᠢ ᠬᠤᠳᠠᠯᠳᠤᠭ᠎ᠠ᠂ ᠭᠠᠶᠢᠯᠢ᠂ ᠮᠥᠩᠭᠦᠨ ᠭᠦᠢᠯᠭᠡᠭᠡ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠵᠡᠷᠭᠡ ᠰᠠᠯᠠᠭ᠎ᠠ ᠮᠥᠴᠢᠷ ᠥᠪᠡᠷ ᠥᠪᠡᠷ ᠤᠨ ᠡᠭᠦᠷᠭᠡ ᠴᠢᠳᠠᠪᠤᠷᠢ ᠳᠤ ᠪᠠᠨ ᠤᠶᠠᠯᠳᠤᠭᠤᠯᠤᠨ᠂ ᠬᠤᠯᠪᠣᠭᠳᠠᠯ ᠪᠦᠬᠦᠢ ᠢᠵᠢ ᠪᠦᠷᠢᠳᠦᠭᠰᠡᠨ ᠲᠦᠷᠦ ᠶᠢᠨ ᠪᠤᠳᠤᠯᠭ᠎ᠠ ᠶᠢ ᠲᠣᠭᠲᠠᠭᠠᠨ᠂ ᠳᠡᠮᠵᠢᠨ ᠦᠢᠯᠡᠴᠢᠯᠡᠬᠦ ᠠᠵᠢᠯ ᠢ ᠰᠠᠶᠢᠲᠤᠷ ᠬᠢᠵᠦ᠂ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠥᠪᠡᠷ ᠤᠨ ᠦᠷᠳᠡᠭ ᠢ ᠦᠨᠡᠨᠬᠦ ᠪᠠᠭᠤᠷᠠᠭᠤᠯᠬᠤ ᠬᠡᠷᠡᠭᠲᠡᠢ᠃ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠡᠯ᠎ᠡ ᠱᠠᠲᠤᠨ ᠤ ᠪᠡᠯᠡ ᠭᠠᠷᠭᠠᠭᠴᠢ ᠶᠢᠨ ᠲᠤᠰᠢᠶᠠᠯ ᠬᠠᠷᠢᠭᠤᠴᠠᠯᠭ᠎ᠠ ᠶᠢ ᠭᠦᠢᠴᠡᠳᠬᠡᠬᠦ ᠪᠠᠶᠢᠭᠤᠯᠤᠮᠵᠢ ᠥᠭᠡᠷᠡᠴᠢᠯᠡᠯᠲᠡ ᠶᠢᠨ ᠠᠬᠢᠴᠠ ᠶᠢ ᠴᠠᠭ ᠲᠤᠬᠠᠶ ᠳᠤᠨᠢ ᠮᠦᠷᠳᠡᠵᠦ᠂ ᠥᠭᠡᠷᠡᠴᠢᠯᠡᠯᠲᠡ ᠶᠢ ᠵᠤᠬᠢᠴᠠᠭᠤᠯᠬᠤ ᠶᠢ ᠴᠢᠩᠭᠠᠳᠬᠠᠵᠤ᠂ ᠥᠭᠡᠷᠡᠴᠢᠯᠡᠯᠲᠡ ᠶᠢᠨ ᠦᠷ᠎ᠡ ᠪᠦᠲᠦᠮᠵᠢ ᠶᠢ ᠦᠨᠡᠯᠡᠨ ᠵᠢᠱᠢᠵᠦ᠂ ᠥᠭᠡᠷᠡᠴᠢᠯᠡᠯᠲᠡ ᠶᠢᠨ ᠲᠤᠷᠰᠢᠯᠭ᠎ᠠ ᠶᠢ ᠳᠡᠯᠭᠡᠷᠡᠭᠦᠯᠦᠨ᠂ ᠴᠢᠬᠤᠯᠠ ᠶᠡᠭᠡ ᠠᠰᠠᠭᠤᠳᠠᠯ ᠢ ᠴᠠᠭ ᠲᠤᠬᠠᠶ ᠳᠤᠨᠢ ᠠᠳᠠᠯᠢ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠬᠦ ᠬᠡᠷᠡᠭᠲᠡᠢ᠃ ᠡᠯ᠎ᠡ ᠱᠠᠲᠤᠨ ᠤ ᠦᠢᠯᠡᠳᠪᠦᠷᠢ ᠬᠤᠳᠠᠯᠳᠤᠭ᠎ᠠ ᠶᠢᠨ ᠬᠤᠯᠪᠣᠭ᠎ᠠ ᠨᠡᠶᠢᠲᠡ ᠶᠢᠨ ᠦᠮᠴᠢᠯᠡᠯᠲᠦ ᠪᠤᠰᠤ ᠠᠵᠤ ᠠᠬᠤᠶᠢᠯᠠᠯ  ᠲᠠᠢ ᠥᠷᠭᠡᠨ ᠢᠶᠠᠷ ᠬᠠᠷᠢᠯᠴᠠᠬᠤ ᠵᠣᠬᠢᠶᠠᠨ ᠪᠠᠶᠢᠭᠤᠯᠤᠯᠲᠠ ᠶᠢᠨ ᠳᠠᠪᠠᠭᠤᠯᠢᠭ ᠲᠠᠯ᠎ᠠ ᠪᠠᠨ ᠭᠦᠢᠴᠡᠳ ᠪᠠᠳᠠᠷᠠᠭᠤᠯᠤᠨ᠂ ᠵᠠᠰᠠᠭ ᠪᠠ ᠠᠵᠤ ᠠᠬᠤᠶᠢᠯᠠᠯ ᠶᠢ ᠣᠯᠣᠯᠴᠠᠭᠤᠯᠬᠤ᠂ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ᠂ ᠰᠢᠢᠳᠪᠦᠷᠢᠲᠦ ᠪᠤᠳᠤᠯᠭ᠎ᠠ ᠶᠢᠨ ᠵᠥᠪᠯᠡᠯᠭᠡ ᠥᠭᠬᠦ᠂ ᠲᠦᠷᠦ ᠶᠢᠨ ᠪᠤᠳᠤᠯᠭ᠎ᠠ ᠶᠢᠨ ᠦᠨᠡᠯᠡᠯᠲᠡ ᠬᠢᠬᠦ᠂ ᠨᠡᠶᠢᠲᠡᠯᠢᠭ ᠵᠢᠱᠢᠶ᠎ᠡ ᠶᠢᠨ ᠤᠬᠠᠭᠤᠯᠭ᠎ᠠ ᠬᠢᠬᠦ ᠵᠡᠷᠭᠡ ᠠᠵᠢᠯ ᠢ ᠰᠠᠶᠢᠳᠤᠷ ᠬᠢᠬᠦ ᠬᠡᠷᠡᠭᠲᠡᠢ᠃       ︵ᠬᠤᠷᠢ︶ ᠬᠢᠨᠠᠯᠲᠠ ᠬᠠᠮᠢᠶᠠᠷᠤᠯᠲᠠ ᠪᠠᠨ ᠦᠨᠡᠨᠬᠦ ᠴᠢᠩᠭᠠᠳᠬᠠᠨ᠎ᠠ᠃ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠯᠤᠰ ‍ᠤᠨ‌ᠦᠮᠴᠢᠯᠡᠯᠲᠦ ᠠᠵᠤ ᠠᠬᠤᠶᠢᠯᠠᠯ ᠤᠨ ᠬᠤᠯᠢᠮᠠᠭ ᠥᠮᠴᠢᠯᠡᠯ ᠤᠨ ᠳᠦᠷᠢᠮ ᠤᠨ ᠥᠭᠡᠷᠡᠴᠢᠯᠡᠯᠲᠡ ᠳᠤ ᠬᠢ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠤᠯᠤᠰ ᠤᠨ ᠦᠮᠴᠢᠯᠡᠯᠲᠦ ᠥᠮᠴᠢᠯᠡᠬᠦ ᠡᠷᠬᠡ ᠶᠢᠨ ᠠᠷᠠᠯᠵᠢᠶᠠᠯᠠᠬᠤ ᠳᠦᠷᠢᠮ ᠪᠠ ᠬᠢᠨᠠᠨ ᠬᠠᠮᠢᠶᠠᠷᠬᠤ ᠪᠠᠶᠢᠭᠤᠯᠤᠯ ᠢ ᠲᠡᠭᠦᠯᠳᠡᠷᠵᠢᠭᠦᠯᠬᠦ ᠬᠡᠷᠡᠭᠲᠡᠢ᠃ ᠪᠡᠯᠡ ᠭᠠᠷᠭᠠᠭᠴᠢ ᠶᠢᠨ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠬᠦ ᠪᠠᠶᠢᠭᠤᠯᠤᠮᠵᠢ ᠥᠭᠡᠷᠡᠴᠢᠯᠡᠯᠲᠡ ᠶᠢᠨ ᠳᠤᠮᠳᠠ ᠭᠠᠷᠤᠭᠰᠠᠨ ᠬᠠᠤᠯᠢ ᠶᠢ ᠵᠥᠷᠢᠴᠡᠨ ᠰᠢᠯᠵᠢᠭᠦᠯᠦᠨ ᠥᠭᠬᠦ ᠪᠠ ᠤᠯᠤᠰ ᠤᠨ ᠦᠮᠴᠢᠯᠡᠯᠲᠦ ᠬᠦᠷᠦᠩᠭᠡ ᠶᠢ ᠱᠠᠮᠰᠢᠬᠤ᠂ ᠨᠡᠶᠢᠲᠡ ᠶᠢᠨ ᠬᠢ ᠶᠢ ᠬᠤᠪᠢᠨ ᠤ ᠪᠠᠨ ᠪᠣᠯᠭᠠᠬᠤ᠂ ᠠᠰᠢᠭ ᠳᠠᠮᠵᠢᠭᠤᠯᠤᠨ ᠬᠦᠷᠭᠡᠬᠦ᠂ ᠳᠠᠯᠳᠠᠭᠤᠷ ᠰᠢᠢᠳᠬᠦ᠂ ᠥᠷᠢ ᠠᠴᠠ ᠵᠠᠶᠢᠯᠠᠬᠤ ᠵᠡᠷᠭᠡ ᠠᠵᠢᠯᠯᠠᠭ᠎ᠠ ᠶᠢ ᠬᠠᠤᠯᠢ ᠶᠣᠰᠣᠭᠠᠷ ᠴᠢᠩᠭ᠎ᠠ ᠰᠢᠢᠳᠪᠦᠷᠢᠯᠡᠬᠦ ᠬᠡᠷᠡᠭᠲᠡᠢ᠃ ᠬᠢᠨᠠᠨ ᠪᠤᠳᠤᠬᠤ ᠰᠠᠯᠠᠭ᠎ᠠ ᠮᠥᠴᠢᠷ ᠬᠠᠤᠯᠢ ᠶᠣᠰᠣᠭᠠᠷ ᠬᠢᠨᠠᠨ ᠪᠤᠳᠤᠵᠤ ᠬᠢᠨᠠᠯᠲᠠ ᠲᠠᠯᠪᠢᠬᠤ ᠡᠭᠦᠷᠭᠡ ᠴᠢᠳᠠᠪᠤᠷᠢ ᠪᠠᠨ ᠭᠦᠢᠴᠡᠳᠭᠡᠵᠦ᠂ ᠪᠠᠶᠢᠭᠤᠯᠤᠯ ᠢᠶᠠᠨ ᠦᠭᠡᠷᠡᠴᠢᠯᠡᠭᠰᠡᠨ ᠤᠤᠯ ᠤᠨ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠶᠢᠨ ᠲᠤᠰᠢᠶᠠᠯ ᠠᠴᠠ ᠪᠠᠨ ᠰᠠᠯᠬᠤ ᠬᠢᠨᠠᠨ ᠪᠤᠳᠤᠯᠳᠠ ᠶᠢ ᠴᠢᠩᠭᠠᠳᠬᠠᠨ᠎ᠠ᠃ ᠭᠤᠷᠪᠠᠳᠤᠭᠠᠷ ᠡᠲᠡᠭᠡᠳ ᠤᠨ ᠪᠠᠶᠢᠭᠤᠯᠤᠮᠵᠢ ᠶᠢᠨ ᠡᠳ᠋ ᠬᠦᠷᠦᠩᠬᠡ ᠪᠠᠨ ᠪᠠᠶᠢᠴᠠᠭᠠᠨ ᠬᠠᠷᠭᠤᠭᠤᠯᠬᠤ᠂ ᠡᠳ᠋ ᠤᠨ ᠶᠠᠪᠤᠳᠠᠯ ᠤᠨ ᠬᠢᠨᠠᠨ ᠪᠤᠳᠤᠯᠳᠠ᠂ ᠬᠦᠷᠦᠩᠭᠡ ᠬᠤᠭᠰᠢᠯ ᠤᠨ ᠦᠨ᠎ᠡ ᠲᠣᠭᠲᠠᠭᠠᠬᠤ᠂ ᠰᠲ᠋ᠣᠺ ᠤᠨ ᠡᠷᠬᠡ ᠶᠢᠨ ᠨᠠᠶᠢᠳᠠᠨ ᠬᠠᠮᠢᠶᠠᠷᠤᠭᠤᠯᠬᠤ ᠵᠡᠷᠭᠡ ᠲᠠᠯ᠎ᠠ ᠪᠠᠷ ᠬᠢ ᠦᠢᠯᠡᠳᠦᠯ ᠢ  ᠭᠦᠢᠴᠡᠳ ᠪᠠᠳᠠᠷᠠᠭᠤᠯᠤᠨ᠎ᠠ᠃ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠳᠣᠲᠣᠭᠠᠳᠤ ᠶᠢᠨ ᠬᠢᠨᠠᠯᠲᠠ ᠲᠠᠯᠪᠢᠬᠤ ᠶᠢ ᠴᠢᠩᠭᠠᠳᠬᠠᠨ᠎ᠠ᠃ ᠮᠡᠳᠡᠭᠡ ᠵᠠᠩᠭᠢ ᠶᠢ ᠢᠯᠡ ᠪᠣᠯᠭᠠᠬᠤ ᠶᠢ ᠤᠯᠠᠮ ᠨᠢᠭᠡ ᠠᠯᠬᠤᠮ ᠰᠠᠶᠢᠲᠤᠷ ᠬᠢᠵᠦ᠂ ᠤᠬᠠᠮᠰᠠᠷ ᠠᠴᠠ ᠪᠠᠨ ᠨᠡᠶᠢᠭᠡᠮ ᠤᠨ ᠬᠢᠨᠠᠯᠲᠠ ᠶᠢ ᠬᠦᠯᠢᠶᠡᠨ ᠠᠪᠤᠨ᠎ᠠ᠃      ︵ᠬᠤᠷᠢᠨ ᠨᠢᠭᠡ︶ ᠠᠳᠠᠯᠢ ᠪᠤᠰᠤ ᠬᠦᠷᠢᠶ᠎ᠡ ᠶᠢᠨ ᠬᠤᠯᠢᠮᠠᠭ ᠦᠮᠴᠢᠯᠡᠯᠲᠦ ᠳᠦᠷᠢᠮ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠢ ᠦᠷᠨᠢᠭᠦᠯᠦᠨ᠎ᠡ᠃ ᠡᠯ᠎ᠡ ᠱᠠᠲᠤᠨ ᠤ ᠪᠡᠯᠡ ᠭᠠᠷᠭᠠᠭᠴᠢ ᠶᠢᠨ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠬᠦ ᠪᠠᠶᠢᠭᠤᠯᠤᠮᠵᠢ ᠠᠵᠤ ᠠᠬᠤᠶᠢᠯᠠᠯ ᠤᠨ ᠪᠣᠳᠠᠲᠤ ᠪᠠᠶᠢᠳᠠᠯ ᠢ ᠦᠨᠳᠦᠰᠦᠯᠡᠨ᠂ ᠬᠠᠮᠤᠭ ᠤᠨ ᠲᠡᠷᠢᠭᠦᠨ ᠳᠤ ᠬᠤᠳᠠᠯᠳᠤᠭᠠᠨ ᠤ ᠥᠷᠢᠰᠥᠯᠳᠦᠬᠦ ᠲᠦᠷᠦᠯ ᠤᠨ ᠠᠵᠤ ᠠᠬᠤᠶᠢᠯᠠᠯ  ᠳᠤ ᠲᠤᠷᠰᠢᠯᠲᠠ ᠶᠢᠨ ᠴᠡᠭ ᠥᠷᠨᠢᠭᠦᠯᠵᠦ᠂ ᠬᠠᠭᠤᠯᠪᠤᠷᠢᠯᠠᠨ ᠳᠡᠯᠭᠡᠷᠡᠭᠦᠯᠵᠦ ᠪᠣᠯᠬᠤ ᠬᠡᠪ ᠵᠠᠭᠪᠤᠷ ᠪᠠ ᠲᠤᠷᠰᠢᠯᠭ᠎ᠠ ᠶᠢ ᠲᠦᠷᠭᠡᠪᠴᠢᠯᠡᠨ ᠪᠣᠢ ᠪᠣᠯᠭᠠᠨ᠎ᠠ᠃ ᠡᠯ᠎ᠡ ᠱᠠᠲᠤᠨ ᠤ ᠤᠯᠤᠰ ᠤᠨ ᠦᠮᠴᠢᠯᠡᠯᠲᠦ ᠠᠵᠤ ᠠᠬᠤᠶᠢᠯᠠᠯ ᠪᠣᠳᠠᠲᠠᠢ ᠠᠴᠠ ᠡᠭᠦᠰᠴᠦ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠵᠦ᠂ ᠬᠡᠷᠡᠭᠴᠡᠭᠡ ᠶᠣᠰᠣᠭᠠᠷ ᠬᠤᠯᠢᠯᠳᠤᠬᠤ ᠶᠢ ᠪᠠᠷᠢᠮᠳᠠᠯᠠᠵᠤ᠂ ᠬᠤᠯᠢᠮᠠᠭ  ᠦᠮᠴᠢᠯᠡᠯᠲᠦ ᠠᠵᠤ ᠠᠬᠤᠶᠢᠯᠠᠯ ᠢ ᠬᠥᠭᠵᠢᠭᠦᠯᠬᠦ ᠲᠥᠯᠥᠪᠵᠢᠭᠦᠯᠭᠡ ᠶᠢ ᠨᠠᠷᠢᠨ ᠬᠢᠨᠠᠮᠠᠭᠠᠶ ᠰᠤᠳᠤᠯᠤᠨ ᠲᠣᠭᠲᠠᠭᠠᠵᠤ᠂ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠢᠶᠠᠷ ᠲᠤᠭᠲᠠᠭᠠᠭᠳᠠᠭᠰᠠᠨ ᠠᠵᠤ ᠠᠬᠤᠶᠢᠯᠠᠯ ᠥᠭᠡᠷᠡᠴᠢᠯᠡᠯᠲᠡ ᠶᠢᠨ ᠲᠥᠰᠥᠯ ᠢᠶᠠᠨ ᠲᠣᠭᠲᠠᠭᠠᠵᠤ᠂ ᠲᠤᠰ ᠠᠵᠤ ᠠᠬᠤᠶᠢᠯᠠᠯ ᠤᠨ ᠬᠤᠯᠢᠮᠠᠭ ᠦᠮᠴᠢᠯᠡᠯ ᠤᠨ ᠲᠦᠷᠢᠮ ᠤᠨ ᠥᠭᠡᠷᠡᠴᠢᠯᠡᠯᠲᠡ ᠶᠢ ᠢᠳᠡᠪᠬᠢᠲᠡᠶ ᠪᠥᠭᠡᠳ ᠯᠠᠪᠳᠠᠭᠤᠨ ᠢᠶᠠᠷ ᠲᠦᠯᠬᠢᠨ ᠠᠬᠢᠭᠤᠯᠵᠤ᠂ ᠬᠤᠯᠢᠮᠠᠭ ᠦᠮᠴᠢᠯᠡᠯᠲᠦ ᠠᠵᠤ ᠠᠬᠤᠶ ᠶᠢ ᠬᠥᠭᠵᠢᠭᠦᠯᠦᠨ᠎ᠡ᠃            ︵ᠬᠤᠷᠢᠨ ᠬᠤᠶᠠᠷ︶ ᠬᠤᠯᠢᠮᠠᠭ ᠦᠮᠴᠢᠯᠡᠯ ᠤᠨ ᠠᠵᠤ ᠠᠬᠤᠶᠢᠯᠠᠯ ᠤᠨ ᠨᠠᠮ ᠤᠨ ᠪᠠᠶᠢᠭᠤᠯᠤᠯᠲᠠ ᠶᠢᠨ ᠠᠵᠢᠯ ᠢ ᠰᠠᠶᠢᠲᠤᠷ ᠬᠢᠨ᠎ᠡ᠃ ᠨᠠᠮ ᠤᠨ ᠪᠠᠶᠢᠭᠤᠯᠤᠯᠲᠠ ᠬᠢᠭᠡᠳ ᠠᠵᠤ ᠠᠬᠤᠶᠢᠯᠠᠯ ᠤᠨ ᠥᠭᠡᠷᠡᠴᠢᠯᠡᠯᠲᠡ ᠶᠢ ᠬᠠᠮᠲᠤᠪᠠᠷ ᠰᠦᠪᠡᠭᠴᠢᠯᠡᠵᠦ᠂ ᠵᠡᠷᠭᠡᠪᠡᠷ ᠦᠷᠨᠢᠭᠦᠯᠬᠦ ᠶᠢ ᠪᠠᠷᠢᠮᠲᠠᠯᠠᠵᠤ᠂ ᠠᠵᠤ ᠠᠬᠤᠶᠢᠯᠠᠯ ᠤᠨ ᠵᠣᠬᠢᠶᠠᠨ ᠪᠠᠶᠢᠭᠤᠯᠤᠯᠲᠠ ᠶᠢᠨ ᠬᠡᠯᠪᠡᠷᠢ ᠶᠢᠨ ᠬᠤᠪᠢᠷᠠᠯᠲᠠ ᠶᠢ ᠦᠨᠳᠦᠰᠦᠯᠡᠨ᠂ ᠨᠠᠮ ᠤᠨ ᠵᠣᠬᠢᠶᠠᠨ ᠪᠠᠶᠢᠭᠤᠯᠤᠯᠲᠠ ᠶᠢ ᠢᠵᠢᠯ ᠠᠯᠬᠤᠮ ᠢᠶᠠᠷ ᠪᠠᠶᠢᠷᠢᠯᠠᠭᠤᠯᠬᠤ ᠪᠤᠶᠤ ᠲᠣᠬᠢᠷᠠᠭᠤᠯᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠷᠢᠶᠠᠯᠠᠭᠳᠠᠬᠤ ᠬᠠᠷᠢᠴᠠᠭ᠎ᠠ ᠶᠢ ᠡᠮᠬᠢ ᠴᠡᠭᠴᠡᠲᠡᠶ ᠪᠣᠯᠭᠠᠵᠤ᠂ ᠢᠵᠢᠯ ᠠᠯᠬᠤᠮ ᠢᠶᠠᠷ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠢ ᠰᠣᠩᠭᠤᠨ ᠲᠣᠬᠢᠷᠠᠭᠤᠯᠵᠤ᠂ ᠨᠠᠮ ᠤᠨ ᠠᠵᠢᠯᠯᠠᠬᠤ ᠪᠠᠶᠢᠭᠤᠯᠤᠮᠵᠢ ᠶᠢ ᠲᠡᠭᠦᠯᠳᠡᠷᠵᠢᠭᠦᠯᠵᠦ᠂ ᠨᠠᠮ ᠤᠨ ᠠᠵᠢᠯ ᠤᠨ ᠬᠦᠴᠦᠲᠡᠶ ᠠᠵᠢᠯᠲᠠᠨ ᠤ ᠡᠩᠨᠡᠭᠡ ᠶᠢ ᠲᠣᠬᠢᠷᠠᠭᠤᠯᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠠᠵᠢᠯ ᠤᠨ ᠵᠠᠷᠤᠳᠠᠯ ᠢ ᠪᠠᠲᠤᠯᠠᠨ᠂ ᠨᠠᠮ ᠤᠨ ᠡᠯ᠎ᠡ ᠵᠦᠢᠯ ᠤᠨ ᠠᠵᠢᠯ ᠢ ᠪᠦᠲᠦᠮᠵᠢᠲᠡᠶ ᠥᠷᠨᠢᠭᠦᠯᠵᠦ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠦᠷᠦ ᠶᠢᠨ ᠭᠤᠣᠯᠯᠠᠭᠴᠢ ᠬᠦᠴᠦᠨ ᠤ ᠦᠢᠯᠡᠳᠦᠯ ᠪᠣᠯᠤᠨ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠢ ᠭᠦᠢᠴᠡᠳ ᠪᠠᠳᠠᠷᠠᠭᠤᠯᠤᠨ᠎ᠠ᠃        ᠪᠣᠳᠠᠲᠠᠢ ᠠᠴᠠ ᠡᠭᠦᠰᠴᠦ ᠬᠤᠯᠢᠮᠠᠭ ᠦᠮᠴᠢᠯᠡᠯ ᠤᠨ ᠳᠦᠷᠢᠮ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠬᠤ ᠶᠢ ᠵᠣᠷᠢᠭᠵᠢᠭᠤᠯᠤᠨ᠎ᠠ᠃ ᠡᠯ᠎ᠡ ᠬᠤᠰᠢᠭᠤ ᠰᠢᠶᠠᠨ ᠲᠣᠭᠤᠷᠢᠭ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠠᠳᠠᠯᠢ ᠪᠤᠰᠤ ᠪᠠᠶᠢᠳᠠᠯ ᠳᠤ ᠬᠠᠨᠳᠤᠭᠤᠯᠤᠨ᠂ ᠥᠭᠡᠷᠡᠴᠢᠯᠡᠯᠲᠡ ᠶᠢᠨ ᠲᠥᠰᠦᠯ ᠪᠠ ᠬᠤᠯᠪᠣᠭᠳᠠᠯ ᠪᠦᠬᠦᠢ ᠢᠵᠢ ᠪᠦᠷᠢᠳᠦᠭᠦᠯᠬᠦ ᠠᠷᠭ᠎ᠠ ᠬᠡᠮᠵᠢᠶ᠎ᠡ ᠶᠢ ᠲᠣᠭᠲᠠᠭᠠᠨ ᠲᠡᠭᠦᠯᠳᠡᠷᠵᠢᠭᠦᠯᠵᠦ᠂ ᠦᠭᠡᠷᠡᠴᠢᠯᠡᠯᠲᠡ ᠨᠢ ᠬᠠᠤᠯᠢ ᠳᠦᠷᠢᠮ ᠳᠤ ᠨᠡᠶᠢᠴᠡᠵᠦ᠂ ᠡᠮᠬᠢ ᠵᠢᠷᠤᠮ ᠲᠠᠢ ᠪᠠᠷ ᠲᠦᠯᠬᠢᠨ ᠠᠬᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃            ︵ᠬᠤᠷᠢᠨ ᠭᠤᠷᠪᠠ︶ ᠲᠤᠰ ᠬᠡᠷᠡᠭᠵᠢᠭᠦᠯᠬᠦ ᠰᠠᠨᠠᠯ ᠢ ᠨᠡᠶᠢᠲᠡᠯᠡᠭᠰᠡᠨ ᠤ 30 ᠡᠳᠦᠷ ᠤᠨ ᠳᠠᠷᠠᠭ᠎ᠠ ᠠᠴᠠ ᠡᠬᠢᠯᠡᠵᠦ ᠬᠡᠷᠡᠭᠵᠢᠭᠦᠯᠦᠨ᠎ᠡ  ᠂ ᠬᠦᠴᠦᠨ ᠲᠠᠢ ᠬᠤᠭᠤᠴᠠᠭ᠎ᠠ ᠨᠢ 5 ᠵᠢᠯ᠂ ᠵᠢᠷᠤᠮᠵᠢᠯᠠᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠨᠢᠭᠡᠳᠦᠯᠲᠠᠢ ᠳ᠋ᠤᠭᠠᠷ ᠨᠢ  ᠄ ZG_2018—12 ᠳ᠋ᠤᠭᠠᠷ᠃  
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ