7 ᠳ᠋ᠤᠭᠠᠷ ᠰᠠᠷ᠎ᠠ ᠶᠢᠨ 24 ᠤ ᠡᠳᠦᠷ ᠤᠨ ᠦᠳᠡ ᠶᠢᠨ ᠬᠤᠶᠢᠨ᠎ᠠ᠂ ᠰᠢᠶᠠᠨ ᠤ ᠨᠠᠮ ᠤᠨ ᠬᠤᠷᠢᠶ᠎ᠠ ᠶᠢᠨ | ᠳᠡᠳ᠋ ᠱᠦᠵᠢ᠂ ᠰᠢᠶᠠᠨ ᠤ ᠳᠠᠷᠤᠭ᠎ᠠ ᠴᠧᠨ ᠯᠢ ᠶᠢᠨ ᠨᠠᠮ ᠵᠠᠰᠠᠭ ᠤᠨ ᠠᠯᠪᠠᠨ ᠠᠰᠠᠷ ᠤᠨ401 ᠬᠤᠷᠠᠯ ᠤᠨ ᠭᠡᠷ | ᠲᠤ ᠪᠦᠬᠦ ᠰᠢᠶᠠᠨ ᠤ ᠬᠦᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ | ᠠᠵᠢᠯ ᠤᠨ ᠬᠤᠷᠠᠯ ᠢ ᠡᠷᠬᠢᠯᠡᠨ ᠬᠤᠷᠠᠯᠳᠣᠭᠤᠯᠵᠣ᠂ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ | ᠰᠢᠶᠠᠨ ᠤ ᠳᠡᠳ᠋ ᠳᠠᠷᠤᠭ᠎ᠠ ᠯᠢ ᠵᠧᠩ ᠾᠥᠩ᠂ ᠰᠢᠶᠠᠨ ᠤ ᠳᠡᠳ᠋ ᠳᠠᠷᠤᠭ᠎ᠠ ᠭᠦᠸᠧ ᠸᠧᠨ ᠵᠢᠶᠦ᠋ᠨ᠂ ᠲᠠᠷᠢᠶᠠᠯᠠᠩ | ᠮᠠᠯ ᠠᠵᠣ ᠠᠬᠤᠢ ᠶᠢᠨ ᠲᠣᠪᠴᠢᠶ᠎ᠠ᠂ ᠣᠷᠣᠨ ᠰᠠᠭᠤᠴᠠ ᠪᠦᠲᠦᠭᠡᠨ ᠪᠠᠶᠢᠭᠤᠯᠣᠯᠲᠠ ᠵᠡᠷᠭᠡ ᠬᠤᠯᠪᠣᠭᠳᠠᠯ ᠪᠦᠬᠦᠢ | ᠰᠠᠯᠠᠭ᠎ᠠ ᠮᠦᠴᠢᠷ ᠵᠢᠴᠢ 9 ᠰᠢᠶᠠᠩ ᠪᠠᠯᠭᠠᠰᠣ ︵ᠬᠦᠷᠢᠶᠡᠯᠡᠩ ᠲᠣᠭᠤᠷᠢᠭ︶ ᠤᠨ ᠬᠠᠷᠢᠭᠤᠴᠠᠯᠭᠠᠲᠠᠳ ᠬᠤᠷᠠᠯ ᠳᠤ | ᠣᠷᠣᠯᠴᠠᠪᠠ᠃ | ᠬᠤᠷᠠᠯ ᠳᠡᠭᠡᠷ᠎ᠡ᠂ ᠰᠢᠶᠠᠨ ᠤ ᠲᠠᠷᠢᠶᠠᠯᠠᠩ ᠮᠠᠯ ᠠᠵᠣ ᠠᠬᠤᠢ ᠶᠢᠨ ᠲᠣᠪᠴᠢᠶ᠎ᠠ ᠶᠢᠨ ᠬᠠᠷᠢᠭᠤᠴᠠᠯᠭᠠᠲᠠᠨ ︽ | ᠬᠤᠷᠢᠨᠭᠡᠷ ᠰᠢᠶᠠᠨ ᠤ ᠬᠦᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ | ᠭᠤᠷᠪᠠᠨ ᠵᠢᠯ ᠤᠨ ᠠᠵᠢᠯᠯᠠᠭᠠᠨ ᠤ ᠲᠥᠰᠥᠯ ︵2018 —2020︶ ︵ᠶᠠᠷᠢᠯᠴᠠᠬᠤ ᠨᠣᠣᠷᠠᠭ︶︾ ᠤᠨ ᠲᠣᠬᠠᠢ | ᠲᠠᠨᠢᠯᠴᠠᠭᠤᠯᠣᠨ ᠲᠣᠳᠣᠷᠬᠠᠶᠢᠯᠠᠯᠲᠠ ᠬᠢᠪᠡ᠃ ᠴᠧᠨ ᠯᠢ ᠶᠢᠨ᠂ ᠯᠢ ᠵᠧᠩ ᠾᠥᠩ᠂ ᠭᠦᠸᠧ ᠸᠧᠨ ᠵᠢᠶᠦ᠋ᠨ ᠡᠯ᠎ᠡ | ᠰᠠᠯᠠᠭ᠎ᠠ ᠮᠦᠴᠢᠷ ᠤᠨ ᠬᠤᠷᠠᠯ ᠳᠤ ᠣᠷᠣᠯᠴᠠᠭᠰᠠᠳ ᠲᠠᠢ ᠴᠢᠯᠦᠭᠡᠲᠡᠢ ᠪᠠᠷ ᠰᠠᠨᠠᠯ ᠢᠶᠠᠨ ᠰᠣᠯᠢᠯᠴᠠᠨ ᠶᠠᠷᠢᠯᠴᠠᠭ᠎ᠠ | ᠬᠢᠵᠦ᠂ ᠲᠥᠰᠥᠯ ᠤᠨ ᠳᠣᠮᠳᠠᠬᠢ ᠬᠦᠳᠡᠭᠡ ᠲᠣᠰᠬᠤᠨ ᠤ ᠠᠮᠢᠳᠣᠷᠠᠯ ᠤᠨ ᠬᠤᠭ ᠨᠣᠪᠰᠢ ᠶᠢ ᠰᠢᠢᠳᠪᠦᠷᠢᠯᠡᠬᠦ᠂ | ᠠᠮᠢᠳᠣᠷᠠᠯ ᠤᠨ ᠪᠣᠬᠢᠷ ᠣᠰᠤ ᠶᠢ ᠰᠢᠢᠳᠪᠦᠷᠢᠯᠡᠬᠦ᠂ ᠵᠣᠷᠯᠣᠩ ᠢ ᠥᠭᠡᠷᠡᠴᠢᠯᠡᠬᠦ ᠪᠠ ᠵᠣᠷᠯᠣᠩ ᠤᠨ ᠪᠤᠬᠢᠷ ᠡᠳ᠋ ᠢ | ᠴᠡᠪᠡᠷᠯᠡᠨ ᠵᠠᠰᠠᠬᠤ᠂ ᠲᠠᠷᠢᠶᠠᠯᠠᠩ ᠮᠠᠯ ᠠᠵᠣ ᠠᠬᠤᠢ ᠶᠢᠨ ᠦᠢᠯᠡᠰ ᠤᠨ ᠬᠠᠶᠠᠭᠳᠠᠮᠠᠯ ᠵᠦᠢᠯᠡᠰ ᠢ ᠡᠬᠢ | ᠪᠠᠶᠠᠯᠢᠭᠵᠢᠭᠤᠯᠣᠨ ᠠᠰᠢᠭᠯᠠᠬᠤ ᠪᠠ ᠲᠣᠰᠬᠤᠨ ᠤ ᠳᠦᠷᠢ ᠳᠥᠷᠬᠦ ᠶᠢ ᠳᠡᠭᠡᠭᠰᠢᠯᠡᠭᠦᠯᠬᠦ᠂ ᠲᠣᠰᠬᠤᠨ ᠤ | ᠲᠦᠯᠦᠪᠵᠢᠭᠦᠯᠭᠡ ᠪᠣᠯᠣᠨ ᠬᠠᠮᠢᠶᠠᠷᠣᠯᠲᠠ ᠵᠡᠷᠭᠡ ᠵᠢᠷᠭᠤᠭᠠᠨ ᠲᠠᠯ᠎ᠠ ᠪᠠᠷ ᠬᠢ ᠡᠭᠦᠷᠭᠡ ᠶᠢᠨ ᠲᠣᠬᠠᠢ ᠵᠦᠢᠯ | ᠳᠠᠷᠠᠭᠠᠯᠠᠨ ᠶᠠᠷᠢᠯᠴᠠᠨ ᠰᠣᠳᠣᠯᠵᠣ᠂ ᠡᠳᠡᠭᠡᠷ ᠡᠭᠦᠷᠭᠡ ᠶᠢᠨ ᠪᠣᠳᠠᠲᠠᠢ ᠬᠠᠷᠠᠯᠲᠠ ᠪᠣᠯᠣᠨ ᠬᠠᠷᠢᠭᠤᠴᠠᠬᠤ ᠨᠢᠭᠡᠴᠡ | ᠵᠡᠷᠭᠡ ᠶᠢ ᠲᠣᠭᠲᠠᠭᠠᠭᠰᠠᠨ ᠪᠠᠶᠢᠨ᠎ᠠ᠃ | ᠴᠧᠨ ᠯᠢ ᠶᠢᠨ ᠴᠢᠩᠭᠠᠳᠬᠠᠭᠰᠠᠨ ᠨᠢ᠂ ᠳᠠᠷᠠᠭᠠᠴᠢ ᠶᠢᠨ ᠠᠯᠬᠤᠮ ᠳᠤ3 ᠲᠠᠯ᠎ᠠ ᠶᠢᠨ ᠠᠵᠢᠯ ᠢ ᠭᠤᠣᠯᠳᠠᠯᠭ᠎ᠠ | ᠲᠠᠢ ᠬᠢᠨ᠎ᠡ᠄ ᠨᠢᠭᠡ ᠳᠤ᠂ ᠲᠥᠰᠥᠯ ᠢᠶᠠᠨ ᠤᠯᠠᠮ ᠨᠢᠭᠡ ᠠᠯᠬᠤᠮ ᠨᠠᠷᠢᠯᠢᠭᠵᠢᠭᠤᠯᠣᠨ ᠲᠡᠭᠦᠯᠳᠡᠷᠵᠢᠭᠦᠯᠬᠦ ᠬᠡᠷᠡᠭᠲᠡᠢ᠃ | ᠡᠨᠡᠬᠦ ᠣᠳᠠᠭᠠᠨ ᠤ ᠶᠠᠷᠢᠯᠴᠠᠭ᠎ᠠ ᠪᠠᠷ ᠳᠠᠮᠵᠢᠵᠣ ᠲᠣᠭᠲᠠᠭᠠᠭᠰᠠᠨ ᠠᠭᠤᠯᠭ᠎ᠠ ᠲᠠᠢ ᠣᠶᠠᠯᠳᠣᠭᠤᠯᠵᠣ᠂ ᠪᠣᠰᠣᠳ | ᠭᠠᠵᠠᠷ ᠤᠨ ᠲᠡᠷᠢᠭᠦᠨ ᠤ ᠲᠣᠷᠰᠢᠯᠭ᠎ᠠ ᠬᠢᠳᠡᠯ ᠢ ᠯᠡᠪᠯᠡᠨ᠂ ᠠᠵᠢᠯᠯᠠᠭᠠᠨ ᠤ ᠲᠥᠰᠥᠯ ᠢᠶᠠᠨ ᠦᠷᠭᠦᠯᠵᠢᠯᠡᠨ | ᠲᠡᠭᠦᠯᠳᠡᠷᠵᠢᠭᠦᠯᠦᠨ᠎ᠡ︔ ᠬᠤᠶᠠᠷ ᠲᠤ᠂ ᠲᠣᠰᠬᠤᠨ ᠤ ᠬᠡᠷᠡᠭᠯᠡᠭᠡᠨ ᠤ ᠴᠢᠨᠠᠷᠲᠠᠢ ᠲᠦᠯᠦᠪᠵᠢᠭᠦᠯᠭᠡ ᠶᠢ ᠲᠦᠷᠭᠡᠳᠬᠡᠨ | ᠨᠠᠶᠢᠷᠠᠭᠤᠯᠬᠤ ᠬᠡᠷᠡᠭᠲᠡᠢ᠃ ᠡᠯ᠎ᠡ ᠰᠢᠶᠠᠩ ᠪᠠᠯᠭᠠᠰᠣ ᠴᠠᠭ ᠢ ᠠᠮᠵᠢᠨ ᠲᠦᠯᠦᠪᠵᠢᠭᠦᠯᠦᠨ ᠨᠠᠶᠢᠷᠠᠭᠤᠯᠬᠤ ᠺᠤᠮᠫᠠᠨᠢ ᠲᠠᠢ | ᠬᠠᠷᠢᠯᠴᠠᠵᠣ᠂ 2018 ᠣᠨ ᠤ ᠬᠦᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ | ᠵᠠᠰᠠᠬᠤ ᠲᠣᠷᠰᠢᠯᠲᠠ ᠶᠢᠨ ᠴᠢᠭ᠋ ᠤᠨ ᠲᠣᠰᠬᠤᠨ ᠤ ᠬᠡᠷᠡᠭᠵᠢᠭᠦᠯᠦᠯᠲᠡ ᠶᠢᠨ ᠲᠦᠯᠦᠪᠵᠢᠭᠦᠯᠭᠡ ᠶᠢ ᠠᠯᠢ | ᠬᠤᠷᠳᠣᠨ ᠢᠶᠠᠷ ᠨᠠᠶᠢᠷᠠᠭᠤᠯᠣᠨ ᠲᠣᠭᠲᠠᠭᠠᠵᠣ᠂ ᠬᠡᠷᠡᠭᠵᠢᠭᠦᠯᠵᠦ ᠪᠣᠯᠬᠤᠶᠢᠴᠠ ᠴᠢᠨᠠᠷ ᠢᠶᠠᠷ ᠴᠢᠩᠭ᠎ᠠ ᠪᠦᠬᠦᠶᠢᠯᠡ | ᠲᠣᠰᠬᠤᠨ ᠤ ᠲᠦᠯᠦᠪᠵᠢᠭᠦᠯᠭᠡ ᠶᠢ ᠡᠷᠲᠡᠬᠡᠨ ᠲᠣᠭᠲᠠᠭᠠᠬᠤ ᠬᠡᠷᠡᠭᠲᠡᠢ︔ ᠭᠤᠷᠪᠠ ᠳᠤ᠂ ᠲᠦᠪᠯᠡᠷᠡᠭᠦᠯᠦᠨ ᠵᠠᠰᠠᠬᠤ | ᠲᠣᠰᠬᠠᠢ ᠠᠵᠢᠯᠯᠠᠭ᠎ᠠ ᠶᠢ ᠳᠠᠷᠣᠶᠢᠬᠠᠨ ᠥᠷᠨᠢᠭᠦᠯᠬᠦ ᠬᠡᠷᠡᠭᠲᠡᠢ᠃ ᠡᠯ᠎ᠡ ᠰᠢᠶᠠᠩ ᠪᠠᠯᠭᠠᠰᠣ ︵ᠬᠦᠷᠢᠶᠡᠯᠡᠩ ᠲᠣᠭᠤᠷᠢᠭ︶ | ᠵᠠᠪᠠᠯ ᠣᠳᠣᠬᠠᠨ ᠢᠶᠠᠷ ᠬᠦᠳᠡᠯᠦᠯᠴᠡᠵᠦ᠂ ᠭᠡᠷ ᠪᠠᠶᠢᠰᠢᠩ᠂ ᠭᠠᠵᠠᠷ ᠲᠠᠷᠢᠶ᠎ᠠ ᠵᠡᠷᠭᠡ ᠭᠤᠣᠯᠳᠠᠯᠭ᠎ᠠ ᠲᠠᠢ ᠭᠠᠵᠠᠷ ᠤᠨ | ᠲᠣᠭᠤᠷᠢᠨ ᠳᠤ ᠬᠦᠴᠦ ᠪᠠᠨ ᠲᠦᠪᠯᠡᠷᠡᠭᠦᠯᠦᠨ᠂ ᠳᠣᠷ᠎ᠠ ᠪᠠᠷ ᠣᠪᠣᠭᠠᠯᠠᠨ ᠲᠠᠯᠪᠢᠭᠰᠠᠨ ᠰᠢᠷᠣᠢ ᠶᠢᠨ ᠣᠪᠣᠭ᠎ᠠ᠂ | ᠡᠯᠡᠰᠦᠨ ᠣᠪᠣᠭ᠎ᠠ᠂ ᠡᠰᠢ ᠰᠦᠷᠡᠯ᠂ ᠭᠠᠳᠠᠭᠰᠢᠯᠠᠭᠤᠯᠣᠭᠰᠠᠨ ᠡᠳ᠋ ᠤᠨ ᠣᠪᠣᠭ᠎ᠠ᠂ ᠪᠠᠷᠢᠯᠭ᠎ᠠ ᠶᠢᠨ ᠬᠤᠭ ᠨᠣᠪᠰᠢ | ᠵᠡᠷᠭᠡ ᠬᠠᠲᠠᠭᠤ ᠬᠠᠶᠠᠭᠳᠠᠮᠠᠯ ᠬᠤᠭ ᠨᠣᠪᠰᠢ ᠳᠤ ᠨᠢᠭᠡ ᠣᠳᠠᠭᠠᠨ ᠤ ᠪᠦᠬᠦ ᠲᠠᠯ᠎ᠠ ᠶᠢᠨ ᠴᠢᠨᠠᠷᠲᠠᠢ ᠴᠡᠪᠡᠷᠯᠡᠭᠡ ᠬᠢᠵᠦ | ᠂ ᠬᠦᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠶᠢ ᠪᠦᠬᠦ | ᠬᠦᠴᠦᠨ ᠢᠶᠠᠷ ᠠᠬᠢᠭᠤᠯᠬᠤ ᠳᠤ ᠰᠠᠶᠢᠨ ᠡᠬᠢᠯᠡᠯᠲᠡ ᠶᠢ ᠲᠠᠯᠪᠢᠵᠤ᠂ ᠳᠠᠷᠠᠭᠠᠴᠢ ᠶᠢᠨ ᠠᠵᠢᠯ ᠢᠶᠠᠨ ᠰᠠᠶᠢᠲᠣᠷ | ᠪᠠᠶᠢᠷᠢᠯᠠᠭᠤᠯᠬᠤ ᠳᠤ ᠰᠠᠭᠤᠷᠢ ᠲᠠᠯᠪᠢᠬᠤ ᠬᠡᠷᠡᠭᠲᠡᠢ ᠭᠡᠵᠡᠢ᠃ |