| | | 7 ᠰᠠᠷ᠎ᠠ ᠶᠢᠨ 25 ᠤ ᠡᠳᠦᠷ᠂ ᠶᠣᠰᠣ ᠰᠤᠷᠲᠠᠬᠤᠨ ᠤ ᠵᠢᠱᠢᠶᠡᠴᠢ᠂ ︽ᠰᠠᠢᠨ ᠬᠥᠮᠦᠨ︾ ᠤ ᠲᠡᠷᠢᠭᠦᠨ ᠤ | ᠦᠢᠯᠡ ᠠᠵᠢᠯᠯᠠᠭ᠎ᠠ ᠪᠠ ᠡᠷᠬᠢᠮ ᠳᠡᠭᠡᠳᠦ ᠵᠠᠩ ᠮᠣᠷᠠᠯ ᠢ ᠥᠷᠭᠡᠨ ᠳᠡᠯᠭᠡᠷ ᠤᠬᠠᠭᠤᠯᠬᠤ ᠶᠢᠨ ᠲᠥᠯᠥᠭᠡ᠂ ᠢᠦᠶ | ᠴᠢᠤᠸᠠᠨ ᠲᠣᠭᠤᠷᠢᠭ ᠳᠡᠷᠭᠡᠳᠡᠬᠢ ᠰᠠᠶᠢᠨ ᠬᠦᠮᠦᠨ᠂ ᠡᠭᠡᠯ ᠬᠦᠮᠦᠨ ᠤ ᠰᠠᠶᠢᠨ ᠦᠢᠯᠡ ᠶᠠᠪᠤᠳᠠᠯ ᠢ ᠤᠬᠠᠭᠤᠯᠬᠤ | ᠪᠠ ᠲᠠᠨᠢᠯᠴᠠᠭᠤᠯᠬᠤ ᠶᠢ ᠢᠳᠡᠪᠬᠢᠲᠡᠢ ᠦᠷᠨᠢᠭᠦᠯᠵᠦ᠂ ᠭᠤᠣᠯᠯᠠᠬᠤ ᠤᠷᠤᠨ ᠪᠠᠶᠢᠷᠢ ᠶᠢ ᠰᠤᠩᠭᠤᠨ᠂ ᠨᠠᠷᠢᠨ ᠨᠢᠮᠪᠠᠶ | ᠴᠣᠭᠴᠠᠯᠠᠨ ᠪᠠᠶᠢᠭᠤᠯᠤᠭᠰᠠᠨ ᠴᠢᠩ ᠴᠢᠤᠸᠠᠨ ᠵᠡᠭᠡᠯᠢ ᠭᠤᠳᠤᠮᠵᠢ ᠶᠢᠨ ᠨᠡᠶᠢᠭᠡᠮ ᠲᠣᠭᠤᠷᠢᠭ᠂ ᠲᠦᠩ ᠱᠦᠨ | ᠶᠡᠭᠡ ᠭᠤᠳᠤᠮᠵᠢ ᠶᠢᠨ ︽ᠰᠠᠶᠢᠨ ᠬᠦᠮᠦᠨ ᠤ ᠦᠢᠯᠡ ᠠᠵᠢᠯᠯᠠᠭ᠎ᠠ ᠶᠢᠨ ᠤᠬᠠᠭᠤᠯᠭ᠎ᠠ ᠶᠢᠨ ᠵᠡᠭᠡᠯᠢ︾ ᠵᠢᠩᠬᠢᠨᠢ ᠪᠠᠷ | ᠪᠠᠶᠢᠭᠤᠯᠤᠭᠳᠠᠪᠠ᠃ ᠵᠢᠷᠤᠭ᠂ ᠪᠣᠳᠠᠲᠤ ᠪᠡᠶ᠎ᠡ᠂ ᠬᠦᠳᠡᠯᠦᠯᠴᠡᠬᠦ ᠵᠡᠷᠭᠡ ᠤᠯᠠᠨ ᠵᠦᠢᠯ ᠤᠨ ᠬᠡᠯᠪᠡᠷᠢ ᠪᠠᠷ | ᠳᠠᠮᠵᠢᠭᠤᠯᠤᠨ ᠲᠤᠰ ᠲᠣᠭᠤᠷᠢᠭ ᠤᠨ ᠡᠯ᠎ᠡ ᠠᠵᠢᠯ ᠲᠦᠷᠦᠯ ᠤᠨ ᠴᠣᠯᠭᠤᠷᠠᠨ ᠭᠠᠷᠤᠭᠰᠠᠨ ᠰᠠᠶᠢᠨ ᠬᠥᠮᠦᠨ ᠤ | ᠦᠢᠯᠡ ᠶᠠᠪᠤᠳᠠᠯ ᠪᠣᠯᠤᠨ ᠶᠣᠰᠣ ᠰᠤᠷᠲᠠᠬᠤᠨ ᠤ ᠵᠢᠱᠢᠶᠡᠴᠢ ᠶᠢ ᠰᠢᠭᠤᠳ ᠦᠵᠡᠭᠦᠯᠦᠨ᠂ ᠦᠯᠢᠭᠡᠷ ᠳᠠᠭᠤᠷᠢᠶᠠᠯ ᠤᠨ | ᠨᠦᠯᠦᠭᠡᠯᠡᠬᠦ ᠬᠦᠴᠦᠨ ᠢᠶᠠᠷ ᠪᠣᠯᠪᠠᠰᠤᠨ ᠰᠢᠨ᠎ᠡ ᠬᠡᠪ ᠰᠤᠷᠲᠠᠯ ᠢ ᠬᠥᠲᠥᠯᠥᠨ ᠳᠠᠭᠠᠭᠤᠯᠤᠨ᠎ᠠ᠃ |